| ᠮᠢᠰᠢᠭᠷᠡᠪᠲᠤᠨ᠂ ᠡᠷᠡᠭᠲᠡᠢ᠂ ᠮᠣᠩᠭᠤᠯ ᠦᠨᠳᠦᠰᠦᠲᠡᠨ᠂ 1901 ᠣᠨ ᠳᠤ ᠪᠠᠭᠠᠷᠢᠨ ᠵᠡᠭᠦᠨ ᠭᠠᠷᠤᠨ ᠬᠤᠰᠢᠭᠤᠨ ᠤ ᠰᠢᠷ᠎ᠠ ᠬᠠᠳᠠ ᠠᠶᠢᠯ ᠤᠨ ᠨᠢᠭᠡᠨ | ᠢᠵᠠᠭᠤᠷᠲᠠᠨ ᠤ ᠭᠡᠷ ᠲᠤ ᠲᠦᠷᠦᠵᠠᠢ᠃ 17 ᠨᠠᠰᠤᠲᠠᠢ ᠳᠤ ᠪᠠᠨ ᠠᠬ᠎ᠠ ᠪᠠᠨ ᠵᠠᠯᠭᠠᠮᠵᠢᠯᠠᠵᠦ ᠲᠣᠰᠠᠯᠠᠭᠴᠢ ᠪᠣᠯᠵᠤ᠂ ᠬᠠᠭᠤᠷᠮᠠᠭ ᠮᠠᠨᠵᠤ ᠶᠢᠨ ᠦᠶ᠎ᠡ ᠳᠤ | ᠬᠤᠰᠢᠭᠤᠨ ᠵᠠᠬᠢᠷᠭ᠎ᠠ ᠶᠢᠨ ᠳᠣᠳᠣᠭᠠᠳᠤ ᠬᠡᠷᠡᠭ ᠤᠨ ᠰᠠᠯᠠᠭ᠎ᠠ ᠶᠢᠨ ᠵᠠᠬᠢᠷᠤᠭᠴᠢ᠂ ᠶᠡᠷᠦᠩᠭᠡᠢ ᠬᠡᠷᠡᠭ ᠤᠨ ᠰᠠᠯᠠᠭ᠎ᠠ ᠶᠢᠨ ᠵᠠᠬᠢᠷᠤᠭᠴᠢ ᠪᠤᠯᠤᠨ ᠬᠤᠰᠢᠭᠤᠨ | ᠳᠠᠷᠤᠭ᠎ᠠ ᠶᠢᠨ ᠲᠤᠰᠢᠶᠠᠯ ᠳᠤ ᠪᠠᠶᠢᠪᠠ᠃ ᠶᠠᠫᠣᠨ ᠪᠠᠭᠤᠨ ᠦᠭᠭᠦᠭᠰᠡᠨ ᠤ ᠳᠠᠷᠠᠭ᠎ᠠ ᠲᠡᠷᠡ ᠭᠡᠷ ᠲᠤ ᠪᠠᠨ ᠰᠡᠯᠡᠭᠦᠦ ᠰᠠᠭᠤᠵᠠᠢ᠃ ᠲᠡᠷᠡ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠦᠷᠦ ᠶᠢᠨ ᠪᠣᠳᠣᠯᠭ᠎ᠠ ᠶᠢ ᠬᠦᠷᠢᠶᠠᠯᠡᠵᠦ᠂ ᠾᠧ ᠽᠢ ᠵᠠᠩ ᠤᠨ ᠵᠣᠬᠢᠶᠠᠨ ᠪᠠᠶᠢᠭᠤᠯᠤᠭᠰᠠᠨ ᠥᠪᠡᠷ ᠢ ᠪᠠᠨ ᠬᠠᠮᠠᠭᠠᠯᠠᠬᠤ ᠴᠡᠷᠢᠭ ᠢ ᠢᠳᠡᠪᠬᠢᠲᠡᠢ | ᠲᠠᠮᠵᠢᠵᠦ᠂ 700 ᠭᠠᠷᠤᠢ ᠮᠣᠷᠢ ᠬᠦᠷᠭᠡᠵᠦ ᠥᠭᠪᠡ᠃ 1947 ᠣᠨ ᠳᠤ ᠬᠤᠰᠢᠭᠤᠨ ᠤ ᠠᠷᠠᠳ ᠤᠨ ᠲᠥᠯᠥᠭᠡᠯᠡᠭᠴᠢ ᠶᠢᠨ ᠬᠤᠪᠢ ᠪᠠᠷ ᠸᠠᠩ ᠤᠨ ᠰᠦᠮ᠎ᠡ ᠳᠤ | ᠬᠦᠷᠴᠦ ︵ᠥᠨᠥ ᠶᠢᠨ ᠤᠯᠠᠭᠠᠨᠬᠤᠲᠠ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ ᠶᠡᠭᠡ ᠬᠤᠷᠠᠯ ᠳᠤ ᠣᠷᠣᠯᠴᠠᠪᠠ᠃ | ᠬᠤᠷᠰᠢᠶᠠᠵᠢᠯ ᠤᠨ ᠦᠶ᠎ᠡ ᠳᠤ ᠨᠠᠮ ᠤᠨ ᠲᠦᠷᠦ ᠶᠢᠨ ᠪᠣᠳᠣᠯᠭ᠎ᠠ ᠶᠢ ᠢᠳᠡᠪᠬᠢᠲᠡᠢ ᠣᠬᠠᠭᠤᠯᠵᠤ᠂ ᠤᠯᠠᠨ ᠤᠳᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢ ᠪᠠᠷ | ᠰᠣᠩᠭᠤᠭᠳᠠᠵᠤ᠂ ᠬᠤᠰᠢᠭᠤᠨ ᠤ ᠭᠤᠷᠪᠠ᠂ ᠳᠥᠷᠪᠡ᠂ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠴᠦᠮ ᠵᠠᠰᠠᠭ ᠤᠨ | ᠣᠷᠳᠤᠨ ᠤ ᠭᠡᠰᠢᠬᠦᠨ ᠢᠶᠠᠷ ᠰᠤᠩᠭᠤᠭᠲᠠᠬᠤ ᠶᠢᠨ ᠬᠠᠮᠲᠦ᠂ ᠨᠢᠭᠡ᠂ ᠬᠤᠶᠠᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ ᠭᠡᠰᠢᠭᠦᠨ ᠪᠣᠯᠣᠨ | ᠪᠠᠶᠢᠩᠭᠤ ᠶᠢᠨ ᠭᠡᠰᠢᠭᠦᠨ ᠢᠶᠠᠷ ᠰᠤᠩᠭᠤᠭᠲᠠᠪᠠ᠃ 1957 ᠣᠨ ᠳᠤ ᠵᠤᠤ ᠤᠳᠠ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠪᠤᠯᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠭᠡᠰᠢᠭᠦᠨ ᠢᠶᠠᠷ ᠰᠤᠩᠭᠤᠭᠳᠠᠪᠠ᠃ 1959 ᠣᠨ ᠳᠤ | ᠪᠦᠬᠦ ᠤᠯᠤᠰ ᠤᠨ ᠴᠦᠬᠡᠨ ᠲᠣᠭᠠᠲᠤ ᠦᠨᠳᠦᠰᠦᠲᠡᠨ ᠤ ᠲᠣᠭᠤᠷᠢᠨ ᠦᠵᠡᠬᠦ ᠪᠥᠯᠬᠦᠮ ᠤᠨ ᠪᠦᠷᠢᠯᠳᠦᠭᠦᠨ ᠤ ᠬᠤᠪᠢ ᠪᠠᠷ ᠤᠯᠤᠰ ᠪᠠᠶᠢᠭᠤᠯᠤᠭᠳᠠᠭᠰᠠᠨ ᠠᠷᠪᠠᠨ | ᠵᠢᠯ ᠤᠨ ᠤᠢ ᠶᠢ ᠪᠡᠯᠭᠡᠯᠡᠬᠦ ᠶᠡᠭᠡ ᠶᠣᠰᠣᠯᠠᠯ ᠳᠤ ᠣᠷᠣᠯᠴᠠᠪᠠ᠃ ︽ᠰᠤᠶᠤᠯ ᠤᠨ ᠶᠡᠭᠡ ᠬᠤᠪᠢᠰᠬᠠᠯ︾ ᠤᠨ ᠳᠤᠮᠲᠠ ᠬᠤᠤᠷᠯᠠᠯ ᠠᠮᠰᠠᠵᠦ᠂ 1969 ᠣᠨ ᠤ | ᠨᠠᠮᠤᠷ ᠡᠪᠡᠳᠴᠢᠨ ᠢᠶᠠᠷ ᠨᠠᠰᠤ ᠪᠠᠷᠠᠪᠠ᠃ ᠨᠠᠰᠤ ᠪᠠᠷᠠᠭᠰᠠᠨ ᠵᠢᠯ ᠢᠶᠠᠨ 69 ᠨᠠᠰᠤᠲᠠᠢ᠃ | | |