| ᠼᠦᠢ ᠱᠤ᠋᠂ ᠡᠷᠡᠭᠲᠡᠢ᠂ ᠬᠢᠲᠡᠳ ᠦᠨᠳᠦᠰᠦᠲᠡᠨ᠂ 1943 ᠣᠨ ᠳᠤ ᠤᠯᠠᠭᠠᠨᠬᠠᠳᠠ ᠬᠤᠲᠠ ᠶᠢᠨ ᠲᠡᠭᠦᠷᠭᠡ ᠲᠣᠭᠤᠷᠢᠭ ᠤᠨ ᠳ᠋ᠠ ᠨᠢᠶᠠᠨᠽᠢ ᠰᠢᠶᠠᠩ ᠤᠨ | ᠨᠠᠠ ᠭᠧᠦ ᠲᠤᠰᠬᠤᠨ ᠳᠤ ᠲᠦᠷᠦᠵᠠᠢ᠃ 1965 ᠣᠨ ᠳᠤ ᠴᠡᠷᠢᠭ ᠲᠤ ᠣᠷᠣᠵᠤ᠂ ᠯᠠᠨᠵᠧᠦ ᠶᠢᠨ ᠴᠡᠷᠢᠭ ᠤᠨ ᠲᠣᠭᠤᠷᠢᠭ ᠤᠨ 8164 ᠴᠡᠷᠢᠭ ᠠᠩᠭᠢ ᠶᠢᠨ | ᠭᠤᠷᠪᠠᠳᠤᠭᠠᠷ ᠮᠧᠬᠠᠨᠢᠭᠴᠢᠯᠠᠭᠰᠠᠨ ᠰᠤᠮᠤ ᠶᠢᠨ ᠪᠠᠶᠢᠯᠳᠤᠭᠴᠢ᠂ ᠮᠣᠷᠢᠨ ᠲᠡᠷᠭᠡᠨ ᠠᠩᠭᠢ ᠶᠢᠨ ᠳᠠᠷᠤᠭ᠎ᠠ ᠪᠠᠶᠢᠪᠠ᠃ ᠴᠡᠷᠢᠭ ᠲᠤ ᠣᠷᠣᠭᠰᠠᠨ ᠤ ᠪᠠᠨ ᠳᠠᠷᠠᠭ᠎ᠠ | ᠠᠵᠢᠯ ᠳᠤ ᠪᠠᠨ ᠬᠢᠨᠠᠮᠠᠭᠠᠢ᠂ ᠠᠮᠵᠢᠯᠲᠠ ᠲᠣᠪᠤᠶᠢᠮ᠎ᠠ᠂ ᠴᠠᠭ ᠢᠮᠠᠭᠲᠠ ᠪᠡᠶ᠎ᠡ ᠪᠠᠨ ᠴᠢᠩᠭ᠎ᠠ ᠱᠠᠭᠠᠷᠳᠠᠳᠠᠭ ᠪᠣᠯᠬᠤᠷ 10 ᠰᠠᠷ᠎ᠠ ᠪᠣᠯᠣᠯ ᠦᠭᠡᠢ ᠳᠤᠮᠳᠠᠳᠤ | ᠤᠯᠤᠰ ᠤᠨ ᠡᠪ ᠬᠠᠮᠲᠤ ᠨᠠᠮ ᠳᠤ ᠡᠯᠰᠡᠭᠳᠡᠵᠦ᠂ ᠬᠤᠶᠠᠷ ᠤᠳᠠᠭ᠎ᠠ ᠬᠤᠷᠢᠶ᠎ᠠ᠂ ᠳ᠋ᠢᠸᠢᠽᠢ ᠶᠢᠨ ᠲᠡᠷᠢᠭᠦᠨ ᠤ ᠲᠥᠯᠥᠭᠡᠯᠡᠭᠴᠢ ᠶᠢᠨ ᠬᠤᠷᠠᠯᠳᠤᠭᠠᠨ ᠳᠤ ᠣᠷᠣᠯᠴᠠᠪᠠ᠃ | | ᠴᠡᠷᠢᠭ ᠠᠩᠭᠢ ᠳᠤ ᠪᠠᠨ ᠬᠤᠪᠢᠶᠠᠷᠢᠯᠠᠯᠲᠠ ᠶᠢ ᠲᠠᠭᠠᠵᠤ᠂ ᠬᠡᠵᠢᠶᠡᠳᠡ ᠬᠤᠪᠢ ᠬᠦᠮᠦᠨ ᠤ ᠣᠯᠵᠤ ᠠᠯᠳᠠᠬᠤ ᠶᠢ ᠬᠠᠶᠢᠬᠤᠷᠤᠯ ᠦᠭᠡᠢ᠂ ᠪᠠᠴᠢᠮ ᠡᠭᠦᠷᠭᠡ ᠪᠠ | ᠬᠦᠴᠢᠷᠲᠠᠢ ᠠᠵᠢᠯ ᠢ ᠪᠤᠯᠢᠶᠠᠵᠤ ᠬᠢᠳᠡᠭ ᠪᠠᠶᠢᠪᠠ᠃ ᠨᠢᠭᠡ ᠤᠳᠠᠭᠠᠨ ᠤ ᠴᠡᠷᠢᠭ ᠤᠨ ᠰᠣᠷᠢᠯᠲᠠ ᠳᠤ ᠲᠡᠭᠦᠨ ᠤ ᠬᠥᠲᠦᠯᠦᠭᠰᠡᠨ ᠫᠦᠯᠧᠮᠶᠣᠲ ᠠᠴᠢᠶᠠᠯᠠᠭᠰᠠᠨ | ᠮᠣᠷᠢ ᠨᠢ ᠭᠡᠨᠡᠳᠲᠡ ᠦᠷᠭᠦᠵᠦ ᠬᠠᠷᠠᠵᠤ ᠪᠠᠶᠢᠳᠠᠯ᠎ᠠ ᠠᠰᠬ᠎ᠠ ᠬᠠᠳᠠᠨ ᠤ ᠢᠷᠮᠡᠭ ᠬᠦᠷᠪᠡ᠂ ᠡᠨᠠ ᠬᠦ ᠦᠬᠦᠵᠦ ᠰᠡᠭᠡᠬᠦ ᠶᠢᠨ ᠳᠠᠪᠠᠭᠠᠨ ᠳᠡᠭᠡᠷ᠎ᠡ ᠲᠡᠷᠡ | ᠮᠦᠷᠦ ᠪᠠᠷ ᠢᠶᠠᠨ ᠮᠣᠷᠢᠨ ᠡᠮᠡᠬᠡᠯ ᠢ ᠲᠤᠯᠵᠦ᠂ ᠪᠠᠶᠢᠯᠳᠤᠭᠠᠨ ᠤ ᠮᠣᠷᠢ ᠪᠣᠯᠣᠨ ᠫᠦᠯᠧᠮᠶᠤᠲ ᠢᠶᠠᠨ ᠬᠠᠮᠠᠭᠠᠯᠠᠭᠰᠠᠨ ᠪᠠᠶᠢᠨ᠎ᠠ᠃ ᠬᠡᠳᠦ᠋ᠢᠪᠡᠷ ᠲᠡᠭᠦᠨ ᠤ ᠬᠤᠪᠴᠠᠰᠦ ᠨᠢ | ᠤᠷᠠᠭᠳᠠᠵᠤ᠂ ᠬᠥᠯ ᠨᠢ ᠰᠢᠷᠠᠭᠳᠤᠵᠤ ᠴᠢᠰᠤ ᠭᠠᠷᠤᠭᠰᠠᠨ ᠪᠣᠯᠪᠠᠴᠦ ᠲᠡᠷᠡ ᠦᠭᠡ ᠳᠠᠭᠤᠨ ᠦᠭᠡᠢ ᠮᠣᠷᠢ ᠪᠠᠨ ᠬᠦᠲᠦᠯᠵᠦ ᠤᠷᠤᠭᠰᠢᠯᠠᠵᠤ ᠪᠠᠶᠢᠭ᠎ᠠ ᠴᠡᠷᠢᠭ | ᠠᠩᠬᠢ ᠪᠠᠨ ᠨᠡᠭᠡᠬᠡᠨ ᠠᠪᠤᠭᠰᠠᠨ ᠪᠠᠶᠢᠨ᠎ᠠ᠃ | 1968 ᠣᠨ ᠤ 5 ᠰᠠᠷ᠎ᠠ ᠶᠢᠨ 5 ᠤ ᠡᠳᠦᠷ᠂ ᠼᠦᠢ ᠱᠤ᠋ ᠨᠦᠭᠦᠳ ᠲᠠᠢ ᠪᠠᠨ ᠬᠠᠮᠲᠤ ᠪᠣᠣ ᠵᠢᠢ ᠬᠤᠲᠠ ᠶᠢᠨ ᠰᠢᠥᠢ ᠵᠢᠶᠠ ᠲᠤᠰᠬᠤᠨ ᠳᠤ ᠬᠦᠷᠴᠦ | ᠠᠷᠠᠳ ᠲᠤ ᠲᠤᠰᠠᠯᠠᠬᠤ ᠬᠦᠳᠠᠯᠮᠦᠷᠢ ᠳᠤ ᠣᠷᠣᠯᠴᠠᠪᠠ᠃ ᠪᠠᠶᠢᠯᠳᠤᠭᠴᠢᠳ ᠪᠠ ᠭᠡᠰᠢᠭᠦᠳ ᠦᠳᠦᠷᠮ᠎ᠡ ᠳᠤ ᠡᠪᠡᠰᠦ ᠣᠪᠤᠭᠠᠯᠠᠵᠤ ᠪᠠᠶᠢᠲᠠᠯ᠎ᠠ᠂ ᠬᠡᠨᠡᠳᠲᠠ ᠨᠢᠭᠡ | ᠮᠣᠷᠢᠨ ᠲᠡᠷᠭᠡ ᠬᠦᠭᠯᠡᠵᠦ᠂ ᠣᠯᠠᠨ ᠲᠦᠮᠡᠨ ᠤ ᠥᠭᠡᠳᠡ ᠠᠴᠠ ᠳᠠᠪᠬᠢᠨ ᠢᠷᠡᠬᠦ ᠳᠤ ᠼᠦᠢ ᠱᠤ᠋ ᠬᠠᠷᠪᠤᠭᠰᠠᠨ ᠰᠣᠮᠣ ᠮᠡᠲᠦ ᠲᠦᠷᠭᠡᠨ ᠮᠣᠷᠢᠨ ᠲᠡᠷᠭᠡᠨ ᠳᠡᠭᠡᠷ᠎ᠡ | ᠦᠰᠦᠷᠦᠨ ᠭᠠᠷᠴᠦ ᠲᠡᠷᠭᠡᠨ ᠠᠷᠠᠯ ᠢ ᠳᠠᠷᠤᠵᠦ᠂ ᠮᠣᠷᠢᠨ ᠵᠢᠯᠣᠭᠤ ᠶᠢ ᠲᠠᠲᠠᠨ ᠤᠯᠠᠨ ᠲᠦᠮᠡᠨ ᠢ ᠠᠶᠤᠯ ᠠᠴᠠ ᠬᠡᠯᠲᠦᠷᠢᠭᠦᠯᠪᠡ᠃ ᠭᠡᠲᠡᠯ᠎ᠡ ᠲᠡᠷᠡ ᠳᠡᠭᠡᠰᠦᠨ ᠳᠤ | ᠪᠦᠳᠦᠷᠢᠨ ᠣᠶᠢᠴᠢᠵᠦ ᠪᠡᠶ᠎ᠠ ᠦᠷᠡᠭᠳᠡᠵᠠᠢ᠃ ᠨᠠᠰᠤ ᠪᠠᠷᠠᠭᠰᠠᠨ ᠵᠢᠯ ᠢᠶᠠᠨ 25 ᠨᠠᠰᠤᠲᠠᠢ᠃ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 8133 | ᠴᠡᠷᠢᠭ ᠠᠩᠬᠢ ᠶᠢᠨ ᠨᠠᠮ ᠤᠨ ᠬᠤᠷᠢᠶ᠎ᠠ ᠠᠴᠠ ᠵᠠᠷᠯᠢᠭ ᠪᠠᠭᠤᠯᠭᠠᠵᠤ᠂ ᠼᠦᠢ ᠱᠤ᠋ ᠳᠤ ᠨᠢᠭᠡᠳᠦᠭᠡᠷ ᠳᠡᠰ ᠤᠨ ᠭᠠᠪᠢᠶ᠎ᠠ ᠲᠡᠮᠳᠡᠭᠯᠡᠵᠦ᠂ ᠪᠦᠬᠦ ᠴᠡᠷᠢᠭ ᠤᠨ ᠳᠣᠲᠤᠷ᠎ᠠ | ᠲᠡᠬᠦᠨ ᠤ ᠦᠢᠯᠡ ᠠᠵᠢᠯᠯᠠᠭ᠎ᠠ ᠶᠢ ᠤᠬᠠᠭᠤᠯᠵᠦ᠂ ᠪᠦᠬᠦ ᠴᠡᠷᠢᠭ ᠤᠨ ᠵᠢᠯᠣᠭᠤᠳᠤᠭᠴᠢ ᠪᠠᠶᠢᠯᠳᠤᠭᠴᠢᠳ ᠢ ᠼᠦᠢ ᠱᠤ᠋ ᠠᠴᠠ ᠰᠤᠷᠤᠯᠴᠠᠬᠤ ᠬᠡᠷᠡᠭᠲᠡᠢ ᠭᠡᠵᠦ | ᠤᠷᠢᠶᠠᠯᠠᠭᠰᠠᠨ ᠪᠠᠶᠢᠨ᠎ᠠ᠃ | | | |