ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/12/29

ᠲᠣᠮᠢᠯᠠᠬᠤ ᠪᠠᠷ ᠪᠠᠶᠢᠭ᠎ᠠ ᠺᠠᠳ᠋ᠷ ᠢ ᠵᠠᠷᠯᠠᠨ ᠨᠡᠶᠢᠲᠡᠯᠡᠬᠦ ᠲᠤᠬᠠᠢ ᠠᠯᠪᠠᠨ ᠵᠠᠷ

ᠬᠤᠳᠠ ᠶᠢᠨ ᠨᠠᠮ ᠤᠨ ᠬᠤᠷᠢᠶ᠎ᠠ ᠠᠴᠠ ᠳᠣᠣᠷᠠᠬᠢ ᠺᠠᠳ᠋ᠷ ᠤᠳ ᠢ ᠢᠯᠡ ᠨᠡᠶᠢᠲᠡᠯᠡᠬᠦ ᠪᠠᠷ ᠰᠣᠳᠤᠯᠤᠨ ᠲᠣᠭᠲᠠᠪᠠ᠃

ᠨᠢᠭᠡ᠂ ᠢᠯᠡ ᠨᠡᠶᠢᠲᠡᠯᠡᠬᠦ ᠨᠡᠷᠡᠰ

ᠵᠠᠩ ᠴᠢ᠂ ᠡᠷᠡᠭᠲᠡᠢ᠂ ᠮᠣᠩᠭᠤᠯ ᠦᠨᠳᠦᠰᠦᠲᠡᠨ᠂ 1982 ᠣᠨ ᠤ 4 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ

ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ᠂ ᠨᠢᠭᠡᠳᠦᠭᠡᠷ ᠳᠡᠰ ᠤᠨ ᠪᠠᠶᠢᠴᠠᠭᠠᠨ

ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ

ᠪᠣᠶ ᠃

ᠵᠠᠩ ᠬᠤᠩ ᠰᠢᠨ᠂ ᠡᠷᠡᠭᠲᠡᠢ᠂ ᠬᠢᠲᠠᠳ ᠦᠨᠳᠦᠰᠦᠲᠡᠨ᠂ 1971 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ

ᠪᠦᠷᠢᠯᠳᠦᠭᠦᠨ᠂ ᠳᠡᠳ᠋ ᠲᠣᠪᠴᠢᠶᠠᠨ ᠳᠠᠷᠤᠭ᠎ᠠ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠰᠡᠷᠭᠦᠯᠡᠩ᠂ ᠡᠷᠡᠭᠲᠡᠢ᠂ ᠮᠣᠩᠭᠤᠯ ᠦᠨᠳᠦᠰᠦᠲᠡᠨ᠂ 1971 ᠣᠨ ᠤ 12 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ

ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ

ᠭᠡᠰᠢᠭᠦᠨ᠂ ᠳᠡᠳ᠋ ᠬᠤᠰᠢᠭᠤᠨ ᠳᠠᠷᠤᠭ᠎ᠠ ︵ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ  ᠬᠠᠷᠢᠭᠤᠴᠠᠵᠤ ᠪᠠᠢ︶᠂ ᠭᠤᠷᠪᠠᠳᠤᠭᠠᠷ ᠳᠡᠰ ᠤᠨ ᠪᠠᠶᠢᠴᠠᠭᠠᠨ

ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ

ᠳᠤᠷᠠᠳᠬᠤ ᠪᠠᠷ ᠪᠣᠶ ᠃

ᠸᠠᠩ ᠲᠢᠶᠧ ᠭᠠᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 11 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ

ᠰᠤᠷᠭᠠᠭᠤᠯᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠨᠢᠩᠴᠧᠩ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋

ᠰᠢᠶᠠᠨ ᠤ ᠳᠠᠷᠤᠭ᠎ᠠ ︵ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ ᠪᠠᠢ︶᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ

ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠵᠠᠩ ᡁᠢ ᠴᠢᠶᠠᠩ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ

ᠭᠡᠰᠢᠭᠦᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ

ᠰᠢᠶᠠᠨ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠵᠣᠣ ᠶᠠ ᠳ᠋ᠦᠩ᠂ ᠡᠷᠡᠭᠲᠡᠢ᠂ ᠮᠣᠩᠭᠤᠯ ᠦᠨᠳᠦᠰᠦᠲᠡᠨ᠂ 1970 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ

ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ

ᠰᠤᠳᠤᠯᠤᠭᠴᠢ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠬᠢᠨᠠᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠂ ᠣᠳᠣ ᠬᠤᠰᠢᠭᠤ ᠰᠢᠶᠠᠨ ᠲᠣᠭᠤᠷᠢᠭ ᠤᠨ

ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠰᠦᠨ ᠶᠦᠩ ᠹᠧᠩ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 11 ᠰᠠᠷ᠎ᠠ ᠳᠤ ᠳᠦᠷᠦᠵᠡᠶ᠂ ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ

ᠨᠠᠮ ᠤᠨ ᠭᠡᠰᠢᠭᠦᠨ᠂ ᠣᠲᠣ ᠥᠪᠥᠷ ᠮᠣᠩᠭᠤᠯ ᠤᠨ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ

ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ᠂ ᠭᠤᠷᠪᠠᠳᠤᠭᠠᠷ ᠳᠡᠰ ᠤᠨ ᠪᠠᠶᠢᠴᠠᠭᠠᠨ

ᠰᠤᠳᠤᠯᠤᠭᠴᠢ ᠶᠢᠨ ᠲᠤᠰᠢᠶᠠᠯ ᠲᠠᠢ᠂  ᠣᠳᠣ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠤᠮᠵᠢ ᠶᠢᠨ ᠵᠢᠩᠬᠢᠨᠢ ᠲᠤᠰᠢᠶᠠᠯ ᠳᠤ

ᠲᠣᠮᠢᠯᠠᠬᠤ ᠪᠠᠷ ᠪᠣᠶ᠃

ᠸᠠᠩ ᠸᠧᠨ ᠴᠢᠤᠸᠠᠨ᠂ ᠡᠷᠡᠭᠲᠡᠢ᠂ ᠮᠣᠩᠭᠤᠯ ᠦᠨᠳᠦᠰᠦᠲᠡᠨ᠂ 1973 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ

 ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠶᠢᠨ ᠷᠠᠳᠢᠣ᠋ ᠲᠧᠯᠸᠢᠰ ᠬᠤᠷᠢᠶ᠎ᠠ ᠶᠢᠨ ᠨᠠᠮ ᠤᠨ ᠬᠤᠷᠢᠶ᠎ᠠ ᠶᠢᠨ ᠭᠡᠰᠢᠭᠦᠨ᠂

ᠬᠤᠷᠢᠶ᠎ᠠ ᠶᠢᠨ ᠳᠡᠳ᠋ ᠳᠠᠷᠤᠭ᠎ᠠ ᠶᠢᠨ ᠲᠤᠰᠢᠶᠠᠯ ᠲᠠᠢ᠂ ᠣᠳᠣ ᠬᠤᠲᠠ ᠶᠢᠨ ᠨᠠᠮ ᠤᠨ ᠬᠤᠷᠢᠶ᠎ᠠ ᠶᠢᠨ ᠰᠢᠭᠤᠳ ᠬᠠᠷᠢᠶ᠎ᠠ ᠵᠢᠩᠬᠢᠨᠢ ᠭᠠᠵᠠᠷ ᠤᠨ ᠲᠠᠰ ᠤᠨ ᠠᠵᠢᠯ

ᠦᠢᠯᠡᠰ ᠤᠨ ᠨᠢᠭᠡᠴᠡ ᠶᠢᠨ ᠵᠢᠩᠬᠢᠨᠢ ᠲᠤᠰᠢᠶᠠᠯ ᠳᠤ ᠲᠣᠮᠢᠯᠠᠬᠤ ᠪᠠᠷ ᠪᠣᠶ ᠃

ᠵᠠᠩ ᠢᠩ ᠵᠢᠶᠧ᠂ ᠡᠮᠡᠭᠲᠡᠢ᠂ ᠬᠢᠲᠠᠳ ᠦᠨᠳᠦᠰᠦᠲᠡᠨ᠂ 1980 ᠣᠨ ᠤ 6 ᠰᠠᠷ᠎ᠠ ᠳᠤ ᠳᠦᠷᠦᠵᠡᠶ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ

ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠵᠡᠭᠦᠨ ᠬᠤᠰᠢᠭᠤᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ

ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠣᠶ ᠃

ᠵᠠᠩ ᠯᠧᠢ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 9 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠪᠠᠷᠠᠭᠤᠨ ᠬᠤᠰᠢᠭᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ 

ᠣᠳᠣ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠲᠤᠰᠢᠶᠠᠯ ᠢ ᠡᠭᠦᠷᠭᠡᠯᠡᠵᠦ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ

ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠬᠤ ᠪᠠᠷ ᠪᠣᠶ ᠃

ᠱᠢ ᠱᠠᠩ ᠬᠤᠢ᠂ ᠡᠷᠡᠭᠲᠡᠢ᠂  ᠬᠢᠲᠠᠳ ᠦᠨᠳᠦᠰᠦᠲᠡᠨ᠂ 1981 ᠣᠨ ᠤ 11 ᠰᠠᠷ᠎ᠠ ᠳᠤ ᠲᠦᠷᠦᠵᠠᠢ᠂  ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ

ᠠᠰᠫᠢᠷᠠᠨᠲ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠯᠢᠨᠰᠢ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ

ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠳᠤ ᠲᠣᠮᠢᠯᠠᠬᠤ ᠪᠠᠷ ᠪᠤᠢ ᠃

ᠰᠠᠶᠢᠨᠪᠠᠶᠠᠷ᠂ ᠡᠷᠡᠭᠲᠡᠢ᠂ ᠮᠣᠩᠭᠤᠯ ᠦᠨᠳᠦᠰᠦᠲᠡᠨ᠂ 1978 ᠣᠨ ᠤ 11 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ

 ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠵᠡᠭᠦᠨ ᠬᠤᠰᠢᠭᠤᠨ ᠤ ᠴᠠᠭᠠᠨᠬᠠᠳᠠ ᠰᠤᠮᠤ ᠶᠢᠨ

ᠨᠠᠮ ᠤᠨ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ

ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠪᠢ ᠶᠠ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 11 ᠰᠠᠷ᠎ᠠ ᠳᠤ ᠳᠦᠷᠦᠵᠡᠶ᠂ ᠲᠥᠪ ᠤᠨ ᠨᠠᠮ ᠤᠨ ᠰᠤᠷᠭᠠᠭᠤᠯᠢ ᠶᠢᠨ ᠶᠡᠭᠡ

ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠵᠡᠭᠦᠨ ᠬᠤᠰᠢᠭᠤᠨ ᠤ ᠡᠳ᠋ ᠤᠨ

ᠵᠠᠰᠠᠭ ᠤᠨ ᠲᠣᠪᠴᠢᠶ᠎ᠠ ᠶᠢᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ

ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠶᠠᠩ ᠢ ᠯᠢᠨ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠪᠠᠭᠠᠷᠢᠨ ᠵᠡᠭᠦᠨ ᠬᠤᠰᠢᠭᠤᠨ ᠤ ᠰᠢᠭᠦᠬᠦ ᠬᠤᠷᠢᠶᠠᠨ ᠤ ᠳᠡᠳ᠋ ᠳᠠᠷᠤᠭ᠎ᠠ᠂ ᠭᠤᠷᠪᠠᠳᠤᠭᠠᠷ ᠳᠡᠰ ᠤᠨ

ᠳᠡᠭᠡᠳᠦ ᠵᠡᠷᠭᠡ ᠶᠢᠨ ᠰᠢᠭᠦᠬᠦ ᠲᠤᠰᠢᠶᠠᠯᠲᠠᠨ ᠤ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠰᠢᠭᠦᠬᠦ ᠬᠤᠷᠢᠶᠠᠨ ᠤ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ

ᠳᠤᠷᠠᠳᠬᠤ ᠪᠠᠷ ᠪᠣᠶ ᠃

ᠸᠠᠩ ᠵᠢᠶᠠᠨ ᠶᠢᠩ᠂ ᠡᠷᠡᠭᠲᠡᠢ᠂ ᠬᠢᠲᠠᠳ ᠦᠨᠳᠦᠰᠦᠲᠡᠨ᠂ 1978 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠯᠢᠨᠰᠢ ᠰᠢᠶᠠᠨ ᠤ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ᠂ ᠳᠥᠷᠪᠡᠳᠦᠭᠡᠷ ᠳᠡᠰ

 ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠣᠶ ᠃

ᠪᠦᠦ ᠵᠢᠦ ᠬᠠᠢ᠂ ᠡᠷᠡᠭᠲᠡᠢ᠂ ᠮᠣᠩᠭᠤᠯ ᠦᠨᠳᠦᠰᠦᠲᠡᠨ᠂ 1974 ᠣᠨ ᠤ 6 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ

 ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠵᠠᠰᠠᠭ ᠤᠨ

ᠣᠷᠳᠣᠨ ᠤ ᠠᠯᠪᠠᠨ ᠭᠡᠷ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ

ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠯᠢ ᠶᠠᠨ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1972 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠡᠪ

ᠬᠠᠮᠲᠤ ᠨᠠᠮ ᠤᠨ ᠭᠡᠰᠢᠭᠦᠨ᠂ ᠣᠲᠣ ᠬᠡᠰᠢᠭᠲᠡᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠠᠷᠤᠭ᠎ᠠ᠂ ᠳᠥᠷᠪᠡᠳᠦᠭᠡᠷ ᠳᠡᠰ ᠤᠨ

ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠵᠠᠩ ᠯᠢ᠂ ᠡᠮᠡᠭᠲᠡᠢ᠂ ᠮᠣᠩᠭᠤᠯ ᠦᠨᠳᠦᠰᠦᠲᠡᠨ᠂ 1979 ᠣᠨ ᠤ 2 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠺᠣᠮᠢᠰ ᠤᠨ ᠭᠡᠰᠢᠭᠦᠨ᠂ ᠳᠣᠯᠣᠳᠤᠭᠠᠷ

ᠪᠠᠶᠢᠴᠠᠭᠠᠬᠤ ᠬᠡᠯᠲᠡᠰ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠪᠠᠶᠢᠴᠠᠭᠠᠬᠤ ᠲᠤᠰᠢᠶᠠᠯᠲᠠᠨ ᠤ ᠲᠤᠰᠢᠶᠠᠯ ᠲᠠᠢ᠂ ᠬᠤᠰᠢᠭᠤ ᠰᠢᠶᠠᠨ

ᠲᠣᠭᠤᠷᠢᠭ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ ᠃

ᠵᠠᠩ ᠶᠦᠩ ᠴᠢᠶᠣᠤ᠂ ᠡᠷᠡᠭᠲᠡᠢ᠂ ᠬᠢᠲᠠᠳ ᠦᠨᠳᠦᠰᠦᠲᠡᠨ᠂ 1976 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠠᠯᠪᠠᠨ ᠭᠡᠷ ᠤᠨ

ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯ ᠳᠤ

ᠲᠣᠮᠢᠯᠠᠬᠤ ᠪᠠᠷ ᠪᠣᠶ ᠃

ᠪᠠᠢ ᠵᠢᠩ ᠯᠢ᠂ ᠡᠷᠡᠭᠲᠡᠢ᠂ ᠬᠢᠲᠠᠳ ᠦᠨᠳᠦᠰᠦᠲᠡᠨ᠂ 1974 ᠣᠨ ᠤ 8 ᠰᠠᠷ᠎ᠠ ᠳᠤ ᠳᠦᠷᠦᠵᠡᠶ᠂ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ

 ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠨᠢᠩᠴᠧᠩ ᠰᠢᠶᠠᠨ ᠤ ᠬᠥᠭᠵᠢᠭᠦᠯᠦᠯᠲᠡ ᠪᠠ

ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ

ᠵᠠᠰᠠᠭ ᠤᠨ ᠣᠷᠳᠣᠨ ᠤ ᠳᠡᠳ᠋ ᠲᠤᠰᠢᠶᠠᠯ ᠤᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃

ᠮᠢᠶᠣᠣ ᠸᠧᠢ᠂ ᠡᠷᠡᠭᠲᠡᠢ᠂ ᠬᠢᠲᠠᠳ ᠦᠨᠳᠦᠰᠦᠲᠡᠨ᠂ 1979 ᠣᠨ ᠤ 7 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠤᠳᠤ ᠤᠯᠠᠭᠠᠨᠬᠠᠳᠠ ᠬᠤᠳᠠ ᠶᠢᠨ ᠬᠤᠩᠱᠠᠨ ᠲᠣᠭᠤᠷᠢᠭ ᠤᠨ ᠰᠢ ᠴᠧᠩ ᠵᠡᠭᠡᠯᠢ ᠭᠤᠳᠤᠮᠵᠢ ᠶᠢᠨ ᠨᠠᠮ

 ᠤᠨ ᠠᠵᠢᠯᠯᠠᠬᠤ ᠬᠤᠷᠢᠶ᠎ᠠ ᠶᠢᠨ ᠱᠦᠵᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠨᠠᠮ ᠤᠨ

ᠬᠤᠷᠢᠶ᠎ᠠ ᠶᠢᠨ ᠳᠡᠳ᠋ ᠲᠤᠰᠢᠶᠠᠯ ᠳᠤ ᠲᠣᠮᠢᠯᠠᠬᠤ ᠪᠠᠷ ᠪᠤᠢ᠃

ᠳ᠋ᠦᠩ ᠪᠦᠦ ᠯᠢᠨ᠂ ᠡᠷᠡᠭᠲᠡᠢ᠂ ᠬᠢᠲᠠᠳ ᠦᠨᠳᠦᠰᠦᠲᠡᠨ᠂ 1970 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠤᠨ ᠣᠷᠣᠨ ᠰᠠᠭᠤᠴᠠ ᠪᠠ ᠬᠤᠲᠠ

ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ

ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ

ᠳᠤᠷᠠᠳᠬᠤ ᠪᠠᠷ ᠪᠣᠶ ᠃

ᠯᠢᠨ ᠬᠠᠢ ᠵᠢᠶᠦ᠋ᠨ᠂ ᠡᠷᠡᠭᠲᠡᠢ᠂ ᠬᠢᠲᠠᠳ ᠦᠨᠳᠦᠰᠦᠲᠡᠨ᠂ 1967 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂

ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠯᠪᠠᠨ ᠭᠡᠷ ᠤᠨ

ᠡᠷᠬᠢᠯᠡᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ

ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠵᠢᠱᠢᠭᠳᠡᠭᠴᠢ ᠪᠠᠷ ᠨᠡᠷ᠎ᠡ ᠳᠤᠷᠠᠳᠬᠤ ᠪᠠᠷ ᠪᠣᠶ᠃

ᠬᠤᠶᠠᠷ᠂ ᠢᠯᠡ ᠨᠡᠶᠢᠲᠡᠯᠡᠬᠦ ᠴᠠᠭ

ᠵᠠᠷᠯᠠᠨ ᠨᠡᠶᠢᠲᠡᠯᠡᠬᠦ ᠴᠠᠭ ᠨᠢ 2023 ᠣᠨ ᠤ 12 ᠰᠠᠷ᠎ᠠ ᠶᠢᠨ 29 ᠤ ᠡᠳᠦᠷ ᠠᠴᠠ 2024 ᠣᠨ ᠤ 1 ᠰᠠᠷ᠎ᠠ ᠶᠢᠨ 5 ᠤ ᠡᠳᠦᠷ ᠪᠣᠯᠲᠠᠯ᠎ᠠ᠃

ᠭᠤᠷᠪᠠ᠂ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠮᠠᠶ᠋ᠢᠭ

ᠨᠢᠭᠡᠴᠡ ᠪᠣᠯᠣᠨ ᠬᠤᠪᠢ ᠬᠥᠮᠥᠨ ᠴᠦᠮ ᠰᠣᠷᠪᠤᠯᠵᠢᠯᠠᠭ᠎ᠠ ᠬᠢᠬᠦ᠂ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠢᠯᠡ

ᠨᠡᠶᠢᠲᠡᠯᠡᠭᠰᠡᠨ ᠡᠲᠡᠭᠡᠳ ᠤᠨ ᠬᠤᠯᠪᠣᠭᠳᠠᠯ ᠪᠦᠬᠦᠢ ᠪᠠᠶᠢᠳᠠᠯ ᠪᠣᠯᠣᠨ ᠠᠰᠠᠭᠤᠳᠠᠯ ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ

ᠬᠠᠷᠭᠤᠭᠤᠯᠬᠤ ᠳᠤ ᠲᠥᠬᠦᠮ ᠦᠵᠡᠭᠦᠯᠬᠦ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠤᠯᠪᠣᠭᠳᠠᠯ ᠪᠦᠬᠦᠢ ᠰᠦᠪᠡᠭᠴᠢ ᠵᠢᠴᠢ ᠲᠣᠰ ᠬᠥᠮᠥᠨ ᠤ ᠦᠨᠡᠨ

ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠡ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ

ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ

ᠲᠤᠰᠬᠠᠨ᠎ᠠ᠃

 ᠢᠯᠡ ᠨᠡᠶᠢᠲᠡᠯᠡᠬᠦ ᠠᠯᠪᠠᠨ ᠭᠡᠷ ᠢ ᠤᠯᠠᠭᠠᠨᠬᠠᠳᠠ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ A ᠰᠠᠭᠤᠳᠠᠯ ᠤᠨ 715 ᠲᠠᠰᠤᠭ ᠲᠤ

ᠲᠣᠬᠢᠷᠠᠭᠤᠯᠪᠠ᠃

        ᠭᠥᠯᠢᠶᠡᠨ ᠠᠪᠬᠤ ᠴᠠᠭ᠄

        ᠠᠵᠢᠯ ᠤᠨ ᠡᠳᠦᠷ ᠤᠨ ᠦᠳᠡ ᠶᠢᠨ ᠡᠮᠦᠨᠡᠬᠢ 8᠄ 30 ︱ 12᠄ 00

                            ᠦᠳᠡ ᠶᠢᠨ ᠬᠤᠶᠢᠨᠠᠬᠢ 2᠄ 30 ︱ 5᠄ 30

         ᠭᠥᠯᠢᠶᠡᠨ ᠠᠪᠬᠤ ᠤᠲᠠᠰᠤ᠄ ︵0476︶ 12380

         ᠣᠨᠴᠠᠭᠠᠶᠢᠯᠠᠨ ᠵᠠᠷᠯᠠᠪᠠ

      ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ

                                           2023 ᠣᠨ ᠤ 12 ᠰᠠᠷ᠎ᠠ ᠶᠢᠨ 28 ᠤ ᠡᠳᠦᠷ

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ