| ᠵᠠᠩ ᠾᠧ ᠹᠧᠡᠭ᠂ ᠡᠷᠡᠭᠲᠡᠢ᠂ ᠬᠢᠲᠠᠳ ᠦᠨᠳᠦᠰᠦᠲᠡᠨ᠂ 1901 ᠣᠨ ᠤ ᠡᠪᠦᠯ ᠯᠢᠶᠣᠣᠨᠢᠩ ᠮᠣᠵᠢ ᠶᠢᠨ ᠢ ᠰᠢᠶᠠᠨ ᠳᠤ ᠲᠦᠷᠦᠵᠠᠢ᠃ ᠬᠢᠲᠠᠳ | ᠡᠮᠨᠡᠯᠭᠡ ᠶᠢᠨ ᠡᠮᠴᠢ᠃ 1930 ᠣᠨ ᠳᠤ ᠠᠤᠬᠠᠨ ᠬᠤᠰᠢᠭᠤᠨ ᠤ ᠰᠢᠶᠠ ᠸᠠ ᠳᠤ ᠰᠠᠭᠤᠷᠢᠰᠢᠵᠦ ᠡᠮᠴᠢᠯᠡᠭᠡᠨ ᠬᠢᠪᠡ᠃ ᠴᠢᠯᠦᠭᠡᠯᠡᠭᠳᠡᠭᠰᠡᠨ ᠤ ᠳᠠᠷᠠᠭ᠎ᠠ 1947 | ᠣᠨ ᠳᠤ ᠠᠤᠬᠠᠨ ᠬᠤᠰᠢᠭᠤᠨ ᠤ ᠣᠷᠣᠨ ᠨᠣᠳᠤᠭ ᠤᠨ ᠬᠠᠮᠤᠭ ᠠᠩᠬᠠᠨ ᠤ ᠠᠯᠪᠠᠨ ᠤ ᠡᠮ ᠤᠨ ᠲᠡᠯᠭᠡᠬᠦᠷ ᠊᠊᠊᠊᠊ ᠰᠢᠶᠠ ᠸᠠ ᠮᠢᠠ ᠱᠧᠡᠭ ᠡᠮ ᠤᠨ ᠲᠡᠯᠭᠡᠭᠦᠷ ᠢ | ᠪᠠᠶᠢᠭᠤᠯᠪᠠ᠃ ᠥᠪᠡᠷᠲᠡᠭᠡᠨ ᠳᠠᠭᠠᠭᠠᠮᠠᠯ ᠪᠣᠯᠣᠭᠰᠠᠨ ᠪᠦᠭᠡᠳ ᠡᠮ ᠤᠨ ᠲᠡᠯᠭᠡᠭᠦᠷ ᠲᠤ ᠰᠠᠭᠤᠬᠤ ᠡᠮᠴᠢ ᠶᠢᠨ ᠠᠵᠢᠯ ᠢ ᠬᠠᠪᠰᠤᠷᠭᠠᠨ ᠬᠢᠪᠡ᠃ ᠣᠯᠠᠨ ᠨᠡᠶᠢᠲᠡ ᠶᠢᠨ | ᠠᠰᠠᠷᠠᠮᠵᠢ ᠶᠢᠨ ᠠᠵᠢᠯ ᠳᠤ ᠢᠳᠡᠪᠬᠢᠲᠡᠢ ᠣᠷᠣᠯᠴᠠᠵᠦ᠂ ᠠᠷᠠᠳ ᠲᠦᠮᠡᠨ ᠳᠤ ᠦᠢᠯᠡᠴᠢᠯᠡᠳᠡᠭ ᠠᠴᠠ ᠵᠡᠭᠦᠨ ᠬᠤᠶᠢᠲᠦ ᠶᠢᠨ ᠠᠷᠠᠳ ᠤᠨ ᠵᠠᠰᠠᠭ ᠤᠨ ᠣᠷᠳᠤᠨ ᠳᠤ | ᠰᠠᠶᠢᠰᠢᠶᠠᠭᠳᠠᠨ ᠬᠥᠬᠢᠭᠦᠯᠦᠭᠳᠡᠪᠡ᠃ 1951 ᠣᠨ ᠳᠤ ᠤᠯᠤᠰ ᠤᠨ ᠡᠷᠡᠭᠦᠯ ᠬᠠᠮᠠᠭᠠᠯᠠᠯ ᠤᠨ ᠶᠠᠮᠤᠨ ᠠᠴᠠ ᠲᠡᠭᠦᠨ ᠳᠤ ᠬᠢᠲᠠᠳ ᠶᠡᠭᠡ ᠡᠮᠴᠢ ᠶᠢᠨ ᠴᠣᠯᠠ | ᠣᠯᠭᠤᠪᠠ᠃ ᠲᠡᠷᠡ ᠳᠤᠮᠳᠠᠳᠤ ᠤᠯᠤᠰ ᠤᠨ ᠡᠪ ᠬᠠᠮᠲᠦ ᠨᠠᠮ ᠢ ᠬᠦᠷᠢᠶᠡᠯᠡᠵᠦ᠂ 1951 ᠣᠨ ᠳᠤ ᠠᠮᠧᠷᠢᠺᠠ ᠶᠢ ᠡᠰᠡᠷᠭᠦᠴᠡᠵᠦ ᠰᠣᠯᠣᠩᠭᠤᠰ ᠢ ᠲᠤᠰᠠᠯᠠᠬᠤ | ᠬᠦᠳᠡᠯᠭᠡᠭᠡᠨ ᠳᠤ ᠲᠦᠷᠦᠭᠦᠯᠡᠨ ᠲᠤᠰᠠᠯᠠᠮᠵᠢ ᠦᠵᠡᠭᠦᠯᠵᠦ᠂ 1953 ᠣᠨ ᠳᠤ ︽ᠪᠦᠲᠦᠭᠡᠨ ᠪᠠᠶᠢᠭᠤᠯᠤᠯᠲᠠ ᠶᠢᠨ ᠠᠯᠪᠠᠨ ᠵᠢᠭᠡᠯᠡᠯᠭᠡ︾ ᠶᠢ ᠲᠦᠷᠦᠭᠦᠯᠡᠨ | ᠬᠤᠳᠠᠯᠳᠤᠨ ᠠᠪᠴᠠᠢ᠃ 1956 ᠣᠨ ᠳᠤ ᠦᠢᠯᠡᠳᠪᠦᠷᠢ ᠬᠤᠳᠠᠯᠳᠤᠭᠠᠨ ᠤ ᠨᠡᠶᠢᠭᠡᠮ ᠵᠢᠷᠤᠮ ᠤᠨ ᠥᠭᠡᠷᠡᠴᠢᠯᠡᠯᠲᠠ ᠶᠢᠨ ᠦᠶᠡᠰ᠂ ᠲᠡᠷᠡ ᠲᠦᠷᠦᠭᠦᠯᠡᠨ ᠤᠯᠤᠰ | ᠬᠤᠪᠢ ᠬᠤᠷᠰᠢᠭᠰᠠᠨ ᠡᠵᠡᠩᠨᠡᠯᠲᠡ ᠳᠤ ᠣᠷᠣᠯᠴᠠᠵᠤ᠂ ᠠᠤᠬᠠᠨ ᠬᠤᠰᠢᠭᠤᠨ ᠤ ᠦᠢᠯᠡᠳᠪᠦᠷᠢ ᠬᠤᠳᠠᠯᠳᠤᠭᠠᠨ ᠤ ᠬᠠᠮᠳᠤᠷᠠᠭᠰᠠᠨ ᠨᠡᠶᠢᠭᠡᠮᠯᠢᠭ ᠤᠨ ᠡᠷᠬᠢᠯᠡᠭᠴᠢ ᠪᠠᠷ | ᠰᠤᠩᠭᠤᠭᠳᠠᠪᠠ᠃ 1963 ᠣᠨ ᠳᠤ ᠬᠤᠰᠢᠭᠤᠨ ᠤ ᠡᠷᠡᠭᠦᠯ ᠬᠠᠮᠠᠭᠠᠯᠠᠯ ᠤᠨ ᠨᠡᠶᠢᠭᠡᠮᠯᠢᠭ ᠤᠨ ᠡᠷᠬᠢᠯᠡᠭᠴᠢ ᠪᠣᠯᠪᠠ᠃ ᠲᠡᠷᠡ ᠬᠢᠲᠠᠳ ᠡᠮᠨᠡᠯᠭᠡ ᠶᠢᠨ ᠳᠣᠲᠣᠷ | ᠡᠮᠨᠡᠯᠭᠡ᠂ ᠡᠮᠡᠭᠲᠡᠶᠢᠴᠦᠳ ᠤᠨ ᠡᠪᠡᠳᠴᠢᠨ ᠳᠤ ᠮᠡᠷᠭᠡᠰᠢᠵᠦ᠂ ᠡᠮᠴᠢᠯᠡᠭᠡᠨ ᠤ ᠮᠡᠷᠭᠡᠵᠢᠯ ᠥᠨᠳᠥᠷ᠂ ᠡᠮᠴᠢ ᠶᠢᠨ ᠶᠣᠰᠤ ᠮᠣᠷᠠᠯ ᠡᠷᠬᠢᠮ ᠪᠣᠯᠬᠤᠷ ᠤᠷᠢᠳ ᠬᠤᠵᠢᠳ | ᠿᠧᠾᠧ ᠮᠣᠵᠢ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ | ᠵᠦᠪᠯᠡᠯᠭᠡᠨ ᠤ ᠭᠡᠰᠢᠭᠦᠨ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠭᠡᠰᠢᠭᠦᠨ ᠢᠶᠠᠷ ᠰᠣᠩᠭᠤᠭᠳᠠᠵᠠᠢ᠃ 1970 ᠣᠨ ᠤ 6 ᠰᠠᠷ᠎ᠠ ᠳᠤ ᠰᠢᠨ ᠬᠤᠢ ᠪᠠᠯᠭᠠᠰᠤ ᠳᠤ ᠡᠪᠡᠳᠴᠢᠨ ᠢᠶᠠᠷ ᠨᠠᠰᠤ ᠪᠠᠷᠠᠪᠠ᠃ | | |