ᠭᠤᠸᠠᠨᠰᠠ᠂ ᠠᠷᠢᠬᠢᠨ ᠫᠦᠰᠡ ︵ᠬᠤᠶᠠᠷ︶
ᠨᠡᠶᠢᠲᠡᠯᠡᠭᠰᠡᠨ ᠴᠠᠭ᠄
2023/12/5
      1933ᠣᠨ ᠳᠤ ᠤᠯᠠᠭᠠᠨᠬᠠᠳᠠ ᠡᠵᠡᠯᠡᠭᠳᠡᠭᠰᠡᠨ ᠤ ᠲᠠᠷᠠᠭ᠎ᠠ᠂ ᠨᠢᠭᠡ ᠲᠠᠯ᠎ᠠ ᠪᠠᠷ ᠴᠡᠷᠢᠭ ᠲᠠᠶᠢᠨ ᠤ ᠭᠠᠮᠰᠢᠭ᠂ ᠨᠦᠭᠦᠭᠡ ᠲᠠᠯ᠎ᠠ ᠪᠠᠷ ᠶᠠᠫᠤᠨ᠋ ᠬᠠᠭᠤᠷᠮᠠᠭ ᠵᠠᠰᠠᠭ ᠠᠵᠤ ᠠᠬᠤᠢ ᠶᠢ ᠵᠠᠬᠢᠷᠠᠬᠤ ᠪᠣᠯᠤᠭᠰᠠᠨ ᠠᠴᠠ ᠢᠳᠡᠭᠡᠨ ᠤᠮᠳᠠᠭᠠᠨ ᠤ ᠠᠵᠢᠯ ᠲᠥᠷᠥᠯ ᠤᠨ ᠭᠤᠣᠯ ᠪᠣᠯᠬᠤ ᠲᠦᠭᠦᠬᠡᠢ ᠮᠠᠲ᠋ᠧᠷᠢᠶᠠᠯ ᠢ ︽ᠲᠣᠬᠢᠷᠠᠭᠤᠯᠵᠤ ᠥᠭᠬᠦ︾ ᠪᠣᠯᠤᠭᠰᠠᠨ ᠠᠴᠠ ᠱᠠᠨᠰᠢ᠂ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠬᠤᠳᠠᠯᠳᠤᠭᠠᠴᠢᠳ ᠠᠷᠭ᠎ᠠ ᠪᠤᠰᠤ ᠤᠤᠯ ᠨᠤᠲᠤᠭ ᠲᠤ ᠪᠠᠨ ᠪᠤᠴᠠᠭᠰᠠᠨ ᠠᠴᠠ ᠲᠤᠰ ᠭᠠᠵᠠᠷ ᠤᠨ ᠵᠠᠭᠤᠨ ᠤ ᠨᠠᠶᠠ ᠶᠢᠨ ᠬᠤᠭᠤᠯᠠᠨ ᠭᠡᠷ ᠤᠳ ᠡᠭᠦᠳᠡ ᠪᠠᠨ ᠬᠠᠭᠠᠵᠤ᠂ ᠵᠠᠷᠢᠮ ᠨᠢ ᠪᠡᠯᠡ ᠣᠷᠣᠭᠤᠯᠠᠭᠴᠢ ᠪᠠᠨ ᠰᠣᠯᠢᠭᠰᠠᠨ ᠪᠠᠶᠢᠨ᠎ᠠ᠃ ᠵᠠᠮ ᠤᠨ ᠬᠠᠵᠠᠭᠤ ᠶᠢᠨ ᠰᠤᠯᠠ ᠢᠳᠡᠭᠡᠨ ᠨᠢ ᠪᠠᠰᠠ ᠲᠦᠭᠦᠬᠡᠢ ᠮᠠᠲ᠋ᠧᠷᠢᠶᠠᠯ ᠳᠤᠲᠠᠭᠳᠠᠬᠤ ᠠᠴᠠ ᠪᠣᠯᠵᠤ᠂ ᠬᠤᠳᠠᠯᠳᠤᠬᠤ ᠪᠠᠨ ᠪᠣᠯᠢᠵᠠᠢ᠂ 1945 ᠣᠨ ᠪᠤᠯᠬᠤ ᠳᠤ ᠪᠥᠬᠦ ᠬᠤᠳᠠ ᠳᠤ ᠢᠳᠡᠭᠡᠨ ᠤᠮᠳᠠᠭᠠᠨ ᠡᠵᠡᠩᠨᠡᠵᠦ ᠪᠠᠶᠢᠭ᠎ᠠ ᠬᠥᠮᠥᠨ 70 ᠬᠦᠷᠬᠦ ᠦᠭᠡᠢ ᠪᠣᠯᠵᠠᠢ᠃      ᠴᠢᠯᠦᠭᠡᠯᠡᠭᠳᠡᠭᠰᠡᠨ ᠤ ᠲᠠᠷᠠᠭ᠎ᠠ ᠲᠤᠰ ᠬᠤᠳᠠ ᠶᠢᠨ ᠬᠤᠭᠤᠯᠠᠨ ᠭᠡᠷ ᠭᠤᠸᠠᠨᠰᠠ ᠠᠷᠢᠬᠢᠨ ᠫᠦᠰᠡ ᠲᠦᠷᠭᠡᠨ ᠬᠥᠭᠵᠢᠯᠲᠡ ᠲᠠᠢ ᠪᠣᠯᠵᠠᠢ᠃ 1956 ᠣᠨ ᠤ ᠨᠡᠶᠢᠭᠡᠮ ᠵᠢᠷᠤᠮᠲᠤ ᠥᠭᠡᠷᠡᠴᠢᠯᠡᠯᠲᠡ ᠠᠴᠠ ᠡᠮᠦᠨ᠎ᠡ ᠪᠥᠬᠦ ᠬᠤᠳᠠ ᠶᠢᠨ ᠬᠤᠭᠤᠯᠠᠨ ᠭᠡᠷ᠂ ᠠᠷᠢᠬᠢᠨ ᠫᠦᠰᠡ 414 ᠡᠷᠦᠭᠡ ᠪᠣᠯᠵᠤ᠂ ᠠᠵᠢᠯᠲᠠᠨ ᠨᠢ 1105 ᠬᠥᠮᠥᠨ᠂ ᠡᠵᠡᠩᠨᠡᠯᠲᠡ ᠶᠢᠨ ᠨᠤᠷᠮ᠎ᠠ ᠨᠢ 297 ᠲᠦᠮᠡᠨ ᠲᠥᠭᠦᠷᠢᠭ ᠲᠤ ᠬᠦᠷᠴᠡᠢ᠃ ᠭᠤᠷᠪᠠᠨ ᠵᠢᠯ ᠤᠨ ᠬᠦᠴᠢᠷᠲᠡᠢ ᠦᠶ᠎ᠡ ᠳᠤ ᠢᠳᠡᠭᠡᠨ ᠤᠮᠳᠠᠭᠠᠨ ᠤ ᠦᠢᠯᠡᠰ ᠤᠨ ᠲᠦᠭᠦᠬᠡᠢ ᠮᠠᠲ᠋ᠧᠷᠢᠶᠠᠯ ᠶᠡᠬᠡᠪᠡᠷ ᠲᠤᠲᠠᠭᠳᠠᠵᠤ᠂ ᠨᠠᠷᠢᠯᠢᠭ ᠪᠤᠳᠠᠭ᠎ᠠ ᠨᠢ ︽ᠣᠨᠴᠠ ᠬᠠᠩᠭᠠᠬᠤ︾ ᠢᠳᠡᠭᠡᠨ ᠪᠣᠯᠵᠤ᠂ ᠥᠨᠳᠥᠷ ᠦᠨ᠎ᠡ ᠲᠠᠢ ᠬᠤᠭᠤᠯᠠᠨ ᠭᠡᠷ ᠤᠳ ᠪᠤᠢ ᠪᠣᠯᠵᠠᠢ᠃ ᠡᠩ ᠤᠨ ᠬᠤᠭᠤᠯᠠᠨ ᠭᠡᠷ ᠨᠢ ᠪᠦᠳᠦᠭᠦᠯᠢᠭ ᠨᠠᠷᠢᠯᠢᠭ ᠬᠤᠭᠤᠯᠠ ᠶᠢ ᠲᠣᠬᠢᠷᠠᠭᠤᠯᠵᠤ ᠬᠢᠳᠡᠭ᠃ 1964 ᠣᠨ ᠳᠤ᠂ ᠠᠵᠤ ᠠᠬᠤᠢ ᠶᠢᠨ ᠪᠠᠶᠢᠳᠠᠯ ᠰᠠᠶᠢᠵᠢᠷᠠᠬᠤ ᠶᠢ ᠳᠠᠭᠠᠯᠳᠤᠨ᠂ ᠬᠤᠰᠢᠭᠤ ᠰᠢᠶᠠᠨ ᠤ ᠢᠳᠡᠭᠡᠨ ᠤᠮᠳᠠᠭᠠᠨ ᠤ ᠵᠠᠬ᠎ᠠ ᠳᠡᠯᠭᠡᠭᠦᠷ ᠠᠴᠠ ᠭᠠᠳᠠᠨ᠎ᠠ᠂ ᠠᠶᠢᠮᠠᠭ ᠤᠨ ᠰᠠᠭᠤᠭ᠎ᠠ ᠭᠠᠵᠠᠷ ᠤᠯᠠᠭᠠᠨᠬᠠᠳᠠ ᠬᠤᠳᠠ ᠶᠢᠨ ᠢᠳᠡᠭᠡᠨ ᠤᠮᠳᠠᠭᠠᠨ ᠤ ᠭᠠᠵᠠᠷ ᠲᠤ ᠰᠢᠨ᠎ᠡ ᠪᠠᠷ ᠲᠤᠬᠢᠷᠠᠭᠤᠯᠤᠯᠳᠠ ᠬᠢᠵᠦ᠂ ᠲᠦᠷᠦᠯ ᠬᠤᠪᠢᠶᠠᠨ ᠲᠡᠰ ᠢᠯᠭᠠᠬᠤ ᠡᠵᠡᠩᠨᠡᠯᠲᠡ ᠶᠢᠨ ᠠᠷᠭ᠎ᠠ ᠶᠢ ᠬᠡᠷᠡᠭᠯᠡᠨ᠂ ᠪᠥᠬᠦ ᠬᠤᠳᠠ ᠶᠢᠨ 76 ᠶᠡᠭᠡ ᠪᠠᠭ᠎ᠠ ᠢᠳᠡᠭᠡᠨ ᠤ ᠴᠡᠭ ᠢ ᠬᠢᠲᠠᠳ ᠬᠤᠭᠤᠯᠠᠨ ᠤ ᠭᠠᠵᠠᠷ᠂ ᠠᠷᠠᠳ ᠤᠨ ᠬᠤᠭᠤᠯᠠᠨ ᠤ ᠭᠠᠵᠠᠷ᠂ ᠰᠤᠯᠠ ᠢᠳᠡᠭᠡᠨ ᠤ ᠭᠠᠵᠠᠷ ᠵᠡᠷᠭᠡ ᠭᠤᠷᠪᠠᠨ ᠲᠡᠰ ᠬᠤᠪᠢᠶᠠᠨ᠂ ᠲᠠᠪᠤᠨ ᠵᠦᠢᠯ ᠤᠨ ᠡᠵᠡᠩᠨᠡᠬᠦ ᠠᠷᠭ᠎ᠠ ᠪᠡᠷ᠎ᠡ ᠡᠵᠡᠩᠨᠡᠵᠡᠢ᠃ ᠬᠢᠲᠠᠳ ᠬᠤᠭᠤᠯᠠᠨ ᠤ ᠭᠠᠵᠠᠷ ᠨᠢ ᠥᠨᠳᠥᠷ ᠲᠡᠰ ᠤᠨ ᠬᠤᠭᠤᠯᠠᠨ ᠭᠡᠷ ᠪᠠᠶᠢᠵᠤ᠂ ᠣᠷᠴᠢᠨ ᠲᠣᠭᠤᠷᠢᠨ ᠨᠢ ᠲᠣᠬᠢᠯᠠᠭ᠂ ᠬᠡᠭᠡᠮᠰᠦᠭ ᠦᠷᠦᠭᠡ᠂ ᠵᠢᠵᠢᠭ ᠭᠡᠷ ᠭᠡᠵᠦ ᠬᠤᠪᠢᠶᠠᠨ᠂ ᠲᠤᠰ ᠭᠠᠵᠠᠷ ᠤᠨ ᠨᠡᠷᠡᠳᠦ ᠲᠣᠭᠤᠭᠠᠴᠢ ᠶᠢ ᠤᠷᠢᠨ᠂ ᠨᠣᠭᠤᠭ᠎ᠠ ᠵᠠᠭᠤᠰᠢ ᠠᠪᠬᠤ᠂ ᠮᠥᠩᠭᠦ ᠪᠤᠳᠤᠬᠤ ᠨᠢ ᠪᠦᠷ ᠰᠢᠷᠡᠭᠡᠨ ᠤ ᠬᠠᠵᠠᠭᠤ ᠳᠤ ᠣᠴᠢᠵᠤ ᠦᠢᠯᠡᠴᠢᠯᠡᠳᠡᠭ᠃ ᠠᠷᠠᠳ ᠤᠨ ᠬᠤᠭᠤᠯᠠᠨ ᠤ ᠭᠠᠵᠠᠷ ᠨᠢ ᠭᠤᠣᠯᠳᠠᠭᠤ ᠠᠵᠢᠯᠴᠢᠨ ᠲᠠᠷᠢᠶᠠᠴᠢᠨ ᠴᠡᠷᠢᠭ ᠲᠤ ᠦᠢᠯᠡᠴᠢᠯᠡᠳᠡᠭ᠂ ᠡᠩ ᠤᠨ ᠬᠤᠭᠤᠯᠠ ᠵᠠᠭᠤᠰᠢ ᠬᠢᠳᠡᠭ᠃ ᠰᠤᠯᠠ ᠢᠳᠡᠭᠡᠨ ᠤ ᠭᠠᠵᠠᠷ᠂ ᠲᠤᠰᠬᠠᠢ ᠬᠤᠭᠤᠯᠠᠨ ᠤ ᠭᠠᠵᠠᠷ᠂ ᠬᠤᠯᠢᠮᠠᠭ ᠢᠳᠡᠭᠡᠨ ᠤ ᠭᠠᠵᠠᠷ ᠨᠢ ᠨᠢᠭᠡ ᠲᠡᠰ ᠤᠨ ᠬᠢ ᠪᠠᠶᠢᠵᠤ᠂ ᠲᠤᠰ ᠭᠠᠵᠠᠷ ᠤᠨ ᠣᠨᠴᠠᠯᠢᠭᠲᠤ ᠢᠳᠡᠭᠡᠨ ︵ᠱᠥᠯᠥ ᠲᠠᠢ ᠪᠠᠩᠰᠢ᠂ ᠱᠣᠣᠮᠠᠢ᠂ ᠮᠢᠨᠲᠤᠤᠷ᠂ ᠮᠢᠬ᠎ᠠ ᠬᠠᠪᠴᠢᠭᠤᠯᠤᠭᠰᠠᠨ ᠬᠠᠭᠰᠠᠭᠠᠮᠠᠯ ᠪᠣᠣᠪᠤ᠂ ᠬᠤᠨᠢᠨ ᠤ ᠭᠡᠳᠡᠰᠦ ᠳᠣᠲᠣᠷ ᠤᠨ ᠱᠥᠯᠥ︶ ᠪᠠᠷ ᠭᠤᠤᠯᠯᠠᠭᠰᠠᠨ ᠱᠥᠯᠥ ᠲᠠᠢ ᠨᠣᠭᠤᠭ᠎ᠠ᠂ ᠬᠦᠢᠲᠡᠨ ᠵᠠᠭᠤᠰᠢ᠂ ᠮᠢᠬ᠎ᠠ ᠲᠠᠢ ᠢᠳᠡᠭᠡᠨ ᠢ ᠪᠣᠷᠣᠯᠠᠭᠤᠯᠤᠨ᠎ᠠ᠃ ᠢᠩᠭᠢᠵᠦ ᠲᠣᠬᠢᠷᠠᠭᠤᠯᠤᠭᠰᠠᠨ ᠤ ᠲᠠᠷᠠᠭ᠎ᠠ ᠪᠠᠷ ᠠᠳᠠᠯᠢ ᠪᠤᠰᠤ ᠲᠡᠰ ᠤᠨ ᠱᠠᠭᠠᠷᠳᠠᠯᠭ᠎ᠠ ᠶᠢ ᠬᠠᠩᠭᠠᠭᠰᠠᠨ ᠢᠶᠠᠷ ᠪᠠᠷᠠᠬᠤ ᠦᠭᠡᠢ ᠪᠠᠰᠠ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠵᠡᠢ᠃ ︽ᠰᠣᠶᠣᠯ ᠤᠨ ᠶᠡᠭᠡ ᠬᠤᠪᠢᠰᠬᠠᠯ︾ ᠤᠨ ᠦᠶ᠎ᠡ ᠳᠤ ᠬᠤᠭᠤᠯᠠᠨ ᠭᠡᠷ ᠨᠢ ᠤᠯᠠᠨ ᠵᠦᠢᠯ ᠤᠨ ᠡᠵᠡᠩᠨᠡᠬᠦ ᠠᠷᠭ᠎ᠠ ᠪᠠᠷᠢᠯ ᠲᠠᠢ ᠪᠣᠯᠵᠤ᠂ ᠭᠡᠶᠢᠴᠢᠨ ᠵᠣᠴᠢᠳ ᠨᠢ ᠥᠪᠡᠷ ᠤᠨ ᠬᠤᠭᠤᠯᠠ ᠵᠠᠭᠤᠰᠢ ᠵᠥᠭᠡᠭᠡᠨ ᠠᠶᠠᠭ᠎ᠠ ᠤᠬᠢᠶᠠᠵᠤ᠂ ᠦᠢᠯᠡᠴᠢᠯᠡᠭᠡ ᠪᠠ ᠬᠤᠭᠤᠯᠠ ᠪᠤᠳᠠᠭᠠᠨ ᠤ ᠴᠢᠨᠠᠷ ᠨᠢ ᠶᠡᠬᠡᠪᠡᠷ ᠮᠠᠭᠤᠳᠠᠵᠠᠢ᠃ 1973 ᠣᠨ ᠳᠤ ᠤᠯᠠᠭᠠᠨᠬᠠᠳᠠ ᠬᠤᠳᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠨᠢ ︽ᠦᠢᠯᠡᠴᠢᠯᠡᠭᠡᠨ ᠢᠶᠠᠨ ᠰᠠᠶᠢᠵᠢᠷᠠᠭᠤᠯᠵᠤ᠂ ᠡᠵᠡᠩᠨᠡᠬᠦ ᠠᠷᠭ᠎ᠠ ᠪᠠᠨ ᠬᠤᠪᠢᠷᠠᠭᠤᠯᠤᠨ᠂ ᠡᠵᠡᠩᠨᠡᠬᠦ ᠰᠤᠷᠲᠠᠯ ᠢ ᠬᠤᠪᠢᠷᠠᠭᠤᠯᠬᠤ︾ ᠠᠵᠢᠯᠯᠠᠭᠠᠨ ᠢ ᠥᠷᠨᠢᠭᠦᠯᠵᠦ ᠣᠯᠠᠨ ᠤ ᠬᠦᠷᠢᠶᠡᠯᠡᠯ ᠢ ᠣᠯᠵᠠᠢ᠃ 1975 ᠣᠨ ᠳᠤ ᠤᠯᠠᠭᠠᠨᠬᠠᠳᠠ ᠬᠤᠭᠤᠯᠠᠨ ᠭᠡᠷ ᠤᠯᠠᠭᠠᠨᠬᠠᠳᠠ ᠪᠠᠭᠤᠳᠠᠯ᠂ ᠱᠢ ᠰᠢ ᠬᠤᠭᠤᠯᠠᠨ ᠭᠡᠷ᠂ ᠵᠢᠦᠢ ᠪᠢᠨ ᠯᠧᠦ ᠬᠤᠭᠤᠯᠠᠨ ᠭᠡᠷ ᠵᠡᠷᠭᠡ ᠲᠦᠷᠪᠡᠨ ᠶᠡᠭᠡ ᠬᠤᠭᠤᠯᠠᠨ ᠭᠡᠷ ᠢ ᠪᠠᠶᠢᠭᠤᠯᠤᠭᠰᠠᠨ ᠠᠴᠠ ᠤᠯᠠᠭᠠᠨᠬᠠᠳᠠ ᠬᠤᠳᠠ ᠶᠢᠨ ᠵᠡᠭᠡᠯᠢ ᠳᠠᠬᠢ ᠢᠳᠡᠭᠡᠨ ᠤᠮᠳᠠᠭᠠᠨ ᠤ ᠦᠢᠯᠡᠰ ᠠᠩᠬ᠎ᠠ ᠠᠯᠬᠤᠮ ᠰᠠᠶᠢᠵᠢᠷᠠᠭᠰᠠᠨ ᠪᠠᠶᠢᠳᠠᠯ ᠲᠠᠢ ᠪᠣᠯᠪᠠ᠃      1980 ᠣᠨ ᠠᠴᠠ ᠰᠡᠭᠦᠯᠡᠷ᠂ ᠬᠠᠮᠲᠤ ᠪᠠ ᠬᠤᠪᠢ ᠶᠢᠨ ᠡᠷᠬᠢᠯᠡᠭᠰᠡᠨ ᠢᠳᠡᠭᠡᠨ ᠤᠮᠳᠠᠭᠠᠨ ᠤ ᠦᠢᠯᠡᠰ ᠶᠡᠬᠡᠬᠡᠨ ᠬᠥᠭᠵᠢᠯᠲᠡ ᠲᠠᠢ ᠪᠣᠯᠵᠠᠢ᠂ ᠥᠩᠭᠡᠷᠡᠭᠰᠡᠨ ᠤ ᠵᠥᠪᠬᠡᠨ ᠤᠯᠤᠰ ᠠᠴᠠ ᠡᠷᠬᠢᠯᠡᠳᠡᠭ ᠡᠵᠡᠩᠨᠡᠯᠲᠡ ᠶᠢᠨ ᠪᠠᠶᠢᠳᠠᠯ ᠢ ᠡᠪᠳᠡᠵᠦ᠂ ᠬᠤᠳᠠᠯᠳᠤᠭ᠎ᠠ᠂ ᠠᠵᠤ ᠦᠢᠯᠡᠳᠪᠦᠷᠢ᠂ ᠲᠠᠷᠢᠶᠠᠯᠠᠩ᠂ ᠣᠢ ᠰᠢᠭᠤᠢ ᠂ ᠪᠠᠶᠢᠭᠤᠯᠤᠯᠭ᠎ᠠ᠂ ᠴᠡᠷᠢᠭ ᠠᠩᠭᠢ᠂ ᠰᠤᠷᠭᠠᠭᠤᠯᠢ ᠵᠡᠷᠭᠡ ᠨᠢ ᠴᠥᠮ ᠢᠳᠡᠭᠡᠨ ᠤᠮᠳᠠᠭᠠᠨ  ᠤ ᠦᠢᠯᠡᠰ ᠡᠷᠬᠢᠯᠡᠬᠦ ᠰᠢᠨ᠎ᠡ ᠪᠠᠶᠢᠳᠠᠯ ᠢᠯᠡᠷᠡᠪᠡ᠃ 1990 ᠣᠨ ᠪᠤᠯᠬᠤ ᠳᠤ ᠪᠥᠬᠦ ᠬᠤᠳᠠ ᠶᠢᠨ ᠡᠳᠡᠭᠡᠨ ᠤᠮᠳᠠᠭᠠᠨ ᠤ ᠴᠡᠭ 2140 ᠪᠣᠯᠵᠤ᠂ ᠠᠵᠢᠯᠲᠠᠨ 7500 ᠭᠠᠷᠤᠢ ᠬᠥᠮᠥᠨ ᠪᠣᠯᠵᠤ᠂ ᠡᠵᠡᠩᠨᠡᠯᠲᠡ ᠶᠢᠨ ᠣᠷᠣᠯᠭ᠎ᠠ ᠨᠢ 7323 ᠲᠦᠮᠡᠨ ᠲᠥᠭᠦᠷᠢᠭ ᠲᠤ ᠬᠦᠷᠴᠦ᠂ ᠪᠦᠬᠦ ᠬᠤᠳᠠ ᠶᠢᠨ ᠨᠡᠶᠢᠭᠡᠮ ᠤᠨ ᠲᠠᠸᠠᠷ ᠤᠨ ᠰᠤᠯᠠ ᠪᠠᠷ ᠬᠤᠳᠠᠯᠳᠤᠬᠤ ᠨᠤᠷᠮ᠎ᠠ ᠶᠢᠨ 33.4% ᠶᠢ ᠡᠵᠡᠯᠡᠪᠡ᠃      ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠤ ᠰᠡᠭᠦᠯᠡᠷᠬᠢ ᠠᠷᠪᠠᠭᠠᠳ ᠵᠢᠯ ᠤᠨ ᠲᠤᠷᠰᠢ᠂ ᠤᠯᠠᠭᠠᠨᠬᠠᠳᠠ ᠬᠤᠳᠠ ᠶᠢᠨ ᠢᠳᠡᠭᠡᠨ ᠤᠮᠳᠠᠭᠠᠨ ᠤ ᠦᠢᠯᠡᠰ ᠨᠢ ᠰᠢᠨ᠎ᠡ ᠬᠤᠪᠢᠷᠠᠯᠲᠠ ᠲᠠᠢ ᠪᠣᠯᠪᠠ᠂ ᠨᠢᠭᠡ ᠳᠤ᠂ ᠤᠯᠠᠭᠠᠨᠬᠠᠳᠠ ᠬᠤᠳᠠ ᠶᠢᠨ ᠬᠤᠲᠠ ᠲᠣᠭᠤᠷᠢᠭ ᠪᠠ ᠡᠯ᠎ᠡ ᠬᠤᠰᠢᠭᠤ ᠰᠢᠶᠠᠨ ᠠᠴᠠ 400 ᠭᠠᠷᠤᠢ ᠲᠦᠮᠡᠨ ᠲᠥᠭᠦᠷᠢᠭ ᠤᠨ ᠪᠡᠯᠡ ᠣᠷᠣᠭᠤᠯᠤᠨ᠂ ᠲᠦᠮᠡ ᠰᠢᠬᠠᠮ ᠲᠠᠯᠠᠪᠠᠢ ᠲᠠᠢ ᠳᠡᠭᠡᠳᠦ ᠲᠡᠰ ᠤᠨ ᠬᠤᠭᠤᠯᠠᠨ ᠭᠡᠷ᠂ ᠨᠠᠷᠢᠯᠢᠭ ᠲᠣᠬᠢᠯᠠᠭ ᠬᠤᠭᠤᠯᠠᠨ ᠭᠡᠷ ᠢ ᠵᠠᠰᠠᠨ ᠴᠢᠮᠡᠵᠦ᠂ ᠭᠡᠶᠢᠴᠢᠨ ᠵᠣᠴᠢᠳ ᠲᠤ ᠲᠣᠬᠢᠯᠠᠭ ᠰᠠᠶᠢᠬᠠᠨ᠂ ᠬᠡᠭᠡᠨᠴᠢᠷ ᠦᠵᠡᠮᠵᠢ ᠲᠠᠢ ᠣᠷᠴᠢᠨ ᠲᠣᠭᠤᠷᠢᠨ ᠢ ᠪᠦᠷᠢᠯᠳᠦᠭᠦᠯᠦᠨ ᠥᠭᠴᠡᠢ᠃ ᠬᠤᠶᠠᠷ ᠲᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠬᠢᠵᠡᠢ᠃ 1975 ᠣᠨ ᠠᠴᠠ ᠨᠠᠰᠢ ᠪᠦᠬᠦ ᠬᠤᠳᠠ ᠨᠢ ᠤᠷᠢᠳ ᠬᠤᠵᠢᠳ 42 ᠤᠳᠠᠭᠠᠨ ᠤ ᠲᠤᠰᠬᠠᠢ ᠮᠡᠷᠭᠡᠵᠢᠯ ᠤᠨ ᠠᠩᠭᠢ ᠡᠷᠬᠢᠯᠡᠨ᠂ ᠡᠯ᠎ᠡ ᠲᠡᠰ ᠤᠨ ᠲᠣᠭᠤᠭᠠᠴᠢ 5000 ᠭᠠᠷᠤᠢ ᠬᠥᠮᠥᠨ ︵ᠤᠳᠠᠭ᠎ᠠ︶ ᠪᠣᠯᠪᠠᠰᠤᠷᠠᠭᠤᠯᠵᠠᠢ᠃ ᠬᠢᠨᠠᠨ ᠰᠢᠯᠭᠠᠭᠰᠠᠨ ᠤ ᠲᠠᠷᠠᠭ᠎ᠠ 1990 ᠣᠨ ᠪᠤᠯᠬᠤ  ᠳᠤ᠂ ᠪᠦᠬᠦ ᠬᠤᠳᠠ ᠳᠤ ᠤᠯᠤᠰ ᠤᠨ ᠣᠨᠴᠠ ᠬᠤᠶᠠᠳᠤᠭᠠᠷ ᠲᠡᠰ ᠠᠴᠠ ᠳᠣᠷᠣᠭᠰᠢ ᠳᠥᠷᠪᠡᠳᠦᠭᠡᠷ ᠲᠡᠰ ᠠᠴᠠ ᠳᠡᠭᠡᠭᠰᠢᠬᠢ ᠲᠣᠭᠤᠭᠠᠴᠢ᠂ ᠦᠢᠯᠡᠴᠢᠯᠡᠭᠴᠢ᠂ ᠭᠤᠯᠢᠷ ᠢᠳᠡᠭᠡᠨ ᠤ ᠲᠣᠭᠤᠭᠠᠴᠢ 496 ᠬᠥᠮᠥᠨ ᠪᠠᠶᠢᠵᠤ᠂ ᠢᠳᠡᠭᠡᠨ ᠤᠮᠳᠠᠭᠠᠨ ᠤ ᠦᠢᠯᠡᠰ ᠤᠨ ᠣᠳᠣᠬᠠᠨ ᠳᠤ ᠪᠠᠶᠢᠭ᠎ᠠ ᠲᠤᠰᠬᠠᠢ ᠮᠡᠷᠭᠡᠵᠢᠯᠲᠡᠳ ᠤᠨ 30% ᠶᠢ ᠡᠵᠡᠯᠡᠨ᠎ᠡ᠃ ᠭᠤᠷᠪᠠ ᠳᠤ᠂ ᠲᠤᠰᠬᠠᠢ ᠮᠡᠷᠭᠡᠵᠢᠯ ᠣᠷᠣᠭᠤᠯᠬᠤ ᠬᠢᠭᠡᠳ ᠥᠷᠢᠰᠦᠯᠳᠦᠭᠡᠨ ᠢᠶᠠᠷ ᠲᠠᠮᠵᠢᠨ᠂ ᠤᠯᠠᠭᠠᠨᠬᠠᠳᠠ ᠬᠤᠳᠠ ᠶᠢᠨ ᠬᠤᠭᠤᠯᠠ ᠵᠠᠭᠤᠰᠢ ᠶᠢᠨ ᠥᠪᠡᠷᠮᠢᠴᠡ ᠦᠨᠦᠷ ᠠᠮᠲᠠ ᠶᠢ ᠪᠦᠷᠢᠯᠳᠦᠭᠦᠯᠵᠡᠢ᠃ ᠤᠯᠠᠭᠠᠨᠬᠠᠳᠠ ᠬᠤᠳᠠ ᠨᠢ ᠵᠡᠭᠦᠨ ᠬᠤᠶᠢᠲᠤ ᠶᠢᠨ ᠮᠠᠨᠵᠤ ᠬᠢᠲᠠᠳ ᠤᠨ ᠵᠠᠩ ᠦᠢᠯᠡ ᠶᠢᠨ ᠰᠣᠶᠣᠯ ᠤᠨ ᠲᠣᠭᠤᠷᠢᠭ ᠲᠤ ᠪᠠᠭᠲᠠᠳᠠᠭ᠂ ᠲᠡᠦᠬᠡᠨ ᠳᠡᠭᠡᠷ᠎ᠡ ᠲᠤᠰ ᠬᠤᠳᠠ ᠶᠢᠨ ᠢᠳᠡᠭᠡᠨ ᠤ ᠦᠢᠯᠡᠰ ᠤᠨ ᠨᠡᠷᠡᠲᠦ ᠲᠣᠭᠤᠭᠠᠴᠢ ᠨᠢ ᠪᠦᠷ ᠱᠠᠨᠳᠦ᠋ᠩ᠂ ᠾᠧᠪᠧᠢ᠂ ᠱᠠᠨᠰᠢ ᠪᠠᠷ ᠨᠤᠳᠤᠭᠳᠠᠢ ᠪᠠᠶᠢᠳᠠᠭ ᠠᠴᠠ ᠨᠣᠭᠤᠭ᠎ᠠ ᠵᠠᠭᠤᠰᠢ ᠶᠢᠨ ᠠᠮᠲᠠ ᠵᠢᠴᠢ ᠥᠩᠭᠡ ᠨᠢ ᠪᠦᠷ ᠢᠯᠭᠠᠭ᠎ᠠ ᠲᠠᠢ ᠪᠠᠶᠢᠳᠠᠭ᠃ ᠠᠷᠪᠠᠭᠠᠳ ᠵᠢᠯ ᠤᠨ ᠦᠨᠡᠯᠡᠨ ᠪᠠᠶᠢᠴᠠᠭᠠᠬᠤ᠂ ᠰᠢᠯᠭᠠᠨ ᠲᠣᠭᠲᠠᠭᠠᠬᠤ ᠵᠢᠴᠢ ᠳ᠋ᠦᠩᠨᠡᠬᠦ ᠪᠠᠷ ᠳᠠᠮᠵᠢᠭᠠᠳ᠂ ᠪᠡᠭᠡᠵᠢᠩ᠂ ᠾᠧᠪᠧᠢ᠂ ᠱᠠᠨᠳᠦ᠋ᠩ᠂ ᠱᠠᠨᠰᠢ᠂ ᠥᠪᠥᠷ ᠮᠣᠩᠭᠤᠯ ᠵᠡᠷᠭᠡ ᠡᠯ᠎ᠡ ᠭᠠᠵᠠᠷ ᠤᠨ ᠣᠬᠢ ᠰᠣᠳᠣ ᠶᠢ ᠰᠢᠩᠭᠡᠭᠡᠭᠰᠡᠨ᠂ ᠵᠡᠭᠦᠨ ᠬᠤᠶᠢᠲᠤ ᠣᠷᠣᠨ ᠤ ᠮᠠᠨᠵᠤ ᠬᠢᠲᠠᠳ ᠤᠨ ᠦᠨᠦᠷ ᠠᠮᠲᠠ ᠪᠠᠷ ᠭᠤᠣᠯᠯᠠᠭᠰᠠᠨ ᠤᠯᠠᠭᠠᠨᠬᠠᠳᠠ ᠬᠤᠳᠠ ᠶᠢᠨ ᠨᠣᠭᠤᠭ᠎ᠠ ᠵᠠᠭᠤᠰᠢᠨ ᠤ ᠥᠪᠡᠷᠮᠢᠴᠡ ᠣᠨᠴᠠᠯᠢᠭ ᠲᠠᠢ ᠦᠨᠦᠷ ᠠᠮᠲᠠ ᠶᠢ ᠪᠦᠷᠢᠯᠳᠦᠭᠦᠯᠵᠡᠢ᠃ ᠬᠤᠳᠠ ᠳᠤ᠂ ᠬᠡᠪᠴᠢᠶ᠎ᠡ ᠪᠠᠷ ᠨᠡᠯᠢᠶᠡᠳ ᠶᠡᠭᠡ ᠬᠤᠭᠤᠯᠠᠨ ᠭᠡᠷ ᠨᠢ ᠤᠯᠠᠭᠠᠨᠬᠠᠳᠠ ᠬᠤᠭᠤᠯᠠᠨ ᠭᠡᠷ᠂ ᠯᠦ ᠮᠢᠩ ᠴᠦᠨ ᠬᠤᠭᠤᠯᠠᠨ ᠭᠡᠷ᠂ ᠰᠦᠩ ᠵᠧᠦ ᠬᠤᠭᠤᠯᠠᠨ ᠭᠡᠷ᠂ ᠵᠢᠦᠢ ᠪᠢᠨ ᠯᠧᠦ ᠬᠤᠭᠤᠯᠠᠨ ᠭᠡᠷ ᠵᠡᠷᠭᠡ ᠪᠠᠶᠢᠬᠤ ᠪᠥᠭᠡᠳ ᠡᠯ᠎ᠡ ᠬᠤᠰᠢᠭᠤᠨ ᠰᠢᠶᠠᠨ ᠤ ᠰᠠᠭᠤᠭ᠎ᠠ ᠭᠠᠵᠠᠷ ᠲᠤ ᠪᠦᠷ ᠥᠪᠡᠷ ᠤᠨ ᠣᠨᠴᠠᠯᠢᠭᠲᠤ ᠬᠤᠭᠤᠯᠠᠨ ᠭᠡᠷ ᠲᠠᠢ ᠪᠠᠶᠢᠪᠠ᠃ ᠡᠳᠡᠭᠡᠷ ᠬᠤᠭᠤᠯᠠᠨ ᠭᠡᠷ ᠨᠢ ᠥᠷᠢᠰᠦᠯᠳᠦᠭᠡᠨ ᠤ ᠳᠤᠮᠳᠠ ᠨᠣᠭᠤᠭ᠎ᠠ ᠵᠠᠭᠤᠰᠢ ᠪᠠᠨ ᠪᠡᠭᠡᠵᠢᠩ ᠤᠨ ᠴᠢᠤᠸᠠᠨ ᠵᠢᠦᠢ ᠳ᠋ᠧ ᠶᠢᠨ ᠰᠢᠷᠠᠭᠰᠠᠨ ᠨᠤᠭᠤᠰᠤ᠂ ᠳ᠋ᠦᠩ ᠯᠠᠢ ᠱᠦᠨ ᠤ ᠬᠤᠨᠢᠨ ᠮᠢᠬ᠎ᠠ ᠵᠡᠷᠭᠡ 200 ᠭᠠᠷᠤᠢ ᠲᠦᠷᠦᠯ ᠵᠦᠢᠯ ᠲᠠᠢ ᠪᠤᠯᠭᠠᠭᠰᠠᠨ ᠪᠠᠶᠢᠳᠠᠭ᠃ ᠣᠷᠣᠨ ᠨᠤᠲᠤᠭ ᠤᠨ ᠣᠨᠴᠠᠯᠢᠭ ᠲᠠᠢ 50 ᠭᠠᠷᠤᠢ ᠵᠦᠢᠯ ᠤᠨ ᠲᠦᠷᠦᠯ ᠵᠦᠢᠯ ᠢ ᠪᠤᠢ ᠪᠤᠯᠭᠠᠭᠰᠠᠨ ᠪᠠᠶᠢᠨ᠎ᠠ᠃ ᠭᠤᠣᠯ ᠢᠳᠡᠭᠡᠨ ᠤ ᠲᠠᠯ᠎ᠠ ᠪᠠᠷ ᠯᠠᠨᠵᠸᠥ ᠶᠢᠨ ᠲᠠᠲᠠᠮᠠᠯ ᠮᠢᠨᠲᠤᠤᠷ᠂ ᠮᠦᠭᠳᠡᠨ ᠤ ᠯᠤᠤ ᠪᠢᠶᠠᠨ ᠤ ᠪᠢᠶᠠᠩᠰᠢ᠂ ᠰᠢᠷᠠᠭᠰᠠᠨ ᠪᠠᠩᠰᠢ᠂ ᠲᠢᠶᠠᠨᠵᠢᠨ ᠤ ᠪᠤᠤᠽᠢ ᠵᠡᠷᠭᠡ ᠭᠤᠴᠢ ᠭᠠᠷᠤᠢ ᠲᠦᠷᠦᠯ ᠵᠦᠢᠯ ᠪᠠᠶᠢᠵᠤ᠂ ᠭᠠᠵᠠᠷ ᠣᠷᠣᠨ ᠤ ᠣᠨᠴᠠᠯᠢᠭ ᠲᠠᠢ 20 ᠰᠢᠬᠠᠮ ᠲᠦᠷᠦᠯ ᠵᠦᠢᠯ ᠤᠨ ᠢᠳᠡᠭᠡᠨ ᠢ ᠡᠭᠦᠳᠦᠨ ᠭᠠᠷᠭᠠᠭᠰᠠᠨ ᠪᠠᠶᠢᠨ᠎ᠠ᠃ ᠡᠭᠦᠨ ᠤ ᠵᠡᠷᠭᠡᠴᠡᠭᠡ ᠪᠠᠷ᠂ ᠪᠣᠣᠪᠤ ᠪᠤᠭᠤᠷᠰᠤᠭ᠂ ᠰᠤᠯᠠ ᠢᠳᠡᠭᠡᠨ ᠤ ᠦᠢᠯᠡᠳᠪᠦᠷᠢᠯᠡᠯ᠂ ᠬᠤᠳᠠᠯᠳᠤᠭ᠎ᠠ ᠶᠢ ᠢᠳᠡᠭᠡᠨ ᠤ ᠡᠵᠡᠩᠨᠡᠯᠲᠡ ᠳᠤ ᠣᠷᠣᠭᠤᠯᠤᠨ᠂ ᠪᠥᠬᠦ ᠬᠤᠳᠠ ᠶᠢᠨ ᠪᠣᠣᠪᠤ ᠪᠤᠭᠤᠷᠰᠤᠭ᠂ ᠰᠤᠯᠠ ᠢᠳᠡᠭᠡᠨ ᠤ ᠲᠦᠷᠦᠯ ᠵᠦᠢᠯ ᠨᠢ 200 ᠭᠠᠷᠤᠢ ᠪᠣᠯᠵᠠᠢ᠃ ᠬᠤᠳᠠ ᠲᠣᠭᠤᠷᠢᠭ ᠪᠠ ᠡᠯ᠎ᠡ ᠬᠤᠰᠢᠭᠤᠨ ᠰᠢᠶᠠᠨ ᠳᠤ ᠴᠥᠮ ᠡᠸᠦ᠋ᠷᠦᠫᠡ ᠬᠤᠭᠤᠯᠠ᠂ ᠺᠤᠤᠹᠧ ᠶᠢᠨ ᠭᠠᠵᠠᠷ ᠲᠠᠢ ᠪᠣᠯᠵᠠᠢ᠃ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠬᠡᠰᠢᠭᠲᠡᠨ ᠬᠤᠰᠢᠭᠤᠨ ᠳᠤ ᠦᠨᠳᠦᠰᠦᠲᠡᠨ ᠤ ᠣᠨᠴᠠᠯᠢᠭᠲᠤ ᠴᠠᠢ ᠶᠢᠨ ᠭᠤᠸᠠᠨᠰᠠ ᠡᠷᠬᠢᠯᠡᠵᠦ᠂ ᠰᠦ ᠲᠠᠢ ᠴᠠᠢ᠂ ᠰᠢᠷ᠎ᠠ ᠲᠣᠰᠣ᠂ ᠬᠠᠭᠤᠷᠠᠢ ᠪᠤᠳᠠᠭ᠎ᠠ᠂ ᠬᠤᠷᠤᠳ ᠵᠥᠭᠡᠬᠡᠢ ᠵᠡᠷᠭᠡ ᠢᠳᠡᠭᠡᠨ ᠪᠠᠶᠢᠵᠤ᠂ ᠮᠠᠯᠴᠢᠨ ᠲᠦᠮᠡᠨ ᠤ ᠬᠦᠷᠢᠶᠡᠯᠡᠯ ᠢ ᠣᠯᠵᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ