ᠪᠠᠭᠠᠷᠢᠨ ᠪᠠᠷᠠᠭᠤᠨ ᠬᠤᠰᠢᠭᠤ ︽ᠦᠷ᠎ᠡ ᠬᠠᠶᠢᠬᠤ + ᠳᠠᠷᠢᠬᠤ + ᠪᠥᠲᠥᠭᠡᠨ ᠪᠠᠶᠢᠭᠤᠯᠤᠯᠲᠠ ᠶᠢᠨ ᠨᠠᠷᠠᠲᠤ ᠲᠡᠮᠳᠡᠭ︾᠎ ᠢᠶᠠᠷ ︽ᠡᠷᠳᠡᠨᠢ ᠰᠢᠰᠢ ᠶᠢᠨ ᠠᠵᠤ ᠦᠢᠯᠡᠰ ᠤᠨ ᠬᠡᠯᠬᠢᠶ᠎ᠡ︾᠎ ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ
ᠨᠡᠶᠢᠲᠡᠯᠡᠭᠰᠡᠨ ᠴᠠᠭ᠄
2023/12/29
      ᠨᠢᠭᠡ ᠳᠤ᠂ ᠭᠠᠳᠠᠭᠰᠢ ᠰᠦᠪᠡᠭᠴᠢᠯᠡᠯᠲᠡ ᠬᠢᠵᠦ᠂ ᠦᠷ᠎ᠡ ᠶᠢᠨ ᠲᠥᠷᠥᠯ ᠵᠦᠢᠯ ᠢ ᠪᠠᠶᠠᠯᠢᠭᠵᠢᠭᠤᠯᠤᠨ᠎ᠠ᠃ ᠪᠦᠬᠦ ᠬᠤᠰᠢᠭᠤᠨ ᠤ ᠬᠡᠪᠴᠢᠶᠡᠨ ᠳᠤ ᠲᠠᠷᠢᠮᠠᠯ ᠤᠨ ᠦᠷ᠎ᠡ ᠶᠢᠨ ᠡᠬᠢ ᠪᠠᠶᠠᠯᠢᠭ ᠢ ᠴᠤᠭᠯᠠᠭᠤᠯᠬᠤ ᠪᠠ ᠥᠷᠭᠡᠳᠬᠡᠬᠦ ᠠᠵᠢᠯ ᠢ ᠥᠷᠨᠢᠭᠦᠯᠦᠨ᠎ᠡ᠃ 2020 ᠣᠨ ᠠᠴᠠ 2023 ᠣᠨ ᠪᠣᠯᠲᠠᠯ᠎ᠠ 10 ᠨᠠᠷᠢᠮᠤ ᠶᠢᠨ ᠡᠭᠦᠯᠳᠡᠷ ᠢ ᠴᠤᠭᠯᠠᠭᠤᠯᠤᠨ ᠡᠮᠬᠢᠯᠡᠵᠦ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠲᠤ ᠲᠤᠷᠰᠢᠯᠲᠠ ᠬᠢᠵᠦ ᠵᠢᠱᠢᠶ᠎ᠡ ᠦᠵᠡᠭᠦᠯᠬᠦ ᠴᠢᠨᠠᠷ ᠰᠠᠶᠢᠲᠠᠶ ᠨᠠᠷᠢᠮᠤ ᠶᠢᠨ ᠡᠭᠦᠯᠳᠡᠷ ᠢ ᠨᠡᠶᠢᠲᠡ 60 ᠭᠠᠷᠤᠶ ᠣᠷᠣᠭᠤᠯᠤᠨ ᠠᠪᠴᠢᠷᠠᠵᠤ᠂ ᠤᠨᠠᠯᠲᠠ ᠨᠢ ᠨᠡᠯᠢᠶᠡᠳ ᠲᠣᠭᠲᠠᠭᠤᠨ᠂ ᠶᠠᠰᠤ ᠴᠢᠨᠠᠷ ᠨᠢ ᠨᠡᠯᠢᠶᠡᠳ ᠰᠠᠶᠢᠨ ᠠᠯᠲᠠᠨ ᠴᠢᠬᠢ ᠶᠢᠨ K ᠰᠢᠷᠢᠰ᠂ ᠤᠯᠠᠭᠠᠨᠬᠠᠳᠠ ᠨᠠᠷᠢᠮᠤ ᠶᠢᠨ ᠰᠢᠷᠢᠰ᠂ ᠬᠤᠶᠠᠷ ᠰᠢᠯᠢᠳᠡᠭ ᠨᠠᠷᠢᠮᠤ ᠶᠢᠨ ᠰᠢᠷᠢᠰ ᠵᠡᠷᠭᠡ ᠡᠭᠦᠯᠳᠡᠷ ᠢ ᠨᠡᠶᠢᠲᠡ 10 ᠭᠠᠷᠤᠶ ᠰᠣᠩᠭᠤᠨ ᠭᠠᠷᠭᠠᠪᠠ᠃       ᠬᠤᠶᠠᠷ ᠲᠤ᠂ ᠰᠠᠭᠤᠷᠢ ᠶᠢ ᠲᠣᠭᠲᠠᠪᠤᠷᠢᠵᠢᠭᠤᠯᠵᠤ᠂ ᠲᠠᠷᠢᠬᠤ ᠲᠠᠯᠠᠪᠠᠢ ᠶᠢ ᠥᠷᠭᠡᠳᠬᠡᠨ᠎ᠡ᠃ ᠪᠠᠭᠠᠷᠢᠨ ᠪᠠᠷᠠᠭᠤᠨ ᠬᠤᠰᠢᠭᠤᠨ ᠤ ᠬᠢᠨ ᠬᠤᠷᠰᠢᠶ᠎ᠠ + ᠲᠠᠷᠢᠶᠠᠴᠢᠨ ᠡᠷᠦᠬᠡ + ᠲᠥᠷᠥᠯ ᠲᠡᠮᠳᠡᠭ ᠤᠨ ᠠᠵᠤ  ᠦᠢᠯᠡᠰᠵᠢᠭᠰᠡᠨ ᠡᠵᠡᠩᠨᠡᠯᠲᠡ ᠶᠢᠨ ᠵᠠᠭᠪᠤᠷ ᠢᠶᠠᠷ ᠳᠠᠮᠵᠢᠭᠤᠯᠤᠨ᠂ ᠮᠠᠰᠢᠨ ᠢᠶᠠᠷ ᠳᠠᠷᠢᠬᠤ ᠠᠷᠭ᠎ᠠ ᠬᠡᠯᠪᠡᠷᠢ ᠶᠢ ᠠᠪᠴᠤ᠂ ᠨᠠᠷᠢᠮᠤ ᠳᠠᠷᠢᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠪᠠᠭᠠᠷᠢᠨ ᠪᠠᠷᠠᠭᠤᠨ ᠬᠤᠰᠢᠭᠤᠨ ᠤ ᠨᠠᠷᠢᠮᠤ ᠳᠠᠷᠢᠬᠤ ᠲᠠᠯᠠᠪᠠᠶ 18 ᠲᠦᠮᠡᠨ ᠮᠥ ᠳᠤ ᠬᠦᠷᠴᠦ᠂ ᠮᠥ ᠪᠦᠷᠢ ᠶᠢᠨ ᠳᠤᠮᠳᠠᠴᠢ ᠤᠨᠠᠯᠲᠠ ᠨᠢ ᠪᠠᠷᠤᠭ 300 ᠺᠢᠯᠣᠭ᠍ᠷᠠᠮ ᠪᠠᠶᠢᠵᠤ᠂ ᠤᠨᠠᠯᠲᠠ ᠨᠢ 1 . 07 ᠳ᠋ᠦᠩᠰᠢᠭᠤᠷ ᠵᠢᠩ ᠳᠤ ᠬᠦᠷᠴᠡᠶ᠃ ᠪᠠᠭᠠᠷᠢᠨ ᠪᠠᠷᠠᠭᠤᠨ ᠬᠤᠰᠢᠭᠤᠨ ᠤ ᠭᠤᠣᠯ ᠲᠠᠷᠢᠭᠰᠠᠨ ᠡᠭᠦᠯᠳᠡᠷ ᠨᠢ ᠡᠷᠯᠢᠰᠵᠢᠭᠦᠯᠦᠭᠰᠡᠨ ᠡᠭᠦᠯᠳᠡᠷ 13 ᠪᠠᠶᠢᠵᠤ᠂ ᠮᠦ ᠪᠦᠷᠢ ᠶᠢᠨ ᠤᠨᠠᠯᠲᠠ ᠨᠢ 400᠎ ᠠᠴᠠ 500 ᠺᠢᠯᠣᠭ᠍ᠷᠠᠮ ᠳᠤ ᠬᠦᠷᠳᠡᠭ᠃       ᠭᠤᠷᠪᠠ ᠳᠤ᠂ ᠠᠵᠤ ᠠᠬᠤᠶᠢᠯᠠᠯ ᠢ ᠳᠡᠮᠵᠢᠵᠦ᠂ ᠲᠦᠷᠦᠯ ᠲᠡᠮᠳᠡᠭ ᠤᠨ ᠠᠯᠳᠠᠷᠰᠢᠯ ᠢ ᠲᠡᠭᠡᠭᠰᠢᠯᠡᠬᠦᠯᠦᠨ᠎ᠡ᠃ ᠡᠵᠡᠩᠨᠡᠯᠲᠡ ᠶᠢᠨ ᠭᠤᠤᠯ ᠴᠣᠭᠴᠠ ᠶᠢ ᠲᠡᠳᠬᠦᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠠᠷᠢᠮᠤ ᠶᠢᠨ ᠭᠠᠷᠤᠯᠲᠠ ᠶᠢ ᠳᠡᠭᠡᠭᠰᠢᠯᠡᠭᠦᠯᠦᠨ᠂ ᠭᠠᠳᠠᠭᠰᠢ ᠦᠵᠡᠰᠬᠦᠯᠡᠩ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠣᠳᠣᠬᠠᠨ ᠪᠣᠯᠲᠠᠯ᠎ᠠ᠂ ᠪᠥᠬᠦ ᠬᠤᠰᠢᠭᠤᠨ ᠤ ᠨᠠᠷᠢᠮᠤ ᠪᠤᠳᠠᠭ᠎ᠠ ᠦᠢᠯᠡᠳᠪᠦᠷᠢᠯᠡᠵᠦ  ᠪᠣᠯᠪᠠᠰᠤᠷᠠᠭᠤᠯᠬᠤ ᠠᠵᠤ ᠠᠬᠤᠶᠢᠯᠠᠯ 6 ᠪᠠᠶᠢᠵᠤ᠂ ᠶᠡᠷᠦᠩᠬᠡᠶ ᠭᠠᠷᠤᠯᠲᠠ ᠨᠢ 1760 ᠲᠣᠨ ᠪᠣᠯᠤᠨ᠎ᠠ᠃ ︽ᠪᠠᠭᠠᠷᠢᠨ ᠤ ᠨᠠᠷᠢᠮᠤ︾᠎ ᠶᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠠᠮᠵᠢᠯᠲᠠ ᠲᠠᠢ ᠣᠷᠣᠭᠤᠯᠵᠤ᠂ ᠠᠷᠪᠠᠨ ᠬᠤᠶᠠᠳᠤᠭᠠᠷ ᠬᠤᠭᠤᠴᠠᠭ᠎ᠠ᠂ ᠠᠷᠪᠠᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠣᠷᠭᠠᠨᠢᠭ ᠦᠵᠡᠰᠬᠦᠯᠡᠩ ᠤᠨ ᠣᠷᠭᠠᠨᠢᠭ ᠬᠤᠯᠢᠮᠠᠭ ᠠᠮᠤ ᠶᠢᠨ ᠱᠠᠩᠨᠠᠯ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠮᠢᠬᠠᠨ ᠤ ᠲᠥᠷᠥᠯ ᠤᠨ ᠠᠵᠤ ᠦᠢᠯᠡᠳᠪᠦᠷᠢ ᠶᠢᠨ ᠦᠵᠡᠰᠬᠦᠯᠡᠩ ᠵᠢᠴᠢ 2023 ᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠠᠵᠢᠯᠯᠠᠭ᠎ᠠ ᠳᠡᠭᠡᠷ᠎ᠡ ︽ᠬᠠᠮᠤᠭ ᠠᠴᠠ ᠲᠠᠭᠠᠰᠢᠶᠠᠭᠳᠠᠭᠰᠠᠨ ᠪᠦᠲᠦᠭᠡᠭᠳᠡᠬᠦᠨ︾᠎ ᠤ ᠴᠣᠯᠠ ᠶᠢ ᠭᠥᠷᠳᠡᠪᠡ᠃
ᠢᠷᠡᠯᠲᠡ᠄ ᠪᠠᠭᠠᠷᠢᠨ ᠪᠠᠷᠠᠭᠤᠨ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ