ᠠᠮᠢᠨᠪᠦᠭᠡ
ᠨᠡᠶᠢᠲᠡᠯᠡᠭᠰᠡᠨ ᠴᠠᠭ᠄
2023/12/4
      ᠠᠮᠢᠨᠪᠦᠭᠡ᠂ ᠡᠷᠡᠭᠲᠡᠢ᠂ ᠮᠣᠩᠭᠤᠯ ᠦᠨᠳᠦᠰᠦᠲᠡᠨ᠂ 1903 ᠣᠨ ᠳᠤ ᠪᠠᠭᠠᠷᠢᠨ ᠪᠠᠷᠠᠭᠤᠨ ᠭᠠᠷᠤᠨ ᠬᠤᠰᠢᠭᠤᠨ ᠤ ᠶᠣᠯᠣᠲᠤ ᠶᠢᠨ ᠠᠶᠢᠯ ᠳᠤ ᠲᠦᠷᠦᠵᠠᠢ᠃ ᠲᠡᠭᠦᠨ ᠤ ᠠᠬ᠎ᠠ ᠨᠢ ᠾᠧ ᠽᠢ ᠵᠠᠩ ᠪᠣᠯᠣᠨ᠎ᠠ᠃ ᠠᠮᠢᠨᠪᠦᠭᠡ ᠬᠤᠷᠢᠨ ᠲᠦᠷᠪᠡᠲᠠᠢ ᠳᠤ ᠪᠠᠨ ᠪᠠᠭᠠᠷᠢᠨ ᠵᠡᠭᠦᠨ ᠭᠠᠷᠤᠨ ᠬᠤᠰᠢᠭᠤᠨ ᠤ ᠸᠠᠩ ᠤᠨ ᠣᠷᠳᠣᠨ ᠳᠤ ᠪᠢᠴᠢᠭᠡᠴᠢ ᠪᠠᠷ ᠠᠵᠢᠯᠯᠠᠪᠠ᠃ ᠬᠠᠭᠤᠷᠮᠠᠭ ᠮᠠᠨᠵᠤ ᠶᠢᠨ ᠦᠶ᠎ᠡ ᠳᠤ ᠰᠡᠷᠭᠡᠶᠢᠯᠡᠯᠲᠡ ᠶᠢᠨ ᠴᠡᠷᠢᠭ ᠲᠤ ᠣᠷᠣᠵᠦ᠂ ᠠᠬᠠᠯᠠᠭᠴᠢ ᠳᠡᠰᠯᠡᠭᠴᠢ ᠰᠣᠮᠣᠨ ᠳᠠᠷᠤᠭ᠎ᠠ ᠶᠢᠨ ᠲᠤᠰᠢᠶᠠᠯ ᠢ ᠡᠭᠦᠷᠭᠡᠯᠡᠨ᠂ ᠰᠡᠭᠦᠯᠡᠷ ᠨᠢ ᠸᠠᠩ ᠤᠨ ᠰᠦᠮ᠎ᠡ ᠶᠢᠨ ᠵᠢᠭᠠᠨ ᠵᠢᠯᠤᠭᠤᠳᠬᠤ ᠠᠩᠬᠢ᠂ ᠺᠠᠶᠢᠯᠦ ᠶᠢᠨ ᠤᠯᠤᠰ ᠠᠷᠠᠳ ᠤᠨ ᠳᠡᠭᠡᠳᠦ ᠵᠡᠷᠭᠡ ᠶᠢᠨ ᠰᠤᠷᠭᠠᠭᠤᠯᠢ ᠳᠤ ᠬᠤᠰᠢᠭᠤᠴᠢ ᠬᠤᠷᠠᠩᠳᠠ ᠰᠤᠷᠭᠠᠭᠴᠢ ᠪᠠᠷ ᠲᠣᠮᠢᠯᠠᠭᠳᠠᠪᠠ᠃ 1945 ᠣᠨ ᠳᠤ ᠴᠢᠯᠦᠭᠡᠯᠡᠭᠳᠡᠬᠦ ᠦᠶ᠎ᠡ ᠳᠤ ᠵᠦᠪᠯᠡᠯᠲᠦ ᠶᠢᠨ ᠴᠡᠷᠢᠭ ᠲᠤ ᠣᠯᠵᠠᠯᠠᠭᠳᠠᠵᠤ᠂ 1946 ᠣᠨ ᠤ 1 ᠰᠠᠷ᠎ᠠ ᠳᠤ ᠰᠤᠯᠠᠯᠠᠭᠳᠠᠭᠰᠠᠨ ᠤ ᠪᠠᠨ ᠳᠠᠷᠠᠭ᠎ᠠ ᠸᠠᠩ ᠤᠨ ᠰᠦᠮ᠎ᠡ ︵ᠥᠨᠥ ᠶᠢᠨ ᠤᠯᠠᠭᠠᠨᠬᠤᠲᠠ︶ ᠳᠤ ᠵᠡᠭᠦᠨ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠳᠤ ᠠᠵᠢᠯᠯᠠᠪᠠ᠃ ᠳᠡᠮᠡᠢ ᠤᠳᠠᠯ ᠦᠭᠡᠢ ᠯᠢᠨᠳᠦ᠋ᠡᠭ ᠳᠤ ᠪᠠᠨ ᠪᠣᠴᠠᠨ ᠢᠷᠡᠵᠦ᠂ ᠨᠠᠢᠮᠠᠨ ᠵᠠᠮ ᠤᠨ ᠴᠡᠷᠢᠭ ᠲᠠᠢ ᠬᠠᠷᠢᠴᠠᠭ᠎ᠠ ᠬᠤᠯᠪᠣᠭ᠎ᠠ ᠠᠪᠴᠤ ᠠᠬ᠎ᠠ ᠾᠧ ᠽᠢ ᠵᠠᠩ ᠳᠤ ᠠᠵᠢᠯ ᠬᠢᠪᠡ᠃ 1946 ᠣᠨ ᠳᠤ ᠴᠧᠩᠳᠧ ᠶᠢᠨ ︽ᠳᠥᠷᠪᠡ᠂ ᠭᠤᠷᠪᠠ︾ ᠶᠢᠨ ᠬᠤᠷᠠᠯᠳᠣᠭᠠᠨ ᠤ ᠳᠠᠷᠠᠭ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠬᠦᠳᠡᠯᠭᠡᠭᠡᠨ ᠤ ᠬᠤᠯᠪᠤᠭᠠᠲᠤ ᠬᠤᠷᠠᠯ ᠤᠨ ᠵᠤᠤ ᠤᠳᠠ ᠴᠢᠭᠤᠯᠭᠠᠨ ᠤ ᠬᠤᠪᠢᠶᠠᠷᠢ ᠬᠤᠷᠠᠯ ᠤᠨ ᠭᠡᠰᠢᠭᠦᠨ᠂ ᠥᠪᠡᠷ ᠢ ᠪᠠᠨ ᠬᠠᠮᠠᠭᠠᠯᠠᠬᠤ ᠴᠡᠷᠢᠭ ᠤᠨ ᠲᠥᠷᠪᠡᠳᠦᠭᠡᠷ ᠳ᠋ᠢᠸᠢᠽᠢ ᠵᠢᠴᠢ ᠬᠤᠵᠢᠮ ᠤᠨ ᠮᠣᠩᠭᠤᠯ ᠬᠢᠲᠡᠳ ᠬᠤᠯᠪᠣᠭᠠᠲᠦ ᠴᠡᠷᠢᠭ ᠤᠨ ᠳᠦᠷᠪᠡᠳᠦᠭᠡᠷ ᠳ᠋ᠢᠸᠢᠽᠢ ᠶᠢᠨ ᠵᠦᠪᠯᠡᠭᠴᠢ ᠶᠢᠨ ᠲᠤᠰᠢᠶᠠᠯ ᠳᠤ ᠪᠠᠶᠢᠪᠠ᠃ 1947 ᠣᠨ ᠤ 4 ᠰᠠᠷ᠎ᠠ ᠳᠤ ᠲᠥᠷᠪᠡᠳᠦᠭᠡᠷ ᠳ᠋ᠢᠸᠢᠽᠢ ᠶᠢᠨ ᠳᠠᠷᠤᠭ᠎ᠠ ᠪᠠᠷ ᠲᠣᠮᠢᠯᠠᠭᠳᠠᠵᠤ ᠂ ᠪᠤᠷᠢᠶᠠᠳ ᠤᠨ ᠷᠢᠨᠴᠢᠨᠳᠤᠷᠵᠢ ᠶᠢᠨ ᠳᠡᠭᠡᠷᠡᠮ ᠤᠨ ᠪᠦᠯᠦᠭ ᠢ ᠤᠰᠠᠳᠬᠠᠬᠤ ᠪᠠᠶᠢᠯᠳᠤᠭᠠᠨ ᠪᠠ ᠪᠣᠣ ᠴᠠᠩ ᠢ ᠴᠢᠯᠦᠭᠡᠯᠡᠬᠦ ᠲᠠᠶᠢᠨ ᠳᠤ ᠣᠷᠣᠯᠴᠠᠪᠠ᠃ 1948 ᠣᠨ ᠤ 4 ᠰᠠᠷ᠎ᠠ ᠠᠴᠠ ᠰᠡᠭᠦᠯᠡᠷ ᠵᠣᠰᠤᠲᠦ ᠶᠢᠨ ᠴᠢᠭᠤᠯᠭᠠᠨ ᠤ ᠴᠤᠪᠤᠭ᠎ᠠ ᠠᠩᠭᠢ ᠶᠢᠨ ᠠᠷᠪᠠᠳᠤᠭᠠᠷ ᠳ᠋ᠢᠸᠢᠽᠢ ᠶᠢᠨ ᠳᠡᠳ᠋ ᠳᠠᠷᠤᠭ᠎ᠠ ᠪᠠᠷ ᠲᠣᠮᠢᠯᠠᠭᠳᠠᠵᠤ ᠂ 1949 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠠᠯ ᠠᠵᠤ ᠠᠬᠤᠢ ᠶᠢᠨ ᠭᠠᠵᠠᠷ ᠤᠨ ᠲᠠᠷᠤᠭ᠎ᠠ ᠪᠣᠯᠪᠠ᠃ ᠰᠡᠭᠦᠯᠡᠷ ᠨᠢ ᠰᠢᠯᠢ ᠶᠢᠨ ᠭᠤᠣᠯ ᠠᠶᠢᠮᠠᠭ ᠤᠨ ᠪᠠᠶᠠᠨᠰᠢᠯᠢ ᠶᠢᠨ ᠲᠠᠯ᠎ᠠ ᠨᠤᠲᠤᠭ ᠲᠤ ᠥᠪᠥᠷ ᠮᠣᠩᠭᠤᠯ ᠤᠨ ᠤᠯᠤᠰ ᠠᠴᠠ ᠡᠷᠬᠢᠯᠡᠭᠰᠡᠨ ᠠᠩᠬᠠᠳᠠᠭᠴᠢ ᠮᠠᠯᠵᠢᠯ ᠤᠨ ᠲᠠᠯᠠᠪᠠᠢ ᠊᠊᠊᠊᠊ ᠰᠢᠯᠢ ᠶᠢᠨ ᠭᠤᠣᠯ ᠠᠶᠢᠮᠠᠭ ᠤᠨ ᠦᠷᠡᠰ ᠮᠠᠯ ᠤᠨ ᠲᠠᠯᠠᠪᠠᠢ ᠶᠢ ᠪᠠᠶᠢᠭᠤᠯᠪᠠ᠃ 1954 ᠣᠨ ᠳᠤ ᠲᠠᠯᠠᠪᠠᠢ ᠶᠢᠨ ᠳᠠᠷᠤᠭ᠎ᠠ ᠪᠠᠷ ᠪᠣᠯᠪᠠ᠃       1966 ᠣᠨ ᠳᠤ ᠰᠢᠯᠢ ᠶᠢᠨ ᠭᠤᠣᠯ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠢᠶᠠᠷ ᠰᠢᠯᠵᠢᠨ ᠠᠵᠢᠯᠯᠠᠪᠠ᠃ ︽ᠰᠣᠶᠣᠯ ᠤᠨ ᠶᠡᠭᠡ ᠬᠤᠪᠢᠰᠬᠠᠯ︾ ᠤᠨ ᠳᠤᠮᠲᠠ ᠲᠠᠷᠴᠢᠯᠠᠭᠠᠭᠳᠠᠨ ᠵᠡᠮᠳᠡᠭ ᠪᠣᠯᠵᠤ᠂ 1973 ᠣᠨ ᠤ 8 ᠰᠠᠷ᠎ᠠ ᠳᠤ ᠡᠪᠡᠳᠴᠢᠨ ᠢᠶᠠᠷ 71 ᠨᠠᠰᠤᠲᠠᠢ ᠨᠠᠰᠤ ᠪᠠᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ