| ᠠᠯᠳᠠᠨᠬᠡᠷᠡᠯ᠂ ᠡᠷᠡᠭᠲᠡᠢ᠂ ᠮᠣᠩᠭᠤᠯ ᠦᠨᠳᠦᠰᠦᠲᠡᠨ᠂ ᠪᠠᠭᠠᠷᠢᠨ ᠵᠡᠭᠦᠨ ᠬᠤᠰᠢᠭᠤᠨ ᠤ ᠠᠯᠳᠠᠷᠲᠤ ᠮᠣᠩᠭᠤᠯ ᠦᠨᠳᠦᠰᠦᠲᠡᠨ ᠤ ᠠᠷᠠᠳ ᠤᠨ ᠲᠠᠭᠤᠴᠢᠨ᠃ | 1912 ᠣᠨ ᠳᠤ ᠲᠡᠮᠡᠭᠡᠨ ᠬᠦᠵᠦᠬᠦᠦ ᠶᠢᠨ ᠬᠠᠷᠭᠠᠨ᠎ᠠ ᠠᠶᠢᠯ ᠳᠤ ᠲᠦᠷᠦᠵᠠᠢ᠃ ᠬᠠᠷᠠᠬᠠᠨ ᠪᠠᠭ᠎ᠠ ᠠᠴᠠ ᠪᠠᠨ ᠲᠠᠭᠤᠣ ᠬᠦᠭᠵᠢᠮ ᠳᠤ ᠠᠪᠢᠶᠠᠰ ᠪᠠᠬ᠎ᠠ ᠲᠠᠢ᠂ | ᠮᠣᠩᠭᠤᠯ ᠠᠷᠠᠳ ᠤᠨ ᠲᠠᠭᠤᠤ ᠰᠠᠶᠢᠬᠠᠨ ᠳᠠᠭᠤᠯᠠᠳᠠᠭ ᠪᠣᠯᠬᠤᠷ ᠵᠠᠯᠠᠭᠤ ᠶᠢᠨ ᠦᠶ᠎ᠡ ᠳᠤ ᠪᠠᠨ ᠪᠠᠶᠠᠨ᠋ᠠ᠋ᠭᠤᠯᠠ ᠣᠶᠢᠷ᠎ᠠ ᠬᠠᠪᠢ ᠳᠤ ᠨᠡᠷ᠎ᠡ ᠠᠯᠳᠠᠷᠰᠢᠪᠠ᠃ | ᠴᠢᠯᠦᠭᠡᠯᠡᠭᠳᠡᠭᠰᠡᠨ ᠤ ᠳᠠᠷᠠᠭ᠎ᠠ᠂ ᠲᠡᠷᠡ ᠠᠵᠢᠯ ᠬᠦᠳᠡᠯᠮᠦᠷᠢ ᠪᠠ ᠬᠠᠮᠲᠦ ᠨᠡᠶᠢᠲᠡ ᠳᠤ ᠬᠠᠶᠢᠷᠠᠲᠠᠢ ᠠᠴᠠ ᠣᠯᠠᠨ ᠤᠳᠠᠭ᠎ᠠ ᠬᠤᠰᠢᠭᠤ᠂ ᠨᠢᠭᠡᠲᠦᠯ ᠤᠨ | ᠬᠦᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠵᠠᠢ᠃ ᠦᠷᠭᠡᠨ ᠠᠭᠤᠳᠠᠮ ᠲᠠᠯ᠎ᠠ ᠨᠤᠲᠤᠭ ᠪᠠ ᠪᠠᠶᠠᠷ ᠤᠨ ᠡᠳᠦᠷ ᠤᠨ ᠨᠠᠶᠢᠷ ᠨᠠᠭᠠᠳᠣᠮ ᠳᠤ ᠨᠠᠮ ᠤᠨ | ᠤᠳᠤᠷᠢᠳᠤᠯᠭ᠎ᠠ ᠪᠤᠯᠤᠨ ᠨᠠᠶᠢᠭᠡᠮ ᠵᠢᠷᠤᠮ ᠢ ᠮᠠᠭᠲᠠᠨ ᠳᠠᠭᠤᠯᠠᠳᠠᠭ ᠪᠦᠭᠡᠳ ᠦᠷᠭᠦᠯᠵᠢ ᠠᠪᠤᠨ ᠰᠢᠨ᠎ᠡ ᠲᠠᠭᠤᠤ ᠵᠣᠬᠢᠶᠠᠨ ᠳᠠᠭᠤᠯᠠᠵᠤ᠂ ᠳᠠᠭᠤᠤ ᠪᠣᠯᠭᠠᠨ ᠳᠤ ᠪᠠᠨ | ᠮᠠᠯᠴᠢᠨ ᠲᠦᠮᠡᠨ ᠤ ᠰᠠᠳᠬᠢᠯ ᠵᠢᠷᠦᠬᠡᠨ ᠤ ᠮᠠᠭᠲᠠᠭᠠᠯ ᠢ ᠢᠯᠡᠳᠬᠡᠵᠤ ᠪᠠᠶᠢᠪᠠ᠃ 1959 ᠣᠨ ᠳᠤ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ | ᠭᠡᠰᠢᠬᠦᠨ ᠢᠶᠠᠷ ᠰᠤᠩᠭᠤᠭᠳᠠᠵᠤ᠂ ᠵᠢᠷᠠᠭᠠᠳ ᠣᠨ ᠤ ᠦᠶ᠎ᠡ ᠳᠤ ᠲᠡᠭᠦᠨ ᠤ ᠠᠷᠠᠳ ᠤᠨ ᠲᠠᠭᠤᠤ ᠲᠠᠭᠤᠯᠠᠬᠤ ᠤᠷ᠎ᠠ ᠮᠡᠷᠬᠡᠰᠢᠯ ᠨᠢ ᠨᠡᠩ ᠥᠪᠡᠷᠮᠢᠴᠡ | ᠣᠨᠴᠠᠯᠢᠭ ᠲᠠᠢ ᠪᠣᠯᠵᠤ᠂ ᠭᠤᠶᠢᠳᠠ ᠰᠠᠶᠢᠬᠠᠨ ᠣᠷᠣᠨ ᠨᠤᠳᠤᠭ ᠪᠠ ᠦᠨᠳᠦᠰᠦᠲᠡᠨ ᠤ ᠣᠨᠴᠠᠯᠢᠭ ᠢ ᠪᠦᠷᠢᠯᠳᠦᠭᠦᠯᠦᠭᠰᠡᠨ ᠪᠠᠶᠢᠨ᠎ᠠ᠃ ᠲᠡᠷᠡ ᠵᠠᠭᠤ ᠭᠠᠷᠤᠢ | ᠠᠷᠠᠳ ᠤᠨ ᠲᠠᠭᠤᠤ ᠲᠠᠭᠤᠯᠠᠵᠦ ᠴᠢᠳᠠᠳᠠᠭ ᠪᠦᠭᠡᠳ ᠣᠯᠠᠨ ᠤᠳᠠᠭ᠎ᠠ ᠬᠤᠰᠢᠭᠤ᠂ ᠠᠶᠢᠮᠠᠭ᠂ ᠥᠪᠥᠷ ᠮᠣᠩᠭᠤᠯ ᠤᠨ ᠤᠷᠠᠨ ᠰᠠᠶᠢᠬᠠᠨ ᠤ ᠲᠤᠭᠯᠠᠯᠲᠠ ᠳᠤ | ᠣᠷᠤᠯᠴᠠᠪᠠ᠂ 1964 ᠣᠨ ᠳᠤ ᠪᠦᠬᠦ ᠤᠯᠤᠰ ᠤᠨ ᠴᠦᠬᠡᠨ ᠲᠤᠭᠠᠳᠦ ᠦᠨᠳᠦᠰᠦᠲᠡᠨ ᠤ ᠤᠷᠠᠨ ᠰᠠᠶᠢᠬᠠᠨ ᠤ ᠬᠠᠮᠲᠤᠷᠠᠭᠰᠠᠨ ᠲᠤᠭᠯᠠᠯᠲᠠ ᠳᠤ ᠣᠷᠣᠯᠴᠠᠵᠤ᠂ | ᠲᠡᠭᠦᠨ ᠤ ᠳᠠᠭᠤᠯᠠᠭᠰᠠᠨ ︽ᠡᠭᠦᠯᠡᠨ ᠬᠥᠬᠡ ᠮᠣᠷᠢ︾ ᠭᠡᠰᠡᠨ ᠠᠷᠠᠳ ᠤᠨ ᠲᠠᠭᠤᠤ ᠨᠢ ᠨᠠᠶᠢᠰᠯᠠᠯ ᠤᠨ ᠥᠷᠭᠡᠨ ᠣᠯᠠᠨ ᠦᠵᠡᠭᠴᠢᠳ ᠪᠣᠯᠣᠨ ᠡᠯ᠎ᠡ | ᠲᠥᠯᠥᠭᠡᠯᠡᠭᠴᠢᠳ ᠤᠨ ᠪᠦᠯᠬᠦᠮ ᠤᠨ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃ | 1974 ᠣᠨ ᠤ 9 ᠰᠠᠷ᠎ᠠ ᠶᠢᠨ 18 ᠤ ᠡᠳᠦᠷ ᠡᠪᠡᠳᠴᠢᠨ ᠢᠶᠠᠷ 62 ᠨᠠᠰᠤᠲᠠᠢ ᠨᠠᠰᠤ ᠪᠠᠷᠠᠪᠠ᠃ | | | |