ᠮᠠ ᠶᠦᠨ ᠰᠢᠶᠠᠩ
ᠨᠡᠶᠢᠲᠡᠯᠡᠭᠰᠡᠨ ᠴᠠᠭ᠄
2023/12/4
      ᠮᠠ ᠶᠦᠨ ᠰᠢᠶᠠᠩ᠂ ᠡᠷᠡᠭᠲᠡᠢ᠂ ᠬᠢᠲᠠᠳ ᠦᠨᠳᠦᠰᠦᠲᠡᠨ᠂ ᠬᠡᠰᠢᠭᠲᠡᠨ ᠬᠤᠰᠢᠭᠤᠨ ᠤ ᠲᠢᠶᠠᠨ ᠾᠧ ᠶᠤᠸᠠᠨ ᠤ ᠬᠦᠮᠦᠨ᠂ 1903 ᠣᠨ ᠳᠤ ᠲᠦᠷᠦᠵᠠᠢ᠃ ᠴᠢᠯᠦᠭᠡᠯᠡᠬᠦ ᠳᠠᠶᠢᠨ ᠤ ᠦᠶ᠎ᠡ ᠳᠤ ᠭᠤᠷᠪᠠᠨ ᠬᠦᠪᠡᠭᠦᠨ ᠢᠶᠠᠨ ᠴᠡᠷᠢᠭ ᠲᠤ ᠬᠦᠷᠭᠡᠪᠡ᠂ ᠪᠦᠬᠦ ᠤᠯᠤᠰ ᠤᠨ ᠪᠠᠶᠢᠯᠳᠤᠭᠠᠨ ᠤ ᠪᠠᠭᠠᠲᠤᠷ ᠮᠠ ᠴᠦᠨ ᠢᠥᠢ ᠪᠣᠯ ᠲᠠᠷᠦᠢ ᠲᠡᠭᠦᠨ ᠤ ᠬᠤᠶᠠᠳᠤᠭᠠᠷ ᠬᠦᠪᠡᠭᠦᠨ ᠨᠢ ᠪᠣᠯᠣᠨ᠎ᠠ᠃ ᠲᠡᠭᠦᠨ ᠤ ᠦᠵᠡᠯ ᠰᠠᠨᠠᠭ᠎ᠠ ᠨᠢ ᠳᠠᠪᠰᠢᠩᠭᠤᠢ᠂ ᠠᠵᠢᠯ ᠬᠦᠳᠡᠯᠮᠦᠷᠢ ᠳᠤ ᠢᠳᠡᠪᠬᠢᠲᠠᠢ ᠣᠷᠣᠯᠴᠠᠳᠠᠭ ᠠᠴᠠ ᠬᠤᠰᠢᠭᠤ᠂ ᠠᠶᠢᠮᠠᠭ᠂ ᠥᠪᠣᠷ ᠮᠣᠩᠭᠤᠯ ᠬᠢᠭᠡᠳ ᠪᠦᠬᠦ ᠤᠯᠤᠰ ᠤᠨ ᠴᠡᠷᠢᠭ ᠤᠨ ᠭᠡᠷ ᠪᠦᠯᠢ ᠶᠢᠨ ᠵᠢᠱᠢᠶᠡᠴᠢ ᠪᠠᠷ ᠰᠤᠩᠭᠤᠭᠳᠠᠵᠤ ᠥᠩᠭᠡᠷᠡᠪᠡ ᠃ 1953 ᠣᠨ ᠳᠤ ᠭᠤᠷᠪᠠᠳᠤᠭᠠᠷ ᠬᠤᠭᠤᠴᠠᠭᠠᠨ ᠤ ᠰᠣᠯᠣᠩᠭᠤᠰ ᠲᠤ ᠬᠦᠷᠴᠦ ᠲᠣᠬᠤᠨᠢᠭᠤᠯᠬᠤ ᠪᠦᠯᠬᠦᠮ ᠳᠤ ᠣᠷᠤᠯᠴᠠᠵᠤ᠂ 1959 ᠣᠨ ᠳᠤ ᠪᠦᠬᠦ ᠤᠯᠤᠰ ᠤᠨ ᠲᠡᠷᠢᠭᠦᠨ ᠤ ᠠᠰᠠᠷᠠᠨ ᠬᠠᠷᠠᠭᠠᠯᠵᠠᠬᠤ ᠵᠢᠱᠢᠶᠡᠴᠢᠳ ᠤᠨ ᠬᠤᠷᠠᠯ ᠳᠤ ᠣᠷᠣᠯᠴᠠᠵᠠᠢ᠃ ᠨᠠᠶᠢᠬᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠳᠤ ᠲᠡᠷᠡ ᠢᠷᠠᠭᠤ ᠠᠯᠳᠠᠷ ᠢᠶᠠᠨ ᠢᠮᠠᠭᠲᠠ ᠪᠠᠳᠤᠯᠠᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠪᠠ᠃ 1972 ᠣᠨ ᠳᠤ ᠡᠪᠡᠳᠴᠢᠨ ᠢᠶᠠᠷ ᠨᠠᠰᠤ ᠪᠠᠷᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ