ᠬᠤᠲᠠ ᠶᠢᠨ ᠵᠠᠰᠠᠭ ᠤᠨ ᠣᠷᠳᠣᠨ 2023 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/26
 12 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ  ᠶᠢᠨ ᠳᠠᠷᠤᠭ᠎ᠠ ᠯᠤᠸᠠᠨ ᠲᠢᠶᠠᠨ ᠮᠧᠩ 2023 ᠣᠨ ᠤ ᠬᠤᠲᠠ ᠶᠢᠨ ᠵᠠᠰᠠᠭ ᠤᠨ ᠣᠷᠳᠣᠨ ᠤ ᠶᠢᠰᠦᠳᠦᠭᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠳᠡᠭᠡᠳᠦ ᠱᠠᠲᠤᠨ ᠤ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠪᠣᠯᠣᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠤᠨ ᠲᠤᠬᠠᠢ ᠬᠤᠯᠪᠣᠭᠳᠠᠯ ᠪᠦᠬᠦᠢ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠠᠢ᠃ ︽ᠤᠯᠠᠭᠠᠨᠬᠠᠳᠠ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠵᠢᠯ ᠤᠨ ᠳᠦᠷᠢᠮ︾ ︽ᠤᠯᠠᠭᠠᠨᠬᠠᠳᠠ ᠬᠤᠲᠠ ᠶᠢᠨ ᠲᠣᠰ ᠱᠠᠲᠤᠨ ᠤ 2024 ᠣᠨ ᠤ ᠲᠥᠰᠥᠪ ᠤᠨ ᠲᠥᠰᠥᠯ︾ ︽  ᠭᠡᠷᠡᠯ ᠰᠠᠯᠬᠢᠨ ᠢᠶᠠᠷ ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ ᠲᠥᠷᠥᠯ ᠵᠦᠢᠯ ᠤᠨ ᠵᠢᠷᠤᠮᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ᠲᠠᠢ ᠨᠠᠨ ᠶᠡᠭᠡ ᠵᠡᠭᠡᠯᠢ ᠶᠢᠨ ᠵᠡᠭᠦᠨᠰᠢ ᠨᠡᠪᠲᠡᠷᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠥᠭᠡᠴᠡᠯᠡᠬᠦ ᠬᠥᠮᠥᠷᠭᠡ ᠪᠠ ᠣᠶ ᠰᠢᠭᠤᠢ ᠶᠢᠨ ᠭᠠᠯ ᠤᠨᠲᠠᠷᠠᠭᠠᠬᠤ ᠲᠡᠷᠭᠡᠨ ᠬᠥᠮᠥᠷᠭᠡ ᠶᠢᠨ ᠲᠣᠨᠤᠭ ᠲᠥᠬᠦᠭᠡᠷᠦᠮᠵᠢ ᠶᠢᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠂ ᠬᠡᠰᠡᠭ ᠳᠦᠷᠢᠮ ᠲᠣᠭᠲᠠᠭᠠᠯ ᠪᠠ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠵᠠᠰᠠᠪᠤᠷᠢ ᠣᠷᠣᠭᠤᠯᠬᠤ ᠪᠠ ᠬᠦᠴᠦᠨ ᠦᠭᠡᠢ ᠪᠣᠯᠭᠠᠬᠤ ᠵᠡᠷᠭᠡ ᠬᠠᠮᠢᠶ᠎ᠠ ᠪᠦᠬᠦᠢ ᠵᠦᠢᠯᠡᠰ ᠢ ᠰᠤᠳᠤᠯᠪᠠ᠃ ᠴᠣᠣᠶᠠᠩ ᠤᠨ ᠵᠢᠶᠠᠨ ᠫᠢᠩ ᠠᠴᠠ ᠤᠯᠠᠭᠠᠨᠬᠠᠳᠠ ᠬᠦᠷᠬᠦ ᠪᠠᠶᠢᠭᠠᠯᠢ ᠶᠢᠨ ᠰᠢᠲᠠᠮᠠᠬᠠᠢ ᠬᠡᠢ ᠶᠢᠨ ᠤᠷᠳᠤ ᠳᠠᠮᠵᠢᠭᠤᠯᠬᠤ ᠬᠤᠭᠤᠯᠠᠢ ᠶᠢᠨ ᠰᠢᠲᠠᠮᠠᠬᠠᠢ ᠬᠡᠢ ᠬᠠᠩᠭᠠᠭᠰᠠᠨ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠬᠤᠷᠠᠯ ᠠᠴᠠ᠂ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠳᠦᠷᠢᠮ ᠤᠨ ᠵᠢᠷᠤᠮᠵᠢᠯ ᠢᠶᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠠᠲᠠᠭᠤ ᠪᠤᠰᠤ᠂ ᠭᠤᠣᠯᠳᠠᠯᠭ᠎ᠠ ᠲᠠᠢ ᠪᠤᠰᠤ ᠵᠦᠢᠯᠡᠰ ᠤᠨ ᠵᠠᠷᠤᠯᠭ᠎ᠠ ᠪᠠ ᠡᠩ ᠤᠨ ᠴᠢᠨᠠᠷᠲᠠᠢ ᠵᠠᠷᠤᠯᠭ᠎ᠠ ᠶᠢ ᠶᠡᠭᠡ ᠪᠠᠷ ᠪᠠᠭᠠᠰᠬᠠᠨ᠂ ᠬᠠᠰᠤᠬᠤ ᠶᠣᠰᠣᠲᠠᠢ ᠶᠢ ᠨᠢ ᠦᠨᠡᠨ ᠬᠦ ᠬᠠᠰᠤᠵᠤ᠂ ᠪᠠᠲᠤᠯᠠᠬᠤ ᠶᠣᠰᠣᠲᠠᠢ ᠶᠢ ᠨᠢ ᠦᠨᠡᠨ ᠬᠦ ᠪᠠᠲᠤᠯᠠᠵᠤ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠡ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠲᠦᠷᠭᠡᠳᠬᠡᠨ ᠠᠬᠢᠭᠤᠯᠵᠤ᠂ ᠲᠦᠷᠦᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠵᠤ᠂ ᠡᠷᠲᠡᠬᠡᠨ ᠪᠠᠷᠢᠯᠭ᠎ᠠ ᠳᠠᠭᠤᠰᠴᠤ ᠪᠡᠯᠡ ᠣᠷᠣᠭᠤᠯᠤᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ᠃ ᠮᠠᠨ ᠤ ᠬᠤᠲᠠ ᠶᠢᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠵᠢᠷᠤᠮᠵᠢᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠵᠤ ᠦᠢᠯᠡᠰ ᠤᠨ ᠪᠦᠲᠦᠴᠡ ᠶᠢ ᠳᠡᠰ ᠳᠡᠪᠰᠢᠭᠦᠯᠦᠨ ᠲᠣᠬᠢᠷᠠᠭᠤᠯᠬᠤ ᠶᠢ ᠲᠦᠷᠭᠡᠳᠬᠡᠵᠦ᠂ ᠠᠷᠢᠭᠤᠨ ᠴᠡᠪᠡᠷ ᠳᠣᠣᠷ᠎ᠠ ᠨᠡᠭᠦᠷᠡᠰᠦᠳᠦᠷᠦᠭᠴᠢᠲᠦ᠂ ᠠᠮᠤᠷ ᠲᠦᠪᠰᠢᠨ ᠥᠨᠳᠥᠷ ᠪᠦᠲᠦᠮᠵᠢᠲᠡᠶ ᠣᠳᠣ ᠦᠶ᠎ᠡ ᠶᠢᠨ ᠡᠨᠧᠷᠭᠢ  ᠶᠢᠨ ᠰᠤᠷᠪᠤᠯᠵᠢ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠬᠢᠨᠠᠨ ᠵᠥᠪᠯᠡᠪᠡ᠃   ᠬᠤᠷᠠᠯ ᠠᠴᠠ ᠡᠮᠦᠨ᠎ᠡ ᠪᠠᠰᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠪᠲᠠᠨ ᠶᠠᠷᠢᠯᠴᠠᠬᠤ ᠬᠠᠤᠯᠢ︾ ᠶᠢ ᠲᠥᠪᠯᠡᠷᠡᠭᠦᠯᠦᠨ ᠰᠤᠷᠤᠯᠴᠠᠪᠠ᠃    ᠬᠤᠲᠠ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠵᠠᠩ ᠵᠢᠢ ᠺᠠᠩ᠂ ᠯᠢ ᠵᠢᠩ ᠵᠢᠩ᠂ ᠶᠠᠩ ᠮᠦ᠂ ᠵᠣᠣ ᡁᠢ ᠭᠠᠩ᠂ ᠹᠦ᠋ ᠱᠧᠦ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠰᠢᠦᠢ ᠯᠢ ᠵᠢᠶᠦ᠋ᠨ ᠬᠤᠷᠠᠯ ᠳᠤ ᠣᠷᠣᠯᠴᠠᠪᠠ᠃  
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ