| ᠪᠠᠢ ᠬᠠᠢ ᠹᠧᠡᠭ᠂ ᠤᠤᠯ ᠨᠡᠷ᠎ᠡ ᠨᠢ ᠴᠢᠦ ᠶᠠᠨ᠂ ᠮᠣᠩᠭᠤᠯ ᠨᠡᠷ᠎ᠡ ᠨᠢ ᠳᠦᠭᠦᠷᠡᠩᠰᠠᠩ᠂ ᠡᠷᠡᠭᠲᠡᠢ᠂ ᠮᠣᠩᠭᠤᠯ ᠦᠨᠳᠦᠰᠦᠲᠡᠨ᠂ ᠬᠠᠷᠠᠴᠢᠨ ᠬᠤᠰᠢᠭᠤᠨ ᠤ | ᠬᠦᠮᠦᠨ᠂ 1904 ᠣᠨ ᠳᠤ ᠲᠦᠷᠦᠵᠠᠢ᠃ ᠿᠧᠾᠧ ᠮᠣᠵᠢ ᠶᠢᠨ ᠪᠠᠭᠰᠢ ᠶᠢᠨ ᠰᠤᠷᠭᠠᠭᠤᠯᠢ ᠠᠴᠠ ᠲᠡᠭᠦᠰᠴᠦ᠂ 1924 ᠣᠨ ᠳᠤ ᠬᠤᠸᠠᠩ ᠫᠦ᠋ ᠴᠡᠷᠢᠭ ᠤᠨ | ᠰᠤᠷᠭᠠᠭᠤᠯᠢ ᠳᠤ ᠰᠤᠷᠤᠯᠴᠠᠨ᠂ ᠬᠤᠸᠠᠩ ᠫᠦ᠋ ᠴᠡᠷᠢᠭ ᠤᠨ ᠰᠤᠷᠭᠠᠭᠤᠯᠢ ᠶᠢᠨ ᠠᠩᠬ᠎ᠠ ᠬᠤᠭᠤᠴᠠᠭᠠᠨ ᠤ ᠰᠤᠷᠤᠭᠴᠢ ᠪᠠᠶᠢᠪᠠ᠃ ᠳᠤᠮᠳᠠᠳᠤ ᠤᠯᠤᠰ ᠤᠨ ᠡᠪ ᠬᠠᠮᠲᠤ | ᠨᠠᠮ ᠳᠤ ᠡᠯᠰᠡᠭᠳᠡᠵᠦ ᠦᠩᠭᠡᠷᠡᠵᠠᠢ᠃ 1926 ᠣᠨ ᠳᠤ ᠮᠣᠰᠺᠧᠠ ᠶᠢᠨ ᠲᠣᠷᠤᠨᠠᠳᠠᠬᠢᠨ ᠤ ᠶᠡᠭᠡ ᠰᠤᠷᠭᠠᠭᠤᠯᠢ ᠳᠤ ᠰᠤᠷᠤᠯᠴᠠᠵᠤ᠂ 1927 ᠣᠨ ᠤ 8 | ᠰᠠᠷ᠎ᠠ ᠳᠤ ᠥᠪᠥᠷ ᠮᠣᠩᠭᠤᠯ ᠤᠨ ᠠᠷᠠᠳ ᠤᠨ ᠬᠤᠪᠢᠰᠬᠠᠯᠲᠣ ᠨᠠᠮ ᠤᠨ ᠤᠯᠠᠭᠠᠨᠪᠠᠭᠠᠲᠤᠷ ᠤᠨ ᠣᠨᠴᠠᠭᠠᠢ ᠬᠤᠷᠠᠯ ᠳᠤ ᠣᠷᠣᠯᠴᠠᠵᠤ᠂ ᠲᠥᠪ ᠬᠤᠷᠢᠶ᠎ᠠ ᠶᠢᠨ | ᠪᠠᠶᠢᠩᠭᠤ ᠶᠢᠨ ᠭᠡᠰᠢᠭᠦᠨ ᠢᠶᠠᠷ ᠰᠤᠩᠭᠤᠭᠳᠠᠨ᠂ ᠥᠪᠥᠷ ᠮᠣᠩᠭᠤᠯ ᠤᠨ ᠠᠷᠠᠳ ᠤᠨ ᠬᠤᠪᠢᠰᠬᠠᠯᠲᠣ ᠵᠠᠯᠠᠭᠤᠴᠤᠳ ᠤᠨ ᠡᠪᠯᠡᠯ ᠤᠨ ᠪᠡᠯᠡᠳᠬᠡᠨ ᠪᠠᠶᠢᠭᠤᠯᠬᠤ ᠠᠵᠢᠯ ᠢ | ᠬᠢᠵᠦ᠂ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ ᠶᠢᠨ ᠭᠡᠰᠢᠭᠦᠨ ᠢᠶᠠᠷ ᠰᠣᠩᠭᠤᠭᠳᠠᠪᠠ᠃ ᠰᠡᠭᠦᠯᠡᠷ ᠨᠢ ᠥᠪᠥᠷ ᠮᠣᠩᠭᠤᠯ ᠳᠤ ᠪᠠᠨ ᠪᠣᠴᠠᠨ ᠢᠷᠡᠵᠦ ᠨᠢᠭᠤᠴᠠ | ᠠᠵᠢᠯ ᠬᠢᠪᠡ᠃ 1937 ᠣᠨ ᠠᠴᠠ ᠰᠡᠭᠦᠯᠡᠷ᠂ ᠮᠣᠩᠭᠤᠯ ᠦᠨᠳᠦᠰᠦᠲᠡᠨ ᠤ ᠶᠠᠫᠣᠨ ᠢ ᠡᠰᠡᠷᠭᠦᠴᠡᠬᠦ ᠵᠡᠪᠰᠡᠭᠲᠦ ᠬᠦᠴᠦᠨ ᠤ ᠮᠣᠩᠭᠤᠯ ᠬᠤᠰᠢᠭᠤᠳ ᠤᠨ ᠠᠮᠤᠷ ᠢ | ᠬᠠᠮᠠᠭᠠᠯᠠᠬᠤ ᠶᠡᠷᠥᠩᠬᠡᠢ ᠠᠩᠭᠢ ᠶᠢᠨ ᠳᠠᠷᠤᠭ᠎ᠠ᠂ ᠮᠣᠩᠭᠤᠯ ᠬᠤᠰᠢᠭᠤᠳ ᠤᠨ ᠲᠤᠰᠠᠭᠠᠷ ᠪᠠᠷᠢᠭᠠᠳᠠ ᠶᠢᠨ ᠳᠠᠷᠤᠭ᠎ᠠ᠂ ᠵᠡᠪᠰᠡᠭᠲᠦ ᠬᠦᠴᠦᠨ ᠤ ᠰᠢᠨ᠎ᠡ ᠭᠤᠷᠪᠠᠲᠤᠭᠠᠷ | ᠳ᠋ᠢᠸᠢᠽᠢ ᠶᠢᠨ ᠳᠠᠷᠤᠭ᠎ᠠ ᠵᠡᠷᠭᠡ ᠲᠤᠰᠢᠶᠠᠯ ᠳᠤ ᠪᠠᠶᠢᠪᠠ᠃ 1941 ᠣᠨ ᠳᠤ ᠡᠪ ᠬᠠᠮᠲᠦ ᠨᠠᠮ ᠠᠴᠠ ᠰᠠᠯᠵᠤ᠂ 1949 ᠣᠨ ᠳᠤ ︽ᠪᠠᠷᠠᠭᠤᠨ ᠮᠣᠩᠭᠤᠯ ᠤᠨ | ᠥᠪᠡᠷᠲᠡᠭᠡᠨ ᠵᠠᠰᠠᠬᠤ ᠬᠥᠳᠡᠯᠭᠡᠭᠡᠨ︾ ᠳᠤ ᠣᠷᠣᠯᠴᠠᠵᠠᠢ᠃ 9 ᠰᠠᠷ᠎ᠠ ᠳᠤ ᠠᠯᠠᠱᠠᠨ ᠠᠶᠢᠮᠠᠭ ᠲᠤ ᠴᠡᠷᠢᠭ ᠠᠩᠭᠢ ᠪᠠᠨ ᠳᠠᠭᠠᠭᠤᠯᠵᠤ ᠪᠣᠰᠣᠯᠭ᠎ᠠ ᠭᠠᠷᠭᠠᠨ᠂ | ᠳᠤᠮᠳᠠᠳᠤ ᠤᠯᠤᠰ ᠤᠨ ᠡᠪ ᠬᠠᠮᠲᠤ ᠨᠠᠮ ᠢ ᠲᠠᠭᠠᠪᠠ᠃ ᠴᠢᠯᠦᠭᠡᠯᠡᠭᠳᠡᠭᠰᠡᠨ ᠤ ᠳᠠᠷᠠᠭ᠎ᠠ ᠪᠠᠷᠠᠭᠤᠨ ᠬᠤᠶᠢᠲᠦ ᠶᠢᠨ ᠵᠠᠰᠠᠭ ᠤᠨ ᠶᠠᠪᠤᠳᠠᠯ ᠤᠨ ᠭᠡᠰᠢᠭᠦᠨ᠂ ᠪᠠᠷᠠᠭᠤᠨ | ᠬᠤᠶᠢᠳᠦ ᠶᠢᠨ ᠥᠨᠳᠦᠰᠦᠲᠡᠨ ᠤ ᠶᠡᠭᠡ ᠰᠤᠷᠭᠠᠭᠤᠯᠢ ᠶᠢᠨ ᠳᠡᠳ᠋ ᠵᠠᠬᠢᠷᠤᠯ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢᠶᠠᠷ ᠰᠣᠩᠭᠤᠭᠳᠠᠵᠤ | ᠂ 1956 ᠣᠨ ᠳᠤ ᠡᠪᠡᠳᠴᠢᠨ ᠢᠶᠠᠷ ᠨᠠᠰᠤ ᠪᠠᠷᠠᠪᠠ᠃ | | | |