| ᠰᠠᠶ᠋ᠢᠤ᠂ ᠥᠭᠡᠷ᠎ᠡ ᠨᠡᠷ᠎ᠡ ᠦᠯᠵᠡᠢ᠂ ᠡᠷᠡᠭᠲᠡᠢ᠂ ᠮᠣᠩᠭᠤᠯ ᠦᠨᠳᠦᠰᠦᠲᠡᠨ᠂ 1890 ᠣᠨ ᠳᠤ ᠬᠠᠷᠠᠴᠢᠨ ᠳᠤᠮᠲᠠ ᠬᠤᠰᠢᠭᠤᠨ ᠤ ᠯᠤᠤᠬ᠎ᠠ ᠶᠢᠨ | ᠭᠤᠣᠯ ᠤᠨ ᠬᠥᠪᠡᠭᠡ ᠶᠢᠨ ᠲᠠᠪᠤᠨᠭᠡᠷ ᠲᠤᠰᠬᠤᠨ ᠳᠤ ᠲᠦᠷᠦᠵᠠᠢ᠃ 7 ᠨᠠᠰᠤᠲᠠᠢ ᠳᠤ ᠪᠠᠨ ᠰᠠᠨ ᠽᠦᠸᠧ ᠳ᠋ᠢᠶᠠᠨ ᠤ ᠱᠥᠯᠥᠬᠡᠶᠢᠲᠦ ᠰᠦᠮ᠎ᠡ ᠳᠤ ᠨᠣᠮ ᠰᠤᠷᠴᠤ᠂ | ᠠᠷᠪᠠᠭᠠᠳ ᠵᠢᠯ ᠰᠢᠷᠭᠠᠭᠤ ᠬᠠᠲᠠᠭᠤᠵᠢᠯᠲᠠᠢ ᠰᠤᠷᠤᠯᠭ᠎ᠠ ᠪᠠᠷ ᠳᠠᠮᠵᠢᠨ ᠮᠣᠩᠭᠤᠯ᠂ ᠬᠢᠲᠡᠳ᠂ ᠲᠦᠪᠡᠳ ᠪᠢᠴᠢᠭ ᠲᠤ ᠨᠡᠪᠲᠡᠷᠡᠭᠰᠡᠨ ᠪᠦᠭᠡᠳ ᠪᠠᠰᠠ ᠮᠣᠩᠭᠤᠯ | ᠲᠦᠪᠡᠳ ᠡᠮ ᠡᠮᠨᠡᠯᠭᠡ ᠶᠢᠨ ᠤᠬᠠᠭᠠᠨ ᠢ ᠥᠪᠡᠷ ᠢᠶᠠᠨ ᠰᠤᠷᠴᠤ ᠡᠵᠡᠮᠰᠢᠵᠡᠢ᠃ ᠬᠤᠵᠢᠮ ᠨᠢ ᠡᠵᠢ ᠠᠪᠤ ᠨᠢ ᠡᠪᠡᠳᠴᠢᠨ ᠢᠶᠠᠷ ᠨᠠᠰᠤ ᠪᠠᠷᠠᠭᠰᠠᠨ ᠠᠴᠠ 1916 | ᠣᠨ ᠳᠤ ᠡᠮ ᠤᠨ ᠪᠣᠭᠴᠤ ᠪᠠᠨ ᠡᠭᠦᠷᠴᠦ᠂ ᠭᠡᠷ ᠨᠤᠲᠤᠭ ᠠᠴᠠ ᠪᠠᠨ ᠰᠠᠯᠵᠤ ᠶᠠᠪᠤᠭᠤᠯ ᠡᠮᠴᠢ ᠪᠣᠯᠪᠠ᠃ ᠲᠡᠷᠡ ᠠᠤᠬᠠᠨ ᠬᠤᠰᠢᠭᠤᠨ ᠤ ᠸᠠᠩ ᠤᠨ ᠣᠷᠳᠤᠨ ᠳᠤ | ᠡᠮᠴᠢᠯᠡᠵᠤ ᠦᠩᠭᠡᠷᠡᠪᠡ᠃ 1927 ᠣᠨ ᠳᠤ ᠠᠷᠤ ᠬᠤᠷᠴᠢᠨ ᠬᠤᠰᠢᠭᠤᠨ ᠤ ᠪᠠᠷᠠᠭᠤᠨ ᠳᠠᠬᠢ ᠬᠠᠷᠠᠴᠢᠨ ᠠᠶᠢᠯ ᠳᠤ ᠨᠤᠲᠤᠭᠰᠢᠵᠤ᠂ ᠥᠪᠡᠷ ᠢᠶᠠᠨ ᠡᠮ ᠤᠨ | ᠮᠠᠲ᠋ᠧᠷᠢᠶᠠᠯ ᠲᠡᠭᠦᠵᠦ ᠡᠮ ᠨᠠᠶᠢᠷᠠᠭᠤᠯᠤᠭᠠᠳ ᠡᠪᠡᠳᠴᠢᠨ ᠵᠠᠰᠠᠵᠤ ᠪᠠᠶᠢᠪᠠ᠃ ᠲᠡᠭᠦᠨ ᠤ ᠡᠮᠴᠢᠯᠡᠭᠡᠨ ᠤ ᠡᠷᠳᠡᠮ ᠦᠨᠳᠦᠷ᠂ ᠬᠤᠯᠠ ᠥᠢᠷ᠎ᠠ ᠳᠤ ᠪᠠᠨ | ᠠᠯᠳᠠᠷᠰᠢᠭᠰᠠᠨ ᠪᠣᠯᠬᠤᠷ ᠪᠠᠯᠴᠢᠷᠤᠳ ᠰᠦᠮ᠎ᠡ ᠶᠢᠨ ᠭᠡᠭᠡᠨ ᠯᠣᠪᠰᠠᠩ ᠠᠴᠠ ᠰᠠᠶ᠋ᠢᠤ ᠶᠢ ᠶᠡᠭᠡ ᠯᠠᠮᠠ ᠴᠣᠯᠠ ᠡᠷᠭᠦᠮᠵᠢᠯᠡᠵᠦ᠂ ᠥᠪᠡᠷ ᠤᠨ ᠪᠡᠶ᠎ᠡ ᠪᠠᠷ ᠢᠶᠠᠨ ᠠᠷᠪᠠᠨ | ᠬᠡᠳᠦᠨ ᠯᠠᠮᠠ ᠳᠠᠭᠠᠭᠤᠯᠵᠤ᠂ ᠰᠠᠶ᠋ᠢᠤ ᠶᠢ ᠪᠠᠭᠰᠢ ᠪᠠᠷᠢᠨ᠂ ᠮᠣᠩᠭᠤᠯ ᠡᠮᠨᠡᠯᠭᠡ ᠶᠢᠨ ᠤᠬᠠᠭᠠᠨ ᠰᠤᠷᠴᠠᠢ᠃ ᠡᠳᠡᠭᠡᠷ ᠬᠦᠮᠦᠰ ᠨᠢ ᠳᠠᠷᠤᠢ ᠲᠡᠭᠦᠨ ᠤ ᠬᠦᠮᠦᠵᠢᠭᠦᠯᠦᠨ | ᠭᠠᠷᠭᠠᠭᠰᠠᠨ ᠬᠠᠮᠤᠭ ᠠᠩᠬᠠᠨ ᠤ ᠮᠣᠩᠭᠤᠯ ᠡᠮᠴᠢ ᠪᠣᠯᠣᠨ᠎ᠠ᠃ ᠰᠠᠭᠦᠯᠡᠷ ᠨᠢ ᠲᠡᠷᠡ ᠪᠠᠰᠠ ᠨᠡᠯᠢᠶᠡᠳ ᠣᠯᠠᠨ ᠯᠠᠮᠠ ᠡᠮᠴᠢ ᠬᠦᠮᠦᠵᠢᠭᠦᠯᠤᠨ ᠭᠠᠷᠭᠠᠭᠰᠠᠨ ᠪᠠᠶᠢᠨ᠎ᠠ᠃ | ᠲᠡᠷᠡ ᠡᠮ ᠡᠮᠨᠠᠯᠭᠡ ᠶᠢᠨ ᠣᠨᠣᠯ ᠰᠣᠳᠣᠯᠵᠦ᠂ ᠥᠪᠡᠷ ᠤᠨ ᠲᠤᠷᠰᠢᠯᠭᠠᠲᠤ ᠵᠣᠷ ᠢᠶᠠᠨ ᠡᠮᠬᠢᠳᠭᠡᠨ ᠲᠥᠪᠡᠳ ᠡᠮᠨᠡᠯᠭᠡ ᠶᠢᠨ ᠨᠡᠷᠡᠲᠦ ᠵᠣᠬᠢᠶᠠᠯ ︽ᠠᠨᠠᠭᠠᠬᠤ | ᠤᠬᠠᠭᠠᠨ ᠤ ᠲᠥᠷᠪᠡᠨ ᠦᠨᠳᠦᠰᠦ︾ ᠶᠢ ᠣᠷᠴᠢᠭᠤᠯᠵᠤ᠂ ︽ᠮᠣᠩᠭᠤᠯ ᠬᠢᠲᠡᠳ ᠲᠦᠪᠡᠳ ᠡᠮ ᠤᠨ ᠵᠣᠷ ᠤᠨ ᠬᠠᠷᠢᠴᠠᠭᠤᠯᠤᠭᠰᠠᠨ ᠭᠠᠷ ᠠᠪᠤᠯᠭ᠎ᠠ︾ ᠶᠢ | ᠨᠠᠶᠢᠷᠠᠭᠤᠯᠤᠨ ᠣᠷᠴᠢᠭᠤᠯᠪᠠ᠃ ᠲᠡᠷᠡ ᠪᠠᠰᠠ ᠪᠠᠯᠴᠢᠷᠤᠳ ᠰᠦᠮ᠎ᠡ ᠶᠢᠨ ᠡᠮᠨᠡᠯᠭᠡ ᠶᠢᠨ ᠬᠤᠷᠢᠶ᠎ᠠ ᠶᠢ ᠪᠠᠶᠢᠭᠤᠯᠵᠠᠢ᠃ 1956 ᠣᠨ ᠳᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠤᠨ ᠠᠵᠢᠯ ᠤᠨ | ᠲᠡᠷᠢᠭᠦᠨ ᠤ ᠠᠵᠢᠯᠲᠠᠨ ᠢᠶᠠᠷ ᠰᠣᠩᠭᠤᠭᠳᠠᠵᠤ᠂ 1960 ᠣᠨ ᠳᠤ ᠥᠪᠥᠷ ᠮᠣᠩᠭᠤᠯ ᠤᠨ ᠡᠮ ᠡᠮᠨᠡᠯᠭᠡ ᠶᠢᠨ ᠲᠡᠭᠡᠳᠦ ᠰᠤᠷᠭᠠᠭᠤᠯᠢ ᠶᠢᠨ ᠮᠣᠩᠭᠤᠯ ᠡᠮᠨᠡᠯᠭᠡ ᠶᠢᠨ | ᠰᠣᠳᠣᠯᠬᠤ ᠭᠠᠵᠠᠷ ᠤᠨ ᠰᠣᠲᠣᠯᠣᠭᠴᠢ ᠪᠠᠷ ᠤᠷᠢᠭᠳᠠᠵᠤ᠂ ᠰᠤᠷᠤᠭᠴᠢᠳ ᠢᠶᠠᠨ ᠲᠠᠭᠠᠭᠤᠯᠵᠦ ᠵᠠᠭᠤ ᠭᠠᠷᠤᠢ ᠡᠮ ᠤᠨ ᠮᠠᠲ᠋ᠧᠷᠢᠶᠠᠯ ᠲᠡᠭᠦᠵᠦ ᠴᠤᠭᠯᠠᠭᠠᠪᠠ᠃ | 1970 ᠣᠨ ᠳᠤ 80 ᠨᠠᠰᠤᠲᠠᠢ ᠡᠪᠡᠳᠴᠢᠨ ᠢᠶᠠᠷ ᠨᠠᠰᠤ ᠪᠠᠷᠠᠪᠠ᠃ | | | |