ᠠᠶᠠᠨᠴᠢᠳ ᠤᠨ ᠪᠠᠭᠤᠳᠠᠯ
ᠨᠡᠶᠢᠲᠡᠯᠡᠭᠰᠡᠨ ᠴᠠᠭ᠄
2023/12/5
      ᠬᠠᠭᠤᠴᠢᠨ ᠨᠡᠶᠢᠭᠡᠮ ᠳᠤ ᠤᠯᠠᠭᠠᠨᠬᠠᠳᠠ ᠶᠢᠨ ᠵᠡᠭᠡᠯᠢ ᠳᠤ ᠠᠶᠠᠨᠴᠢᠳ ᠲᠤ ᠵᠣᠷᠢᠭᠤᠯᠤᠭᠰᠠᠨ ᠲᠤᠰᠬᠠᠢ ᠪᠠᠭᠤᠳᠠᠯ ᠲᠠᠢ ᠪᠠᠶᠢᠵᠠᠢ᠂ ᠶᠡᠭᠡ ᠲᠡᠷᠭᠡᠨ ᠪᠠᠭᠤᠳᠠᠯ᠂ ᠲᠡᠮᠡᠭᠡ ᠠᠶᠠᠨ ᠤ ᠪᠠᠭᠤᠳᠠᠯ ᠪᠠ ᠦᠬᠡᠷ ᠮᠣᠷᠢᠨ ᠲᠡᠷᠭᠡ ᠶᠢᠨ ᠪᠠᠭᠤᠳᠠᠯ ᠪᠠᠶᠢᠵᠠᠢ᠃ ᠪᠠᠭᠤᠳᠠᠯ ᠤᠨ ᠡᠵᠡᠨ ᠨᠢ ᠠᠶᠠᠨᠴᠢᠳ ᠢ ᠬᠦᠯᠢᠶᠡᠨ ᠠᠪᠴᠤ ᠬᠤᠨᠣᠭᠯᠠᠭᠤᠯᠬᠤ  ᠠᠴᠠ ᠭᠠᠳᠠᠨ᠎ᠠ᠂ ᠠᠶᠠᠨᠴᠢᠳ ᠲᠤ ᠡᠳ᠋ ᠪᠠᠷᠠᠭ᠎ᠠ ᠶᠢ ᠨᠢ ᠣᠷᠣᠯᠠᠨ ᠬᠤᠳᠠᠯᠳᠤᠨ ᠠᠪᠴᠤ ᠥᠭᠭᠦᠨ᠂ ᠮᠠᠶᠢᠮᠠᠢ ᠶᠢᠨ ᠬᠤᠶᠠᠷ ᠡᠲᠡᠭᠡᠳ ᠤᠨ ᠳᠤᠮᠳᠠᠬᠢ ᠵᠠᠭᠤᠴᠢ ᠪᠣᠯᠵᠤ᠂ ᠡᠭᠦᠨ ᠤ ᠳᠤᠮᠳᠠ ᠠᠴᠠ ᠠᠰᠢᠭ ᠬᠦᠷᠳᠡᠳᠡᠭ᠃ ᠲᠠᠷᠢᠶᠠᠴᠢᠨ ᠬᠤᠳᠠ ᠣᠷᠣᠵᠤ ᠠᠮᠤ ᠪᠤᠳᠠᠭ᠎ᠠ᠂ ᠨᠤᠲᠤᠭ ᠤᠨ ᠭᠠᠷᠤᠯᠲᠠ ᠬᠤᠳᠠᠯᠳᠤᠬᠤ ᠳᠤ ᠪᠠᠭᠤᠳᠠᠯ  ᠤᠨ ᠡᠵᠡᠨ ᠵᠠᠬ᠎ᠠ ᠳᠡᠯᠭᠡᠭᠦᠷ ᠤᠨ ᠦᠨ᠎ᠡ ᠶᠢ ᠦᠨᠳᠦᠰᠦᠯᠡᠨ ᠬᠤᠳᠠᠯᠳᠤᠨ ᠠᠪᠤᠭᠴᠢ ᠶᠢ ᠡᠷᠢᠵᠦ ᠦᠭᠬᠦᠳᠡᠭ᠂ ᠠᠷᠠᠯᠵᠢᠶ᠎ᠠ ᠪᠦᠲᠦᠭᠰᠡᠨ ᠤ ᠲᠠᠷᠠᠭ᠎ᠠ᠂ ᠪᠠᠭᠤᠳᠠᠯ ᠤᠨ ᠡᠵᠡᠨ ᠬᠤᠶᠠᠷ ᠲᠠᠯ᠎ᠠ ᠠᠴᠠ ᠨᠢ ᠠᠷᠠᠯᠵᠢᠶᠠᠨ ᠤ ᠰᠦᠢᠳᠬᠡᠯ ᠬᠤᠷᠢᠶᠠᠳᠠᠭ᠃ ᠴᠢᠩ ᠤᠯᠤᠰ ᠤᠨ ᠡᠬᠢᠨ ᠳᠤ᠂ ᠤᠯᠠᠭᠠᠨᠬᠳᠠ ᠶᠢᠨ ᠣᠷᠣᠨ ᠤ ᠠᠶᠠᠨᠴᠢᠳ ᠤᠨ ᠪᠠᠭᠤᠳᠠᠯ ᠢ ᠳᠡᠭᠡᠳᠦ᠂ ᠳᠤᠮᠳᠠ᠂ ᠳᠣᠣᠷ᠎ᠠ ᠲᠡᠰ ᠭᠡᠵᠦ ᠭᠤᠷᠪᠠ ᠬᠤᠪᠢᠶᠠᠳᠠᠭ᠃ ᠳᠡᠭᠡᠳᠦ ᠲᠡᠰ ᠤᠨ ᠪᠠᠭᠤᠳᠠᠯ ᠨᠢ ᠨᠣᠶᠠᠳ ᠢᠵᠠᠭᠤᠷᠲᠠᠨ ᠠᠷᠠᠯᠵᠢᠶᠠᠴᠢᠨ ᠤ ᠦᠷᠦᠭᠡ ᠪᠤᠶᠤ ᠪᠤᠰᠤᠳ ᠰᠤᠯᠠ ᠵᠣᠴᠢᠳ ᠤᠨ ᠨᠢᠭᠡ ᠬᠥᠮᠥᠨ ᠬᠤᠨᠣᠭᠯᠠᠳᠠᠭ ᠥᠷᠥᠭᠡ ᠪᠣᠯᠣᠨ᠎ᠠ᠂ ᠲᠦᠷᠦᠯ ᠬᠤᠪᠢᠶᠠᠨ ᠬᠠᠮᠢᠶᠠᠷᠴᠤ᠂ ᠲᠡᠰ ᠬᠤᠪᠢᠶᠠᠨ ᠦᠢᠯᠡᠴᠢᠯᠡᠵᠦ᠂ ᠳᠣᠲᠣᠭᠠᠳᠤ ᠳᠤ ᠪᠠᠨ ᠲᠣᠭᠤᠭᠠᠨ ᠭᠡᠷ ᠲᠣᠬᠢᠷᠠᠭᠤᠯᠵᠤ᠂ ᠡᠳ᠋ ᠪᠣᠳᠠᠰ ᠢ ᠨᠢ ᠬᠠᠳᠠᠭᠠᠯᠠᠨ ᠥᠭᠴᠦ᠂ ᠰᠥᠨᠢ ᠶᠢᠨ ᠡᠭᠡᠯᠵᠢ ᠬᠠᠷᠠᠭᠤᠯ ᠲᠠᠢ ᠪᠠᠶᠢᠵᠤ᠂ ᠠᠶᠠᠨᠴᠢᠳ ᠤᠨ ᠠᠮᠤᠷ ᠲᠦᠪᠰᠢᠨ ᠢ ᠪᠠᠲᠤᠯᠠᠳᠠᠭ᠃ ᠳᠤᠮᠳᠠ ᠵᠡᠷᠭᠡ ᠶᠢᠨ ᠪᠠᠭᠤᠳᠠᠯ ᠨᠢ ᠥᠷᠥᠭᠡᠨ ᠳᠤ ᠪᠠᠨ ᠬᠤᠯᠢᠯᠳᠤᠨ ᠰᠠᠭᠤᠬᠤ ᠪᠠ ᠦᠷᠬᠦᠢ ᠣᠷᠣ ᠭᠡᠵᠦ ᠬᠤᠶᠠᠷ ᠵᠦᠢᠯ ᠪᠠᠶᠢᠳᠠᠭ᠂ ᠠᠶᠠᠨᠴᠢᠳ ᠪᠠ ᠶᠠᠭᠤᠮ᠎ᠠ ᠬᠡᠦᠮ᠎ᠡ ᠶᠢ ᠨᠢᠭᠡ ᠥᠷᠥᠭᠡᠨ ᠳᠤ ᠲᠣᠬᠢᠷᠠᠭᠤᠯᠳᠠᠭ᠃ ᠡᠶᠢᠮᠦᠷᠬᠦ ᠥᠷᠥᠭᠡ ᠨᠢ ᠨᠢᠭᠡ ᠬᠥᠮᠥᠨ ᠤ ᠥᠷᠥᠭᠡ ᠭᠡᠵᠦ ᠪᠠᠶᠢᠬᠤ ᠦᠭᠡᠢ᠂ ᠲᠣᠭᠤᠭᠠᠨ ᠭᠡᠷ ᠦᠭᠡᠢ᠂ ᠦᠨ᠎ᠡ ᠬᠠᠩᠰᠢ ᠨᠢ ᠳᠡᠭᠡᠳᠦ ᠲᠡᠰ ᠤᠨ ᠪᠠᠭᠤᠳᠠᠯ ᠠᠴᠠ ᠬᠢᠮᠳᠠ ᠪᠠᠶᠢᠳᠠᠭ᠃ ᠳᠣᠣᠷ᠎ᠠ ᠲᠡᠰ ᠤᠨ ᠪᠠᠭᠤᠳᠠᠯ ᠨᠢ ᠴᠥᠮ ᠦᠷᠬᠦᠢ ᠣᠷᠣ ᠪᠠᠶᠢᠵᠤ᠂ ᠨᠢᠭᠡ ᠥᠷᠥᠭᠡᠨ ᠳᠤ ᠠᠷᠪᠠᠭᠠᠳ ᠬᠥᠮᠥᠨ᠂ ᠠᠶᠠᠨᠴᠢᠳ ᠶᠠᠭᠤᠮ᠎ᠠ ᠬᠡᠦᠮ᠎ᠡ ᠪᠠᠨ ᠠᠪᠴᠤ ᠬᠤᠨᠣᠭᠯᠠᠳᠠᠭ᠂ ᠪᠠᠭᠤᠳᠠᠯ  ᠤᠨ ᠡᠵᠡᠨ ᠨᠢ ᠵᠦᠪᠭᠡᠨ ᠣᠷᠣ ᠶᠢᠨ ᠵᠣᠭᠤᠰ ᠬᠤᠷᠢᠶᠠᠬᠤ ᠠᠴᠠ ᠪᠤᠰᠤᠳ ᠵᠦᠢᠯ ᠢ ᠨᠢ ᠬᠠᠮᠢᠶᠠᠷᠳᠠᠭ ᠦᠭᠡᠢ᠃ ᠵᠠᠷᠢᠮ ᠪᠠᠭᠤᠳᠠᠯ ᠨᠢ ᠠᠶᠠᠨᠴᠢᠳ ᠴᠥᠮ ᠬᠠᠨᠵᠤᠨ ᠳᠡᠭᠡᠷ᠎ᠡ ᠤᠨᠲᠠᠵᠤ᠂ ᠮᠣᠳᠣᠨ ᠣᠷᠣ ᠭᠡᠵᠦ ᠪᠠᠶᠢᠳᠠᠭ ᠦᠭᠡᠢ᠂ ᠰᠥᠨᠢ ᠳᠤ ᠪᠠᠨ ᠲᠤᠰᠤᠨ ᠳ᠋ᠧᠩ ᠢᠶᠠᠷ ᠭᠡᠷᠡᠯᠳᠦᠬᠦᠯᠳᠡᠭ᠃ ᠦᠬᠡᠷ ᠮᠣᠷᠢᠨ ᠲᠡᠷᠭᠡᠨ ᠪᠠᠭᠤᠳᠠᠯ ᠪᠠ ᠲᠡᠮᠡᠭᠡᠨ ᠠᠶᠠᠨ ᠤ ᠪᠠᠭᠤᠳᠠᠯ ᠨᠢ ᠨᠡᠩ ᠴᠤ ᠲᠦᠬᠦᠮ ᠪᠠᠶᠢᠳᠠᠭ᠂ ᠥᠷᠥᠭᠡᠨ ᠳᠤ ᠨᠢ ᠲᠣᠮᠣ ᠬᠠᠨᠵᠤ ᠲᠠᠢ᠂ ᠬᠤᠷᠣᠭᠠᠨ ᠳᠤ ᠨᠢ ᠢᠯᠡ ᠡᠪᠡᠰᠦᠨ ᠣᠩᠭᠤᠴᠠ ᠲᠠᠢ᠂ ᠤᠨᠤᠭ᠎ᠠ ᠪᠠᠨ ᠠᠶᠠᠨᠴᠢᠳ ᠥᠪᠡᠷ ᠢᠶᠠᠨ ᠡᠪᠡᠰᠦᠯᠡᠵᠦ᠂ ᠪᠠᠭᠤᠳᠠᠯ ᠤᠨ ᠡᠵᠡᠨ ᠡᠪᠡᠰᠦ ᠪᠣᠷᠳᠤᠭ᠎ᠠ ᠶᠢ ᠣᠷᠣᠯᠠᠨ ᠬᠤᠳᠠᠯᠳᠤᠳᠠᠭ᠃      1921 ᠣᠨ ︵ᠢᠷᠭᠡᠨ ᠤᠯᠤᠰ ᠤᠨ 10 ᠣᠨ︶ ᠤ ᠤᠷᠢᠳ ᠬᠤᠵᠢᠳ ᠪᠣᠯ ᠤᠯᠠᠭᠠᠨᠬᠠᠳᠠ ᠶᠢᠨ ᠪᠠᠭᠤᠳᠠᠯ ᠤᠨ ᠦᠢᠯᠡᠰ ᠥᠷᠨᠢᠨ ᠬᠥᠭᠵᠢᠭᠰᠡᠨ ᠴᠠᠭ ᠦᠶ᠎ᠡ ᠪᠣᠯᠣᠨ᠎ᠠ᠂ ᠤᠯᠠᠭᠠᠨᠬᠳᠠ ᠵᠡᠭᠡᠯᠢ ᠳᠤ 70 ᠪᠠᠭᠤᠳᠠᠯ ᠲᠠᠢ ᠪᠠᠶᠢᠵᠤ᠂ ᠦᠬᠡᠷ ᠮᠣᠷᠢᠨ ᠲᠡᠷᠭᠡᠨ ᠪᠠᠭᠤᠳᠠᠯ 40᠂ ᠲᠡᠮᠡᠭᠡᠨ ᠠᠶᠠᠨ ᠤ ᠪᠠᠭᠤᠳᠠᠯ 14 ᠪᠠᠶᠢᠪᠠ᠃ ᠬᠦᠷᠢᠶ᠎ᠡ ᠬᠡᠪᠴᠢᠶ᠎ᠡ ᠨᠢ ᠨᠡᠯᠢᠶᠡᠳ ᠶᠡᠭᠡ ᠪᠠᠭᠤᠳᠠᠯ ᠳᠤ ᠭᠤᠸᠠᠩ ᠲᠠᠢ ᠲᠡᠮᠡᠭᠡᠨ ᠠᠶᠠᠨ ᠤ ᠪᠠᠭᠤᠳᠠᠯ ᠪᠠᠶᠢᠵᠤ᠂ ᠵᠠᠭᠤ ᠭᠠᠷᠤᠢ ᠲᠡᠮᠡᠭᠡ ᠲᠠᠢ ᠠᠶᠠᠨᠴᠢᠳ ᠪᠠᠭᠤᠳᠠᠯᠯᠠᠵᠤ ᠪᠠᠭᠲᠠᠳᠠᠭ᠃ ᠭᠤᠸᠠᠩ ᠵᠢᠤᠸᠠᠢ ᠪᠠᠭᠤᠳᠠᠯ ᠨᠢ ᠬᠠᠮᠤᠭ ᠡᠷᠲᠡ ᠨᠡᠭᠡᠭᠡᠵᠡᠢ᠂ ᠡᠨᠡ ᠬᠤᠶᠠᠷ ᠪᠠᠭᠤᠳᠠᠯ ᠤᠨ ᠬᠦᠷᠢᠶᠡᠨ ᠳᠤ 300 ᠭᠠᠷᠤᠢ ᠲᠡᠮᠡᠭᠡ ᠲᠠᠢ ᠠᠶᠠᠨᠴᠢᠳ ᠪᠠᠭᠤᠳᠠᠯᠯᠠᠵᠤ ᠪᠠᠭᠲᠠᠳᠠᠭ᠃      1933 ᠣᠨ ᠳᠤ᠂ ᠶᠠᠫᠤᠨ ᠴᠡᠷᠢᠭ ᠤᠯᠠᠭᠠᠨᠬᠠᠳᠠ ᠶᠢ ᠡᠵᠡᠯᠡᠭᠰᠡᠨ ᠤ ᠲᠠᠷᠠᠭ᠎ᠠ᠂ ᠶᠠᠫᠤᠨ ᠤ ᠠᠷᠠᠯᠵᠢᠶᠠᠴᠢᠳ ᠤᠯᠠᠭᠠᠨᠬᠳᠠ ᠳᠤ ᠶᠡᠬᠡᠪᠡᠷ ᠢᠪᠡᠷᠡᠨ ᠣᠷᠣᠵᠤ ᠂ ᠤᠷᠢᠳ ᠬᠤᠵᠢᠳ ᠳ᠋ᠦ᠋ ᠮᠦ ᠠᠶᠠᠨᠴᠢᠨ ᠤ ᠪᠠᠭᠤᠳᠠᠯ᠂ ᠯᠦᠩ ᠱᠠᠨ ᠠᠶᠠᠨᠴᠢᠨ ᠤ ᠪᠠᠭᠤᠳᠠᠯ᠂ ᠪᠦ᠋ ᠡᠯ ᠠᠶᠠᠨᠴᠢᠨ ᠤ ᠪᠠᠭᠤᠳᠠᠯ᠂ ᠤᠯᠠᠭᠠᠨᠬᠳᠠ ᠠᠶᠠᠨᠴᠢᠨ ᠤ ᠪᠠᠭᠤᠳᠠᠯ᠂ ᠶᠠᠫᠤᠨ ᠮᠠᠨᠵᠤ ᠶᠢᠨ ᠠᠶᠠᠨᠴᠢᠨ ᠤ ᠪᠠᠭᠤᠳᠠᠯ ᠵᠡᠷᠭᠡ ᠤᠯᠠᠨ ᠪᠠᠭᠤᠳᠠᠯ ᠡᠷᠬᠢᠯᠡᠵᠡᠢ᠂ ᠳ᠋ᠦ᠋ ᠮᠦ ᠪᠠᠭᠤᠳᠠᠯ ᠤᠨ ᠲᠥᠬᠦᠭᠡᠷᠦᠮᠵᠢ ᠨᠢ ᠬᠠᠮᠤᠭ ᠰᠠᠶᠢᠨ᠂ ᠨᠣᠶᠠᠳ ᠠᠷᠠᠯᠵᠢᠶᠠᠴᠢᠳ᠂ ᠳᠡᠭᠡᠳᠦ ᠲᠡᠰ ᠤᠨ ᠬᠥᠮᠥᠰ ᠪᠠᠭᠤᠳᠠᠯᠯᠠᠳᠠᠭ ᠪᠥᠭᠡᠳ ᠰᠠᠷ᠎ᠠ ᠶᠢᠨ ᠤᠷᠤᠯᠭ᠎ᠠ ᠨᠢ ᠲᠠᠪᠤ᠂ ᠵᠢᠷᠭᠤᠭᠠᠨ ᠮᠢᠩᠭᠠᠨ ᠯᠠᠩ ᠴᠠᠭᠠᠨ ᠮᠥᠩᠭᠦ ᠭᠦᠷᠳᠡᠭ᠃ ᠲᠤᠬᠠᠢ ᠶᠢᠨ ᠭᠠᠵᠠᠷ ᠤᠨ ᠬᠥᠮᠥᠰ ᠤᠨ ᠡᠷᠬᠢᠯᠡᠭᠰᠡᠨ ᠪᠠᠭᠤᠳᠠᠯ ᠶᠠᠪᠤᠬᠤ ᠲᠤᠳᠤᠮ ᠴᠥᠭᠡᠷᠡᠵᠦ᠂ 1945 ᠣᠨ ᠤ ︽8.15︾ ᠤ ᠶᠠᠫᠤᠨ ᠪᠠᠭᠤᠵᠤ ᠥᠭᠬᠦ ᠪᠤᠯᠳᠠᠯ᠎ᠠ ᠤᠯᠠᠭᠠᠨᠬᠳᠠ ᠳᠤ ᠵᠦᠪᠭᠡᠨ 40 ᠭᠠᠷᠤᠢ ᠯᠠ ᠪᠠᠭᠤᠳᠠᠯ ᠪᠠᠶᠢᠪᠠ᠃      ᠴᠢᠯᠦᠭᠡᠯᠡᠭᠳᠡᠭᠰᠡᠨ ᠤ ᠲᠠᠷᠠᠭ᠎ᠠ᠂ ᠤᠯᠠᠭᠠᠨᠬᠳᠠ ᠶᠢᠨ ᠠᠶᠠᠨᠴᠢᠳ ᠤᠨ ᠪᠠᠭᠤᠳᠠᠯ ᠶᠡᠭᠡ ᠲᠥᠯᠥᠪ ᠭᠤᠷᠪᠠᠨ ᠱᠠᠲᠤ ᠶᠢ ᠥᠩᠭᠡᠷᠡᠭᠡᠭᠰᠡᠨ ᠶᠤᠮ᠃ 1946—1957 ᠣᠨ ᠪᠤᠯᠳᠠᠯ᠎ᠠ᠂ ᠰᠡᠷᠭᠦᠯᠲᠡ ᠪᠠ ᠬᠥᠭᠵᠢᠯᠲᠡ ᠶᠢᠨ ᠱᠠᠲᠤ ᠪᠣᠯᠣᠨ᠎ᠠ᠃ ᠪᠦᠬᠦ ᠬᠤᠳᠠ ᠶᠢᠨ ᠠᠶᠠᠨᠴᠢᠳ ᠤᠨ ᠪᠠᠭᠤᠳᠠᠯ ᠨᠢ ᠤᠯᠤᠰ ᠬᠤᠪᠢ ᠬᠤᠷᠰᠢᠨ ᠡᠷᠬᠢᠯᠡᠬᠦ ᠪᠤᠯᠳᠠᠯ᠎ᠠ 40 ᠭᠠᠷᠤᠢ ᠪᠠᠶᠢᠭᠰᠠᠨ ᠠᠴᠠ 70 ᠭᠠᠷᠤᠢ ︵ᠡᠭᠦᠨ ᠳᠤ ᠤᠯᠤᠰ ᠠᠴᠠ ᠡᠷᠬᠢᠯᠡᠭᠰᠡᠨ ᠨᠢ 26 ᠪᠤᠢ︶ ᠪᠣᠯᠤᠭᠰᠠᠨ ᠪᠠᠶᠢᠨ᠎ᠠ᠃ ᠤᠯᠤᠰ ᠠᠴᠠ ᠬᠠᠭᠤᠴᠢᠨ ᠪᠠᠭᠤᠳᠠᠯ ᠢ ᠳᠡᠮᠵᠢᠬᠦ ᠲᠦᠷᠦ ᠶᠢᠨ ᠪᠣᠳᠣᠯᠭ᠎ᠠ ᠶᠢ ᠠᠪᠴᠤ᠂ ᠴᠡᠭᠴᠡᠯᠡᠬᠦ ᠪᠠ ᠥᠭᠡᠷᠡᠴᠢᠯᠡᠬᠦ ᠠᠴᠠ ᠡᠭᠦᠰᠴᠦ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠪᠠ ᠵᠣᠬᠢᠰ ᠦᠭᠡᠢ ᠳᠦᠷᠢᠮ ᠲᠣᠭᠲᠠᠭᠠᠯ ᠢ ᠬᠦᠴᠦᠨ ᠦᠭᠡᠢ ᠪᠣᠯᠭᠠᠵᠤ᠂ ᠪᠠᠭᠤᠳᠠᠯ ᠤᠨ ᠦᠨ᠎ᠡ ᠬᠠᠩᠰᠢ ᠶᠢ ᠬᠢᠵᠠᠭᠠᠷᠯᠠᠨ ᠲᠣᠭᠲᠠᠭᠠᠵᠤ᠂ ᠠᠶᠠᠨᠴᠢᠳ ᠤᠨ ᠪᠠᠭᠤᠳᠠᠯ ᠳᠤ ᠬᠤᠨᠣᠭᠯᠠᠬᠤ ᠠᠴᠠ ᠭᠠᠳᠠᠨ᠎ᠠ ᠪᠤᠰᠤᠳ ᠠᠯᠢᠪᠠ ᠠᠵᠢᠯᠯᠠᠭ᠎ᠠ ᠶᠢ ᠵᠣᠭᠰᠣᠭᠠᠵᠤ᠂ ᠬᠦᠳᠡᠯᠮᠤᠷᠢ ᠪᠠ ᠬᠥᠯᠥᠰᠦ ᠴᠠᠯᠢᠩ ᠤᠨ ᠬᠠᠷᠢᠴᠠᠭ᠎ᠠ ᠶᠢ ᠲᠣᠬᠢᠷᠠᠭᠤᠯᠵᠤ᠂ ᠠᠵᠢᠯᠴᠢᠳ ᠤᠨ ᠬᠥᠯᠥᠰᠦ ᠣᠯᠭᠤᠮᠵᠢ ᠶᠢ ᠲᠡᠭᠡᠭᠰᠢᠯᠡᠬᠦᠯᠵᠦ ᠥᠭᠭᠦᠭᠰᠡᠨ ᠪᠠᠶᠢᠨ᠎ᠠ᠃ 1956 ᠣᠨ ᠳᠤ᠂ ᠤᠯᠠᠭᠠᠨᠬᠳᠠ ᠬᠤᠳᠠ ᠶᠢᠨ ᠢᠳᠡᠭᠡᠨ ᠤᠮᠳᠠᠭᠠᠨ ᠤ ᠦᠢᠯᠡᠴᠢᠯᠡᠭᠡᠨ ᠤ ᠺᠤᠮᠫᠠᠨᠢ ᠪᠠᠶᠢᠭᠤᠯᠤᠭᠳᠠᠵᠤ᠂ ᠡᠯ᠎ᠡ ᠬᠤᠰᠢᠭᠤ ᠰᠢᠶᠠᠨ ᠤ ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠥᠴᠢᠷ ᠨᠢ ᠴᠤ ᠬᠠᠷᠠᠭᠠᠯᠵᠠᠭᠰᠠᠨ ᠪᠠᠶᠢᠭᠤᠯᠤᠮᠵᠢ ᠪᠠᠶᠢᠭᠤᠯᠵᠤ᠂ ᠪᠠᠭᠤᠳᠠᠯ ᠢ ᠠᠵᠢᠯ ᠲᠦᠷᠦᠯ ᠢᠶᠠᠷ ᠨᠢ ᠬᠠᠮᠢᠶᠠᠷᠴᠤ ᠪᠠᠶᠢᠪᠠ᠃ 1957 ᠣᠨ ᠤ ᠨᠡᠶᠢᠭᠡᠮ ᠵᠢᠷᠤᠮᠲᠤ ᠥᠭᠡᠷᠡᠴᠢᠯᠡᠯᠲᠡ ᠶᠢᠨ ᠲᠠᠷᠠᠭ᠎ᠠ᠂ ᠪᠦᠬᠦ ᠬᠤᠳᠠ ᠶᠢᠨ ᠬᠤᠪᠢ ᠶᠢᠨ ᠡᠷᠬᠢᠯᠡᠭᠰᠡᠨ ᠪᠠᠭᠤᠳᠠᠯ ᠨᠢ 14 ᠦᠯᠡᠳᠡᠵᠦ ︵ᠣᠯᠠᠩᠬᠢ ᠨᠢ ᠦᠬᠡᠷ ᠮᠣᠷᠢᠨ ᠲᠡᠷᠭᠡᠨ ᠪᠠᠭᠤᠳᠠᠯ︶ ᠤᠳᠠᠯ ᠦᠭᠡᠢ ᠣᠷᠣ ᠮᠥᠷ ᠲᠠᠰᠤᠷᠠᠵᠠᠢ᠃      1958—1977 ᠣᠨ ᠪᠣᠯᠬᠤ ᠳᠤ ᠬᠤᠳᠠ ᠲᠣᠭᠤᠷᠢᠭ ᠪᠣᠯᠣᠨ ᠡᠯ᠎ᠡ ᠬᠤᠰᠢᠭᠤ ᠰᠢᠶᠠᠨ ᠤ ᠵᠠᠰᠠᠭ ᠤᠨ ᠣᠷᠳᠣᠨ ᠤ ᠪᠠᠶᠢᠭᠤᠯᠭ᠎ᠠ᠂ ᠡᠯ᠎ᠡ ᠰᠢᠰᠲ᠋ᠧᠮ  ᠨᠢ ᠵᠣᠴᠢᠯᠠᠬᠤ ᠭᠠᠵᠠᠷ ᠲᠣᠬᠢᠷᠠᠭᠤᠯᠵᠤ᠂ ᠪᠦᠬᠦ ᠬᠤᠳᠠ ᠳᠤ ᠵᠦᠪᠭᠡᠨ 50 ᠭᠠᠷᠤᠢ ᠠᠶᠠᠨᠴᠢᠳ ᠤᠨ ᠪᠠᠭᠤᠳᠠᠯ ᠲᠠᠢ ᠯᠠ ᠪᠣᠯᠵᠤ᠂ 4000 ᠣᠷᠴᠢᠮ ᠤᠨ ᠣᠷᠣ  ᠲᠠᠢ ᠪᠠᠶᠢᠵᠤ᠂ ᠠᠶᠠᠨᠴᠢᠳ ᠪᠠᠭᠤᠳᠠᠯ ᠣᠯᠬᠤ ᠦᠭᠡᠢ ᠬᠦᠴᠢᠷᠳᠡᠳᠡᠭ ᠪᠠᠶᠢᠪᠠ᠃ ᠡᠨᠡ ᠬᠤᠭᠤᠴᠠᠭᠠᠨ ᠳᠤ ᠪᠠᠭᠤᠳᠠᠯ ᠤᠨ ᠪᠦᠲᠦᠭᠡᠨ ᠪᠠᠶᠢᠭᠤᠯᠤᠯᠲᠠ ᠳᠤ ᠵᠤᠤ ᠤᠳᠠ ᠵᠣᠴᠢᠳ ᠤᠨ ᠪᠠᠭᠤᠳᠠᠯ ︵ᠤᠳᠦ ᠶᠢᠨ ᠤᠯᠠᠭᠠᠨᠬᠠᠳᠠ ᠵᠣᠴᠢᠳ ᠤᠨ ᠪᠠᠭᠤᠳᠠᠯ︶᠂ ᠬᠤᠶᠠᠳᠤᠭᠠᠷ ᠭᠤᠷᠪᠠᠳᠤᠭᠠᠷ ᠵᠣᠴᠢᠯᠠᠬᠤ ᠭᠠᠵᠠᠷ ᠪᠠ ᠦᠨᠳᠦᠰᠦᠲᠡᠨ ᠤ ᠪᠠᠭᠤᠳᠠᠯ ᠠᠴᠠ ᠭᠠᠳᠠᠨ᠎ᠠ ᠬᠤᠰᠢᠭᠤ ᠰᠢᠶᠠᠨ ᠪᠣᠯᠭᠠᠨ ᠳᠤ ᠴᠥᠮ ᠨᠢᠭᠡ ᠨᠡᠯᠢᠶᠡᠳ ᠪᠦᠷᠢᠨ ᠲᠥᠬᠦᠷ ᠵᠣᠴᠢᠯᠠᠬᠤ ᠭᠠᠵᠠᠷ ᠲᠠᠢ ᠪᠣᠯᠤᠭᠰᠠᠨ ᠪᠠᠶᠢᠨ᠎ᠠ᠃ ᠬᠤᠳᠠ ᠲᠣᠭᠤᠷᠢᠭ ᠲᠤ ᠪᠠᠰᠠ ᠨᠢᠭᠡ᠂ ᠬᠤᠶᠠᠷ᠂ ᠭᠤᠷᠪᠠᠳᠤᠭᠠᠷ ᠠᠶᠠᠨᠴᠢᠳ ᠤᠨ ᠪᠠᠭᠤᠳᠠᠯ ᠢ ᠪᠠᠶᠢᠭᠤᠯᠤᠭᠰᠠᠨ ᠪᠠᠶᠢᠨ᠎ᠠ᠃ 1970 ᠣᠨ ᠳᠤ ᠤᠯᠠᠭᠠᠨᠬᠠᠳᠠ ᠪᠠᠭᠤᠳᠠᠯ  ᠤᠨ ᠳᠥᠷᠪᠡᠳᠦᠭᠡᠷ ᠳᠠᠪᠬᠤᠷᠭ᠎ᠠ ᠨᠢ ᠠᠰᠢᠭᠯᠠᠯᠲᠠ ᠳᠤ ᠣᠷᠣᠵᠤ᠂ ᠪᠠᠭᠤᠳᠠᠯ ᠤᠨ ᠪᠠᠷᠠᠭᠤᠨ ᠲᠠᠯ᠎ᠠ ᠳᠤ 300—500 ᠬᠥᠮᠥᠨ ᠪᠠᠭᠲᠠᠭᠠᠬᠤ ᠬᠤᠭᠤᠯᠠᠨ ᠭᠡᠷ ᠪᠠᠶᠢᠭᠤᠯᠵᠤ᠂ ᠬᠤᠳᠠ ᠲᠣᠭᠤᠷᠢᠭ ᠤᠨ ᠳᠣᠲᠣᠷᠠᠬᠢ ᠠᠶᠠᠨᠴᠢᠳ ᠤᠨ ᠢᠳᠡᠵᠦ ᠬᠤᠨᠣᠬᠤ ᠪᠠᠴᠢᠮ ᠪᠠᠶᠢᠳᠠᠯ ᠢ ᠵᠣᠬᠢᠬᠤ ᠬᠡᠮᠵᠢᠶᠡᠨ ᠳᠤ ᠨᠠᠮᠳᠠᠭᠠᠭᠰᠠᠨ ᠪᠠᠶᠢᠨ᠎ᠠ᠃ 1976 ᠣᠨ ᠪᠤᠯᠬᠤ ᠳᠤ ᠪᠦᠬᠦ ᠬᠤᠳᠠ ᠳᠤ 44 ᠪᠠᠭᠤᠳᠠᠯ ᠲᠠᠢ᠂ 616 ᠠᠵᠢᠯᠴᠢᠨ ᠲᠠᠢ ᠪᠣᠯᠵᠤ᠂ ᠡᠵᠡᠩᠨᠡᠯᠲᠡ ᠶᠢᠨ ᠤᠷᠤᠯᠭ᠎ᠠ ᠨᠢ 232 ᠲᠦᠮᠡᠨ ᠲᠥᠭᠦᠷᠢᠭ᠂ ᠠᠰᠢᠭ ᠤᠷᠤᠯᠭ᠎ᠠ ᠨᠢ 75 ᠲᠦᠮᠡᠨ ᠲᠥᠭᠦᠷᠢᠭ ᠪᠣᠯᠤᠭᠰᠠᠨ ᠪᠠᠶᠢᠨ᠎ᠠ᠃      ᠲᠤᠮᠳᠠᠳᠦ ᠤᠯᠤᠰ ᠤᠨ ᠡᠪ ᠬᠠᠮᠲᠤ ᠨᠠᠮ ᠤᠨ ᠠᠷᠪᠠᠨ ᠨᠢᠭᠡᠳᠦᠭᠡᠷ ᠬᠤᠭᠤᠴᠠᠭᠠᠨ ᠤ ᠭᠤᠷᠪᠠᠳᠤᠭᠠᠷ ᠪᠦᠬᠦ ᠬᠤᠷᠠᠯᠳᠤᠭᠠᠨ ᠤ ᠲᠠᠷᠠᠭ᠎ᠠ᠂ ᠣᠨᠴᠠᠭᠠᠶᠢᠯᠠᠨ 1980 ᠤ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠤ ᠲᠠᠷᠠᠭ᠎ᠠ ᠪᠦᠬᠦ ᠨᠡᠶᠢᠭᠡᠮ ᠢᠶᠠᠷ ᠢᠶᠠᠨ ᠥᠷᠢᠰᠦᠯᠳᠦᠨ ᠪᠠᠭᠤᠳᠠᠯ ᠨᠡᠭᠡᠭᠡᠨ ᠡᠬᠢᠯᠡᠵᠦ᠂ 1990 ᠣᠨ ᠪᠤᠯᠬᠤ ᠳᠤ ᠪᠦᠬᠦ ᠬᠤᠳᠠ ᠶᠢᠨ ᠤᠯᠤᠰ ᠠᠴᠠ ᠡᠵᠡᠩᠨᠡᠭᠰᠡᠨ᠂ ᠬᠠᠮᠲᠤ ᠶᠢᠨ᠂ ᠬᠤᠪᠢ ᠬᠥᠮᠥᠨ ᠤ ᠡᠵᠡᠩᠨᠡᠭᠰᠡᠨ ᠵᠣᠴᠢᠳ ᠤᠨ ᠪᠠᠭᠤᠳᠠᠯ᠂ ᠵᠣᠴᠢᠯᠠᠬᠤ ᠭᠠᠵᠠᠷ ᠂ ᠠᠶᠠᠨᠴᠢᠳ ᠤᠨ ᠪᠠᠭᠤᠳᠠᠯ 600 ᠰᠢᠬᠠᠮ ᠪᠣᠯᠵᠤ᠂ ᠠᠵᠢᠯ ᠡᠷᠬᠢᠯᠡᠵᠦ ᠪᠠᠶᠢᠭ᠎ᠠ ᠬᠥᠮᠥᠰ 5000 ᠭᠠᠷᠤᠢ ᠪᠣᠯᠵᠤ᠂ ᠣᠷᠣ ᠶᠢᠨ ᠲᠤᠭ᠎ᠠ 2 ᠲᠦᠮᠡ ᠳᠤ ᠬᠦᠷᠴᠦ᠂ ᠵᠢᠯ ᠤᠨ ᠡᠵᠡᠩᠨᠡᠯᠲᠡ ᠶᠢᠨ ᠤᠷᠤᠯᠭ᠎ᠠ 2000 ᠭᠠᠷᠤᠢ ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ