ᠪᠠᠭᠠᠷᠢᠨ ᠪᠠᠷᠠᠭᠤᠨ ᠬᠤᠰᠢᠭᠤ ︽ᠪᠥᠬᠦ ᠬᠡᠯᠬᠢᠶ᠎ᠡ︾᠎ ᠪᠠᠷ ︽ᠡᠳ᠋ ᠪᠣᠳᠠᠰ + ᠦᠢᠯᠡᠴᠢᠯᠡᠭᠡ︾᠎ ᠪᠠᠷ ᠠᠪᠤᠷᠠᠨ ᠲᠤᠰᠠᠯᠠᠵᠤ ᠬᠦᠴᠢᠷᠳᠡᠯᠲᠡᠶ ᠣᠯᠠᠨ ᠲᠦᠮᠡᠨ ᠢ ᠳᠤᠯᠠᠭᠠᠴᠠᠭᠤᠯᠪᠠ
ᠨᠡᠶᠢᠲᠡᠯᠡᠭᠰᠡᠨ ᠴᠠᠭ᠄
2023/12/29
      ᠨᠢᠭᠡ ᠳᠤ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ︽ᠪᠠᠯᠠᠶ ᠣᠷᠣᠨ︾ ᠦᠯᠡᠳᠡᠬᠡᠬᠦ ᠦᠬᠡᠢ᠃ ︽ᠨᠥᠬᠦᠷᠰᠡᠭ ᠠᠶᠢᠯᠴᠢᠯᠠᠯᠲᠠ︾᠎ ᠶᠢᠨ ᠬᠦᠴᠢᠷᠳᠡᠯᠲᠡᠶ ᠣᠯᠠᠨ ᠲᠦᠮᠡᠨ ᠢ ᠡᠷᠬᠢᠨ ᠦᠵᠡᠵᠦ ᠬᠠᠯᠠᠮᠵᠢᠯᠠᠨ ᠬᠠᠶᠢᠷᠠᠯᠠᠬᠤ ᠲᠦᠷᠢᠮ ᠢ ᠭᠦᠨᠵᠡᠭᠡᠶᠢᠷᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠬᠠᠮᠲᠤ ᠪᠠᠷ ᠭᠥᠷᠳᠡᠬᠦ᠂ ᠦᠢᠯᠡᠴᠢᠯᠡᠭᠡᠨ ᠤ ᠬᠠᠷᠢᠭᠤ ᠰᠤᠷᠪᠤᠯᠵᠢᠯᠠᠭ᠎ᠠ ᠳᠤ ᠲᠦᠰᠢᠭᠯᠡᠨ᠂ ᠡᠷᠦᠬᠡ ᠳᠤ ᠬᠦᠷᠴᠦ ᠪᠠᠶᠢᠴᠠᠭᠠᠯᠲᠠ ᠬᠢᠬᠦ᠂ ᠲᠠᠩᠰᠠ ᠡᠪᠬᠡᠮᠡᠯ ᠪᠠᠶᠢᠭᠤᠯᠤᠨ ᠰᠤᠷᠪᠤᠯᠵᠢᠯᠠᠨ ᠦᠵᠡᠬᠦ ᠵᠡᠷᠭᠡ ᠠᠷᠭ᠎ᠠ ᠮᠠᠶ᠋ᠢᠭ ᠢ ᠠᠪᠴᠤ᠂ ᠦᠨᠳᠦᠰᠦᠨ ᠠᠮᠢᠳᠤᠷᠠᠯ ᠤᠨ ᠬᠦᠴᠢᠷᠳᠡᠯ᠂ ᠡᠪᠡᠳᠴᠢᠨ ᠠᠴᠠ ᠪᠣᠯᠵᠣ ᠶᠠᠳᠠᠭᠤᠷᠠᠭᠰᠠᠨ ᠪᠤᠶᠤ ᠳᠠᠬᠢᠨ ᠶᠠᠳᠠᠭᠤᠷᠠᠭᠰᠠᠨ᠂ ᠨᠠᠰᠤᠲᠠᠶᠢᠴᠤᠳ ᠢ ᠬᠠᠷᠠᠭᠠᠯᠵᠠᠬᠤ ᠬᠥᠮᠦᠨ ᠥᠬᠡᠶ ᠪᠣᠯᠤᠭᠰᠠᠨ ᠵᠡᠷᠭᠡ ᠲᠦᠭᠰᠢᠭᠦᠷᠢ ᠶᠢᠨ ᠴᠡᠭ ᠢ ᠴᠠᠭ ᠲᠤᠬᠠᠶ ᠳᠤᠨᠢ ᠪᠠᠶᠢᠴᠠᠭᠠᠨ ᠣᠶᠢᠯᠠᠭᠠᠨ᠎ᠠ᠃ ᠵᠢᠯ ᠤᠨ ᠡᠬᠢᠨ ᠠᠴᠠ ᠨᠠᠰᠢ᠂ ᠪᠥᠬᠦ ᠬᠤᠰᠢᠭᠤ ᠬᠦᠴᠢᠷᠳᠡᠯᠲᠡᠶ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ 9025 ᠵᠤᠷᠪᠤᠰ ᠴᠤᠭᠯᠠᠭᠤᠯᠵᠤ᠂ ᠰᠦᠯᠵᠢᠶ᠎ᠡ ᠪᠠᠷ ᠢᠯᠭᠠᠨ ᠲᠠᠨᠢᠬᠤ ᠠᠷᠭ᠎ᠠ ᠬᠡᠯᠪᠡᠷᠢ ᠶᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯ᠂ ᠲᠦᠷ ᠴᠠᠭ ᠠᠪᠤᠷᠠᠨ ᠲᠤᠰᠠᠯᠠᠬᠤ ᠵᠡᠷᠭᠡ ᠪᠠᠲᠤᠯᠠᠭ᠎ᠠ ᠶᠢᠨ ᠬᠡᠪᠴᠢᠶᠡᠨ ᠳᠤ 1580 ᠡᠷᠦᠬᠡ ᠣᠷᠣᠭᠤᠯᠪᠠ᠃       ᠬᠤᠶᠠᠷ ᠲᠤ᠂ ᠲᠥᠷᠥᠯ ᠵᠦᠢᠯ ᠢᠶᠠᠷ ᠲᠤᠯᠭᠠᠭᠤᠷᠢᠯᠠᠭᠤᠯᠵᠤ᠂ ᠬᠦᠴᠢᠷᠳᠠᠯᠳᠠᠢ ᠶᠢ ᠬᠠᠪᠰᠤᠷᠤᠨ ᠲᠡᠳᠬᠦᠬᠦ ᠶᠢ ︽ᠨᠠᠷᠢᠯᠢᠭ ᠣᠨᠣᠪᠴᠢᠲᠠᠶ ᠪᠣᠯᠭᠠᠨ᠎ᠠ︾᠃ ᠠᠪᠤᠷᠠᠨ ᠲᠤᠰᠠᠯᠠᠬᠤ ᠲᠥᠷᠥᠯ ᠵᠦᠢᠯ ᠤᠨ ᠨᠡᠶᠢᠭᠡᠮ ᠤᠨ ᠳᠡᠮᠵᠢᠯᠭᠡ ᠶᠢᠨ ᠲᠤᠤᠷᠵᠢᠯ ᠢ ᠲᠡᠭᠦᠯᠳᠡᠷᠵᠢᠭᠦᠯᠵᠦ᠂ ᠪᠥᠬᠦ ᠬᠤᠰᠢᠭᠤᠨ ᠤ 130 ᠭᠠᠷᠤᠶ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠲᠥᠷᠥᠯ ᠤᠨ ᠳᠠᠪᠠᠭᠤᠯᠢᠭ ᠵᠢᠴᠢ ᠦᠶ᠋ᠯᠡᠴᠢᠯᠡᠭᠡᠨ ᠤ ᠠᠭᠤᠯᠭ᠎ᠠ ᠶᠢ ᠡᠮᠬᠢᠯᠡᠨ ᠨᠡᠶᠢᠯᠡᠭᠦᠯᠵᠦ᠂ ᠣᠨᠴᠠ ᠬᠦᠴᠢᠷᠳᠡᠯᠲᠡᠶ ᠬᠥᠮᠦᠰ ᠤᠨ ᠣᠯᠠᠨ ᠶᠠᠩᠵᠤᠴᠢᠯᠠᠭᠰᠠᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ᠂ ᠨᠠᠰᠤᠲᠠᠶᠢᠴᠤᠳ ᠢ ᠲᠡᠳᠬᠦᠨ ᠵᠡᠮᠳᠡᠭᠴᠦᠳ ᠢ ᠲᠤᠰᠠᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠲᠤ ᠠᠰᠢᠭ ᠬᠦᠷᠲᠡᠭᠡᠬᠦ ᠲᠣᠭᠯᠠᠯᠲᠠ ᠵᠡᠷᠭᠡ ᠲᠠᠯ᠎ᠠ ᠪᠠᠷ  ᠨᠠᠷᠢᠯᠢᠭ ᠣᠨᠣᠪᠴᠢᠲᠠᠶ ᠪᠠᠷ ᠬᠠᠪᠰᠤᠷᠤᠨ ᠲᠡᠳᠬᠦᠨ᠎ᠡ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠨᠡᠶᠢᠲᠡ ᠶᠢᠨ ᠠᠰᠠᠷᠠᠮᠵᠢ ᠶᠢᠨ ᠬᠠᠪᠰᠤᠷᠤᠨ ᠲᠡᠳᠬᠦᠬᠦ ᠠᠵᠢᠯᠯᠠᠭ᠎ᠠ ᠶᠢ 30 ᠭᠠᠷᠤᠶ ᠤᠳᠠᠭ᠎ᠠ ᠵᠣᠬᠢᠶᠠᠨ ᠪᠠᠶᠢᠭᠤᠯᠵᠤ᠂ 10 ᠲᠦᠮᠡ ᠭᠠᠷᠤᠶ ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠠᠪᠠ᠃       ᠭᠤᠷᠪᠠ ᠳᠤ᠂ ᠲᠤᠭ᠎ᠠ ᠪᠠᠷᠢᠮᠲᠠ ᠪᠠᠷ ᠴᠢᠳᠠᠪᠤᠷᠢ ᠣᠯᠭᠤᠵᠤ᠂ ᠠᠷᠠᠳ ᠲᠦᠮᠡᠨ ᠳᠤ ᠠᠰᠢᠭ ᠬᠦᠷᠲᠡᠭᠡᠬᠦ ᠶᠢ ︽ᠨᠡᠩ ᠬᠠᠯᠠᠭᠤᠨ ᠳᠤᠯᠠᠭᠠᠨ︾ ᠪᠣᠯᠭᠠᠪᠠ᠃ ᠲᠣᠭᠠᠴᠢᠯᠠᠭᠰᠠᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ᠂ ᠠᠪᠤᠷᠠᠨ ᠲᠤᠰᠠᠯᠠᠬᠤ ᠮᠡᠳᠡᠭᠡ ᠵᠠᠩᠭᠢ᠂ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ᠂ ᠠᠪᠤᠷᠠᠨ ᠲᠤᠰᠠᠯᠠᠬᠤ ᠦᠢᠯᠡᠴᠢᠯᠡᠭᠡᠨ ᠤ ᠡᠬᠢ ᠪᠠᠶᠠᠯᠢᠭ ᠤᠨ ᠬᠥᠮᠥᠷᠭᠡ ᠶᠢ ᠡᠮᠬᠢᠯᠡᠨ ᠨᠡᠶᠢᠯᠡᠭᠦᠯᠵᠦ᠂ ︽ᠬᠡᠯᠬᠢᠶᠡᠲᠦ ᠠᠪᠤᠷᠠᠨ ᠲᠤᠰᠠᠯᠠᠬᠤ︾ ᠣᠶᠤᠨᠴᠢ ᠠᠪᠤᠷᠠᠨ ᠲᠤᠰᠠᠯᠠᠬᠤ ᠦᠢᠯᠡᠴᠢᠯᠡᠭᠡᠨ ᠤ ᠵᠢᠵᠢᠭ ᠵᠢᠷᠤᠮ ᠢ ᠪᠣᠶ ᠪᠣᠯᠭᠠᠵᠤ᠂ ᠪᠥᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠠᠪᠤᠷᠠᠨ ᠲᠤᠰᠠᠯᠠᠬᠤ ᠡᠬᠢ ᠪᠠᠶᠠᠯᠢᠭ ᠢ ᠬᠠᠷᠢᠯᠴᠠᠨ ᠨᠡᠪᠲᠡᠷᠡᠭᠦᠯᠵᠦ ᠬᠠᠮᠲᠤ ᠪᠠᠷ ᠡᠳ᠋ᠯᠡᠬᠦ ᠶᠢ ᠬᠦᠴᠦᠯᠡᠨ ᠪᠡᠶᠡᠯᠡᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠵᠥᠪᠬᠡᠨ ᠭᠠᠷ ᠤᠲᠠᠰᠤ ᠪᠠᠷ ︽ᠥᠪᠡᠰᠦᠪᠡᠨ ᠠᠪᠤᠷᠠᠨ ᠲᠤᠰᠠᠯᠠᠬᠤ ᠶᠢ ᠭᠤᠶᠤᠴᠢᠯᠠᠬᠤ︾᠎ ᠶᠢ ᠣᠷᠣᠭᠤᠯᠵᠤ᠂ ︽ᠬᠡᠯᠬᠢᠶ᠎ᠡ ᠪᠠᠷ ᠠᠪᠤᠷᠠᠨ ᠲᠤᠰᠠᠯᠠᠬᠤ︾᠎ ᠶᠢ ᠲᠣᠪᠴᠢᠳᠠᠪᠠᠯ᠂ ᠲᠣᠰ ᠬᠥᠮᠦᠨ ᠤ ︽ᠬᠠᠮᠲᠤ ᠪᠠᠷ ᠪᠠᠶᠠᠵᠢᠬᠤ ᠺᠣᠳ᠋︾᠎ ᠢ ᠪᠣᠶ ᠪᠣᠯᠭᠠᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ᠂ ᠲᠦᠷ ᠴᠠᠭ ᠤᠨ ᠠᠪᠤᠷᠠᠨ ᠲᠤᠰᠠᠯᠠᠬᠤ ᠵᠡᠷᠭᠡ ᠶᠢ ᠰᠦᠯᠵᠢᠶᠡᠨ ᠳᠡᠭᠡᠷ᠎ᠡ ᠭᠤᠶᠤᠴᠢᠯᠠᠵᠤ ᠪᠣᠯᠬᠤ ᠪᠥᠭᠡᠳ ᠪᠠᠰᠠ ᠵᠠᠬᠢᠶᠠᠯᠠᠭ᠎ᠠ ᠪᠠᠷ ᠦᠢᠯᠡᠴᠢᠯᠡᠵᠦ᠂ ᠣᠨᠴᠠᠭᠠᠶ ᠬᠥᠮᠦᠰ ᠲᠤ ᠬᠡᠷ ᠲᠤᠨᠢ ᠬᠦᠷᠴᠦ ᠦᠢᠯᠡᠴᠢᠯᠡᠬᠦ ᠦᠢᠯᠡᠴᠢᠯᠡᠭᠡ ᠬᠠᠩᠭᠠᠵᠤ ᠪᠣᠯᠤᠨ᠎ᠠ᠃ ᠣᠳᠣᠬᠠᠨ ᠪᠣᠯᠲᠠᠯ᠎ᠠ᠂ ︽ᠬᠡᠯᠬᠢᠶ᠎ᠡ ᠠᠪᠤᠷᠠᠨ ᠲᠤᠰᠠᠯᠠᠬᠤ︾ ᠦᠢᠯᠡᠴᠢᠯᠡᠭᠡᠨ ᠤ ᠲᠠᠪᠴᠠᠩ ᠤᠨ ᠠᠪᠤᠷᠠᠨ ᠲᠤᠰᠠᠯᠠᠬᠤ  ᠦᠢᠯᠡᠴᠢᠯᠡᠭᠡᠨ ᠤ ᠲᠡᠮᠳᠡᠭᠯᠡᠯ ᠢ 850 ᠤᠳᠠᠭ᠎ᠠ᠂ ᠬᠦᠴᠢᠷᠳᠡᠯᠲᠡᠶ ᠣᠯᠠᠨ ᠲᠦᠮᠡᠨ ᠳᠤ 695 ᠬᠥᠮᠦᠨ ᠤᠳᠠᠭ᠎ᠠ ᠦᠢᠯᠡᠴᠢᠯᠡᠵᠦ᠂ 54 ᠬᠠᠪᠰᠤᠷᠤᠨ ᠭᠦᠢᠴᠡᠳᠬᠡᠵᠦ ᠣᠷᠣᠯᠠᠨ  ᠭᠦᠢᠴᠡᠳᠬᠡᠵᠦ᠂ 1534 ᠬᠥᠮᠦᠨ ᠤᠳᠠᠭ᠎ᠠ  ᠦᠢᠯᠡᠴᠢᠯᠡᠭᠡ ᠬᠠᠩᠭᠠᠪᠠ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ