ᠠᠶᠢᠯ ᠲᠣᠰᠬᠤᠨ ᠴᠤᠭᠯᠠᠭ᠎ᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ︵ᠳᠥᠷᠪᠡ︶
ᠨᠡᠶᠢᠲᠡᠯᠡᠭᠰᠡᠨ ᠴᠠᠭ᠄
2023/12/6

ᠳᠥᠷᠪᠡᠳᠦᠭᠡᠷ ᠬᠡᠰᠡᠭ   ᠬᠤᠲᠠ ᠶᠢᠨ ᠶᠠᠪᠤᠳᠠᠯ ᠤᠨ ᠪᠦᠲᠦᠭᠡᠨ ᠪᠠᠶᠢᠭᠤᠯᠤᠯᠲᠠ

      ᠨᠢᠭᠡ᠂ ᠲᠣᠰᠬᠤᠨ ᠪᠠᠯᠭᠠᠰᠤ ᠶᠢᠨ ᠵᠠᠮ

      1949 ᠣᠨ ᠠᠴᠠ ᠡᠮᠦᠨ᠎ᠡ ᠬᠤᠰᠢᠭᠤ ᠰᠢᠶᠠᠨ ᠤ ᠬᠤᠭᠤᠷᠣᠨᠳᠤ᠂ ᠭᠤᠣᠯᠳᠠᠯᠭ᠎ᠠ ᠲᠠᠢ ᠰᠢᠶᠠᠩ ᠪᠠᠯᠭᠠᠰᠤ ᠶᠢᠨ ᠬᠤᠭᠤᠷᠣᠨᠳᠤ ᠵᠠᠰᠠᠭᠰᠠᠨ ᠬᠠᠶᠢᠷ

ᠴᠢᠯᠠᠭᠤᠨ ᠵᠠᠮ ᠠᠴᠠ ᠭᠠᠳᠠᠨ᠎ᠠ᠂ ᠡᠩ ᠤᠨ ᠲᠣᠰᠬᠤᠨ ᠤ ᠵᠠᠮ ᠨᠢ ᠴᠥᠮ ᠰᠢᠷᠤᠢ ᠶᠢᠨ ᠵᠠᠮ ᠪᠠᠶᠢᠵᠠᠢ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ

ᠪᠠᠶᠢᠭᠤᠯᠤᠭᠳᠠᠭᠰᠠᠨ ᠤ ᠳᠠᠷᠠᠭ᠎ᠠ ᠤᠯᠤᠰ ᠠᠴᠠ ᠵᠢᠯ ᠪᠦᠷᠢ ᠮᠥᠩᠭᠦ ᠭᠠᠷᠭᠠᠨ ᠤᠯᠤᠰ᠂ ᠮᠤᠵᠢ ᠶᠢᠨ ᠳᠡᠰ ᠪᠣᠯᠣᠨ ᠰᠢᠶᠠᠨ ᠤ ᠳᠡᠰ ᠤᠨ ᠵᠠᠰᠠᠮᠠᠯ ᠵᠠᠮ ᠢ ᠵᠠᠰᠠᠭᠰᠠᠨ

ᠪᠠᠶᠢᠨ᠎ᠠ᠃ ᠠᠷᠠᠳ ᠤᠨ ᠨᠢᠭᠡᠳᠦᠯᠵᠢᠯ ᠠᠴᠠ ᠬᠤᠶᠢᠨ᠎ᠠ ᠡᠯ᠎ᠡ ᠭᠠᠵᠠᠷ ᠨᠢ ᠵᠢᠯ ᠪᠦᠷᠢ ᠠᠯᠪᠠᠨ ᠵᠢᠷᠤᠮ ᠤᠨ ᠬᠥᠳᠡᠯᠮᠦᠷᠢ ᠶᠢ ᠵᠣᠬᠢᠶᠠᠨ ᠪᠠᠶᠢᠭᠤᠯᠵᠤ᠂ ᠣᠯᠠᠨ ᠲᠦᠮᠡᠨ

᠎ ᠢ ᠳᠠᠶᠢᠴᠢᠯᠠᠨ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠭᠰᠠᠨ ᠠᠴᠠ ᠲᠣᠰᠬᠤᠨ ᠤ ᠵᠠᠮ ᠲᠥᠯᠥᠪᠵᠢᠭᠰᠡᠨ ᠪᠠᠶᠢᠨ᠎ᠠ᠃ ᠠᠵᠤ ᠠᠬᠤᠢ ᠶᠢᠨ ᠪᠠᠶᠢᠭᠤᠯᠤᠯ ᠤᠨ

ᠥᠭᠡᠷᠡᠴᠢᠯᠡᠯᠲᠡ ᠶᠢᠨ ᠳᠠᠷᠠᠭ᠎ᠠ ᠣᠯᠠᠨ ᠲᠦᠮᠡᠨ ᠪᠠᠶᠠᠵᠢᠶ᠎ᠠ ᠭᠡᠪᠡᠯ ᠤᠷᠢᠳ ᠢᠶᠠᠷ ᠵᠠᠮ ᠵᠠᠰᠠᠬᠤ ᠬᠡᠷᠡᠭᠲᠡᠢ ᠭᠡᠳᠡᠭ ᠢ ᠲᠠᠨᠢᠵᠤ᠂ ᠤᠯᠤᠰ ᠳᠡᠮᠵᠢᠬᠦ᠂ ᠣᠯᠠᠨ ᠲᠦᠮᠡᠨ

ᠪᠡᠯᠡ ᠴᠤᠭᠯᠠᠭᠤᠯᠬᠤ᠂ ᠠᠯᠪᠠᠨ ᠵᠢᠷᠤᠮ ᠤᠨ ᠬᠥᠳᠡᠯᠮᠦᠷᠢ ᠬᠢᠬᠦ ᠬᠡᠯᠪᠡᠷᠢ ᠪᠠᠷ ᠵᠠᠮ ᠵᠠᠰᠠᠬᠤ ᠥᠷᠨᠢᠯᠲᠡ ᠪᠤᠢ ᠪᠣᠯᠵᠤ᠂ ᠲᠣᠰᠬᠤᠨ ᠤ ᠵᠠᠮ ᠪᠠ ᠤᠯᠤᠰ ᠤᠨ ᠵᠠᠰᠠᠮᠠᠯ

ᠵᠠᠮ ᠢ ᠵᠣᠯᠭᠠᠭᠤᠯᠤᠭᠰᠠᠨ ᠪᠠᠶᠢᠨ᠎ᠠ᠃ 1983 ᠣᠨ ᠳᠤ ᠲᠣᠰᠬᠤᠨ ᠤ ᠵᠠᠮ ᠨᠢᠭᠡᠨᠲᠡ 6116.3 ᠺᠢᠯᠣᠮᠧᠲᠷ ᠬᠦᠷᠴᠦ᠂ ᠴᠠᠷᠳᠠᠮᠠᠯ ᠵᠠᠮ 2435.2 ᠺᠢᠯᠣᠮᠧᠲᠷ

ᠬᠦᠷᠴᠦ᠂ 39.8%᠎ ᠶᠢ ᠡᠵᠡᠯᠡᠭᠰᠡᠨ ᠪᠠᠶᠢᠨ᠎ᠠ᠃ 1990 ᠣᠨ ᠪᠣᠯᠲᠠᠯᠠᠬᠢ 7 ᠵᠢᠯ ᠤᠨ ᠬᠤᠭᠤᠴᠠᠭᠠᠨ ᠳᠤ ᠲᠣᠰᠬᠤᠨ ᠤ ᠵᠠᠮ ᠢ 11350.7 ᠺᠢᠯᠣᠮᠧᠲᠷ

ᠰᠢᠨ᠎ᠡ ᠪᠠᠷ ᠵᠠᠰᠠᠵᠤ᠂ 7 ᠵᠢᠯ ᠳᠤ 185.6%᠎ ᠪᠠᠷ ᠨᠡᠮᠡᠭᠳᠡᠵᠦ᠂ ᠡᠭᠦᠨ ᠳᠤ ᠴᠠᠷᠳᠠᠮᠠᠯ ᠵᠠᠮ ᠢ 4197.8 ᠺᠢᠯᠣᠮᠧᠲᠷ ᠰᠢᠨ᠎ᠡ ᠪᠠᠷ ᠵᠠᠰᠠᠭᠰᠠᠨ ᠨᠢ 172.

4%᠎ ᠪᠠᠷ ᠨᠡᠮᠡᠭᠳᠡᠭᠰᠡᠨ ᠪᠠᠶᠢᠨ᠎ᠠ᠃

      ᠪᠦᠬᠦ ᠬᠤᠲᠠ ᠶᠢᠨ 10698 ᠠᠶᠢᠯ ᠲᠣᠰᠬᠤᠨ ᠳᠤ 1990 ᠣᠨ ᠤ ᠰᠡᠭᠦᠯᠴᠢ ᠪᠣᠯᠲᠠᠯ᠎ᠠ 16837 ᠺᠢᠯᠣᠮᠧᠲᠷ ᠵᠠᠮ ᠵᠠᠰᠠᠵᠤ᠂ ᠡᠭᠦᠨ ᠳᠤ ᠲᠣᠰᠣᠨ

ᠵᠠᠮ 5843 ᠺᠢᠯᠣᠮᠧᠲᠷ ᠪᠠᠶᠢᠪᠠ᠃ 212 ᠰᠢᠶᠠᠩ᠂ ᠰᠤᠮᠤ ᠶᠢᠨ ᠪᠠᠶᠢᠭ᠎ᠠ ᠭᠠᠵᠠᠷ ᠤᠨ ᠴᠤᠭᠯᠠᠭ᠎ᠠ ᠪᠠᠯᠭᠠᠰᠤᠨ ᠳᠤ 1990 ᠣᠨ ᠤ ᠰᠡᠭᠦᠯᠴᠢ ᠪᠣᠯᠲᠠᠯ᠎ᠠ 413

ᠺᠢᠯᠣᠮᠧᠲᠷ ᠵᠠᠮ ᠵᠠᠰᠠᠵᠤ᠂ ᠡᠭᠦᠨ ᠳᠤ ᠲᠣᠰᠤᠨ ᠵᠠᠮ 38 ᠺᠢᠯᠣᠮᠧᠲᠷ ᠪᠠᠶᠢᠪᠠ᠃ 46 ᠪᠠᠯᠭᠠᠰᠤᠨ ᠳᠤ 217 ᠺᠢᠯᠣᠮᠧᠲᠷ ᠵᠠᠮ ᠵᠠᠰᠠᠵᠤ᠂ ᠲᠠᠯᠠᠪᠠᠢ ᠨᠢ 159.2

ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠡᠭᠦᠨ ᠳᠤ ᠲᠣᠰᠣᠨ ᠵᠠᠮ 41 ᠺᠢᠯᠣᠮᠧᠲᠷ ᠪᠠᠶᠢᠪᠠ᠃

      ᠬᠤᠶᠠᠷ᠂ ᠤᠰᠤ ᠬᠠᠩᠭᠠᠬᠤ ᠢᠨᠵᠧᠨᠧᠷᠢᠩ

      ᠥᠩᠭᠡᠷᠡᠭᠰᠡᠨ ᠳᠤ᠂ ᠬᠥᠳᠡᠭᠡ ᠲᠣᠰᠬᠤᠨ ᠳᠤ ᠭᠤᠣᠯᠳᠠᠭᠤ ᠶᠡᠭᠡ ᠠᠮᠠᠰᠠᠷᠲᠤ ᠬᠤᠳᠳᠤᠭ ᠢ ᠲᠦᠰᠢᠭᠯᠡᠵᠦ᠂ ᠭᠠᠷ ᠢᠶᠠᠷ ᠲᠠᠲᠠᠬᠤ ᠪᠤᠶᠤ ᠡᠷᠭᠢᠭᠦᠯᠭᠡ ᠪᠠᠷ

ᠲᠠᠲᠠᠵᠤ ᠪᠠᠶᠢᠪᠠ᠂ ᠮᠠᠯᠵᠢᠬᠤ ᠣᠷᠣᠨ ᠳᠤ ᠣᠯᠠᠩᠬᠢ ᠳᠤ ᠪᠠᠨ ᠭᠤᠣᠯ ᠤᠨ ᠤᠰᠤ᠂ ᠪᠤᠯᠠᠭ ᠤᠨ ᠤᠰᠤ ᠢᠳᠡᠵᠦ᠂ ᠵᠠᠷᠢᠮ ᠭᠠᠴᠠᠭᠠᠨ ᠳᠤ ᠳᠥᠭᠦᠮ ᠬᠤᠳᠳᠤᠭ ᠲᠠᠢ

ᠪᠠᠶᠢᠪᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠮᠠᠯᠵᠢᠬᠤ ᠲᠠᠷᠢᠶᠠᠯᠠᠬᠤ

ᠣᠷᠣᠨ ᠤ ᠤᠰᠤᠨ ᠤ ᠡᠷᠡᠭᠦᠯ ᠬᠠᠮᠠᠭᠠᠯᠠᠯ ᠢ ᠰᠠᠶᠢᠵᠢᠷᠠᠭᠤᠯᠬᠤ ᠶᠢ ᠴᠢᠬᠤᠯᠠᠴᠢᠯᠠᠵᠤ᠂ ᠭᠦᠨ ᠬᠤᠳᠳᠤᠭ ᠮᠠᠯᠲᠠᠬᠤ᠂ ᠬᠤᠳᠳᠤᠭ ᠤᠨ ᠭᠡᠷ ᠪᠠᠶᠢᠭᠤᠯᠬᠤ᠂

ᠬᠤᠳᠳᠤᠭ ᠤᠨ ᠪᠦᠷᠬᠦᠭᠡᠰᠦ ᠲᠠᠭᠠᠷᠠᠭᠤᠯᠬᠤ ᠵᠡᠷᠭᠡ ᠠᠷᠭ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠤᠰᠤ ᠤᠮᠳᠠ ᠶᠢᠨ ᠨᠥᠬᠦᠴᠡᠯ ᠢ ᠠᠯᠬᠤᠮ ᠠᠯᠬᠤᠮ ᠢᠶᠠᠷ

ᠰᠠᠶᠢᠵᠢᠷᠠᠭᠤᠯᠤᠭᠰᠠᠨ ᠪᠠᠶᠢᠨ᠎ᠠ᠃ 20 ᠳ᠋ᠤᠭᠠᠷ ᠵᠠᠭᠤᠨ ᠤ ᠵᠢᠷᠠᠭᠠᠳ ᠣᠨ ᠳᠤ ᠳᠠᠷᠤᠯᠳᠠᠲᠤ ᠬᠤᠳᠳᠤᠭ᠂ ᠰᠠᠯᠬᠢᠨ ᠬᠦᠴᠦ ᠪᠠ ᠴᠠᠬᠢᠯᠭᠠᠨ ᠬᠦᠴᠦ ᠪᠠᠷ ᠤᠰᠤ

ᠲᠠᠲᠠᠬᠤ ᠵᠡᠷᠭᠡ ᠠᠭᠠᠵᠢᠮ ᠢᠶᠠᠷ ᠬᠥᠭᠵᠢᠭᠰᠡᠨ ᠪᠠᠶᠢᠨ᠎ᠠ᠃ ᠤᠯᠠᠭᠠᠨᠬᠠᠳᠠ ᠶᠢᠨ ᠭᠠᠵᠠᠷ ᠣᠷᠣᠨ ᠤ ᠣᠯᠠᠩᠬᠢ ᠰᠢᠶᠠᠩ ᠪᠠᠯᠭᠠᠰᠤ ᠶᠢᠨ ᠭᠠᠵᠠᠷ ᠳᠣᠣᠷᠠᠬᠢ ᠤᠰᠤ ᠨᠢ

ᠹᠯᠣᠷ ᠶᠡᠬᠡᠲᠡᠢ ᠣᠷᠣᠨ ᠳᠤ ᠬᠠᠷᠢᠶᠠᠯᠠᠭᠳᠠᠳᠠᠭ᠂ ᠳᠠᠯᠠᠭᠠᠳ ᠣᠨ ᠠᠴᠠ ᠡᠬᠢᠯᠡᠨ ᠤᠯᠤᠰ ᠠᠴᠠ ᠮᠥᠩᠭᠦ ᠥᠭᠬᠦ᠂ ᠣᠯᠠᠨ ᠲᠦᠮᠡᠨ ᠪᠡᠯᠡ ᠴᠤᠭᠯᠠᠭᠤᠯᠬᠤ ᠶᠢ

ᠤᠶᠠᠯᠳᠤᠭᠤᠯᠬᠤ ᠠᠷᠭ᠎ᠠ ᠪᠠᠷ ᠹᠯᠣᠷ ᠶᠡᠬᠡᠲᠡᠢ ᠣᠷᠣᠨ᠂ ᠱᠣᠷᠪᠣᠭ ᠤᠰᠤᠨ ᠣᠷᠣᠨ᠂ ᠤᠰᠤ ᠳᠣᠣᠷ᠎ᠠ ᠣᠷᠣᠨ ᠳᠤ ᠤᠷᠢᠳᠠᠪᠠᠷ ᠤᠰᠤ ᠬᠠᠩᠭᠠᠬᠤ ᠢᠨᠵᠧᠨᠧᠷᠢᠩ ᠤᠨ

ᠪᠦᠲᠦᠭᠡᠨ ᠪᠠᠶᠢᠭᠤᠯᠤᠯᠲᠠ ᠬᠢᠭᠰᠡᠨ ᠪᠠᠶᠢᠨ᠎ᠠ᠃ 1983 ᠣᠨ ᠤ ᠡᠴᠦᠰ ᠪᠣᠯᠬᠤ ᠳᠤ 496 ᠲᠣᠰᠬᠤᠨ ᠪᠠᠯᠭᠠᠰᠤᠨ ᠳᠤ ᠲᠦᠭᠡᠭᠡᠯ ᠤᠰᠤᠨ ᠤ ᠢᠨᠵᠧᠨᠧᠷᠢᠩ

ᠪᠠᠶᠢᠭᠤᠯᠵᠤ᠂ 25 ᠲᠦᠮᠡᠨ ᠬᠥᠮᠥᠨ ᠠᠮᠠ ᠠᠰᠢᠭ ᠬᠦᠷᠲᠡᠭᠰᠡᠨ ᠪᠠᠶᠢᠨ᠎ᠠ᠃ 1990 ᠣᠨ ᠤ ᠡᠴᠦᠰ ᠪᠣᠯᠬᠤ ᠳᠤ ᠪᠠᠰᠠ 868 ᠲᠣᠰᠬᠤᠨ ᠪᠠᠯᠭᠠᠰᠤᠨ ᠳᠤ

ᠲᠦᠭᠡᠭᠡᠯ ᠤᠰᠤᠨ ᠤ ᠢᠨᠵᠧᠨᠧᠷᠢᠩ ᠢ ᠰᠢᠨ᠎ᠡ ᠪᠠᠷ ᠪᠠᠶᠢᠭᠤᠯᠵᠤ᠂ ᠠᠰᠢᠭ ᠬᠦᠷᠲᠡᠭᠰᠡᠳ 60 ᠲᠦᠮᠡᠨ ᠬᠥᠮᠥᠨ ᠨᠡᠮᠡᠭᠳᠡᠭᠰᠡᠨ ᠪᠠᠶᠢᠨ᠎ᠠ᠃

      1990 ᠣᠨ ᠤ ᠡᠴᠦᠰ ᠪᠣᠯᠬᠤ ᠳᠤ ᠪᠦᠬᠦ ᠬᠤᠲᠠ ᠶᠢᠨ 10698 ᠠᠶᠢᠯ ᠲᠣᠰᠬᠤᠨ ᠤ 1219 ᠲᠣᠰᠬᠤᠨ ᠳᠤ ᠲᠦᠭᠡᠭᠡᠯ ᠤᠰᠤᠨ ᠤ ᠢᠨᠵᠧᠨᠧᠷᠢᠩ ᠢ

ᠪᠠᠶᠢᠭᠤᠯᠵᠤ᠂ ᠠᠶᠢᠯ ᠲᠣᠰᠬᠤᠨ ᠤ ᠶᠡᠷᠦᠩᠬᠡᠢ ᠲᠤᠭ᠎ᠠ ᠶᠢᠨ 11.4%᠎ ᠢ ᠡᠵᠡᠯᠡᠵᠦ᠂ ᠠᠰᠢᠭ ᠬᠦᠷᠲᠡᠭᠰᠡᠨ ᠬᠥᠮᠥᠨ ᠠᠮᠠ 68.57 ᠲᠦᠮᠡ ᠪᠣᠯᠵᠤ᠂ ᠶᠡᠷᠦᠩᠬᠡᠢ

ᠬᠥᠮᠥᠨ ᠠᠮᠠ ᠶᠢᠨ 21.4%᠎ ᠶᠢ ᠡᠵᠡᠯᠡᠭᠰᠡᠨ ᠪᠠᠶᠢᠨ᠎ᠠ᠃

      213 ᠰᠢᠶᠠᠩ᠂ ᠰᠤᠮᠤ ᠶᠢᠨ ᠪᠠᠶᠢᠭ᠎ᠠ ᠭᠠᠵᠠᠷ ᠤᠨ ᠴᠤᠭᠯᠠᠭ᠎ᠠ ᠪᠠᠯᠭᠠᠰᠤᠨ ᠤ 64 ᠴᠤᠭᠯᠠᠭ᠎ᠠ ᠪᠠᠯᠭᠠᠰᠤᠨ ᠳᠤ ᠨᠢᠭᠡᠨᠲᠡ ᠲᠦᠭᠡᠭᠡᠯ ᠤᠰᠤᠨ ᠤ

ᠢᠨᠵᠧᠨᠧᠷᠢᠩ ᠢ ᠪᠠᠶᠢᠭᠤᠯᠵᠤ᠂ ᠴᠤᠭᠯᠠᠭ᠎ᠠ ᠪᠠᠯᠭᠠᠰᠤ ᠶᠢᠨ ᠶᠡᠷᠦᠩᠬᠡᠢ ᠲᠤᠭ᠎ᠠ ᠶᠢᠨ 30.18%᠎ ᠶᠢ ᠡᠵᠡᠯᠡᠭᠰᠡᠨ ᠪᠠᠶᠢᠨ᠎ᠠ᠃ ᠤᠰᠤ ᠬᠠᠩᠭᠠᠬᠤ ᠬᠤᠭᠤᠯᠠᠢ ᠶᠢ

419 ᠺᠢᠯᠣᠮᠧᠲᠷ ᠳᠡᠪᠢᠰᠴᠦ᠂ ᠵᠢᠯ ᠤᠨ ᠤᠰᠤ ᠬᠠᠩᠭᠠᠬᠤ ᠬᠡᠮᠵᠢᠶ᠎ᠡ ᠨᠢ 125.7 ᠲᠦᠮᠡᠨ ᠲᠣᠨ ᠪᠣᠯᠵᠠᠢ᠂ ᠡᠭᠦᠨ ᠤ ᠠᠮᠢᠳᠤᠷᠠᠯ ᠳᠤ ᠬᠡᠷᠡᠭᠯᠡᠬᠦ ᠤᠰᠤ 11.4

ᠲᠦᠮᠡᠨ ᠲᠣᠨ ᠪᠠᠶᠢᠵᠤ᠂ ᠠᠰᠢᠭ ᠬᠦᠷᠲᠡᠭᠰᠡᠨ ᠬᠥᠮᠥᠨ ᠠᠮᠠ 7.43 ᠲᠦᠮᠡᠨ ᠬᠥᠮᠥᠨ ᠪᠠᠶᠢᠵᠤ᠂ ᠴᠤᠭᠯᠠᠭ᠎ᠠ ᠪᠠᠯᠭᠠᠰᠤ ᠶᠢᠨ ᠶᠡᠷᠦᠩᠬᠡᠢ ᠬᠥᠮᠥᠨ ᠠᠮᠠ ᠶᠢᠨ 30.

58%᠎ ᠶᠢ ᠡᠵᠡᠯᠡᠭᠰᠡᠨ ᠪᠠᠶᠢᠨ᠎ᠠ᠃

      46 ᠪᠠᠯᠭᠠᠰᠤᠨ ᠤ 31᠎ ᠳᠤ ᠨᠢ ᠲᠦᠭᠡᠭᠡᠯ ᠤᠰᠤᠨ ᠤ ᠢᠨᠵᠧᠨᠧᠷᠢᠩ ᠢ ᠪᠠᠶᠢᠭᠤᠯᠵᠤ᠂ ᠶᠡᠷᠦᠩᠬᠡᠢ ᠪᠠᠯᠭᠠᠰᠤ ᠶᠢᠨ 67.4%᠎ ᠶᠢ ᠡᠵᠡᠯᠡᠵᠦ᠂ ᠤᠰᠤ

ᠬᠠᠩᠭᠠᠬᠤ ᠬᠤᠭᠤᠯᠠᠢ ᠶᠢ 324 ᠺᠢᠯᠣᠮᠧᠲᠷ ᠳᠡᠪᠢᠰᠴᠦ᠂ ᠵᠢᠯ ᠤᠨ ᠤᠰᠤ ᠬᠠᠩᠭᠠᠬᠤ ᠶᠡᠷᠦᠩᠬᠡᠢ ᠬᠡᠮᠵᠢᠶ᠎ᠡ ᠨᠢ 175.54 ᠲᠦᠮᠡᠨ ᠲᠣᠨ ᠪᠠᠶᠢᠵᠤ᠂ ᠠᠰᠢᠭ

ᠬᠦᠷᠲᠡᠭᠰᠡᠨ ᠬᠥᠮᠥᠨ ᠠᠮᠠ 6.76 ᠲᠦᠮᠡ ᠪᠠᠶᠢᠵᠤ᠂ ᠪᠠᠯᠭᠠᠰᠤ ᠶᠢᠨ ᠶᠡᠷᠦᠩᠬᠡᠢ ᠬᠥᠮᠥᠨ ᠠᠮᠠ ᠶᠢᠨ 49.3%᠎ ᠶᠢ ᠡᠵᠡᠯᠡᠭᠰᠡᠨ ᠪᠠᠶᠢᠨ᠎ᠠ᠃

      ᠭᠤᠷᠪᠠ᠂ ᠪᠤᠰᠤᠳ ᠬᠤᠲᠠ ᠶᠢᠨ ᠶᠠᠪᠤᠳᠠᠯ

     1990 ᠣᠨ ᠤ ᠡᠴᠦᠰ ᠪᠣᠯᠬᠤ ᠳᠤ᠂ ᠪᠦᠬᠦ ᠬᠤᠲᠠ ᠳᠤ 7 ᠴᠤᠭᠯᠠᠭ᠎ᠠ ᠪᠠᠯᠭᠠᠰᠤᠨ ᠳᠤ ᠵᠠᠮ ᠤᠨ ᠳ᠋ᠧᠩ 77 ᠤᠭᠰᠠᠷᠠᠵᠤ᠂ 24 ᠴᠤᠭᠯᠠᠭ᠎ᠠ

ᠪᠠᠯᠭᠠᠰᠤᠨ ᠳᠤ 44 ᠺᠢᠯᠣᠮᠧᠲᠷ ᠦᠶᠡᠷ ᠤᠨ ᠬᠠᠰᠢᠯᠭ᠎ᠠ ᠵᠠᠰᠠᠭᠰᠠᠨ ᠪᠠᠶᠢᠨ᠎ᠠ᠂ ᠠᠶᠠᠨᠳᠠᠭᠠᠨ ᠤᠰᠤ ᠭᠠᠳᠠᠭᠰᠢᠯᠠᠭᠤᠯᠬᠤ᠂ ᠴᠢᠯᠠᠭᠤ ᠪᠠᠷ ᠵᠡᠷᠭᠡᠯᠡᠭᠰᠡᠨ ᠢᠯᠡ

ᠰᠤᠪᠠᠭ ᠢᠶᠠᠷ ᠤᠰᠤ ᠭᠠᠳᠠᠭᠰᠢᠯᠠᠭᠤᠯᠬᠤ ᠠᠴᠠ ᠭᠠᠳᠠᠨ᠎ᠠ᠂ 5 ᠴᠤᠭᠯᠠᠭ᠎ᠠ ᠪᠠᠯᠭᠠᠰᠤᠨ ᠳᠤ ᠭᠠᠵᠠᠷ ᠳᠣᠣᠭᠤᠷ ᠤᠰᠤ ᠭᠠᠳᠠᠭᠰᠢᠯᠠᠭᠤᠯᠬᠤ ᠬᠤᠭᠤᠯᠠᠢ ᠳᠡᠪᠢᠰᠴᠦ᠂

ᠬᠤᠭᠤᠯᠠᠢ ᠶᠢᠨ ᠤᠷᠲᠤ ᠨᠢ 9 ᠺᠢᠯᠣᠮᠧᠲᠷ ᠪᠠᠶᠢᠪᠠ᠃ 41 ᠴᠤᠭᠯᠠᠭ᠎ᠠ ᠪᠠᠯᠭᠠᠰᠤᠨ ᠳᠤ ᠵᠠᠮ ᠳᠠᠭᠠᠤ ᠮᠣᠳᠣ ᠲᠠᠷᠢᠨ᠂ ᠨᠣᠭᠤᠭᠠᠷᠠᠭᠤᠯᠤᠭᠰᠠᠨ ᠭᠠᠵᠠᠷ ᠭᠠᠷᠭᠠᠵᠠᠢ᠃

ᠴᠡᠴᠡᠷᠯᠢᠭ ᠤᠨ ᠨᠣᠭᠤᠭᠠᠷᠠᠭᠤᠯᠤᠭᠰᠠᠨ ᠲᠠᠯᠠᠪᠠᠢ 116.35 ᠾᠧᠺᠲ᠋ᠠᠷ ᠪᠠᠶᠢᠪᠠ᠃ ᠡᠯ᠎ᠡ ᠴᠤᠭᠯᠠᠭ᠎ᠠ ᠪᠠᠯᠭᠠᠰᠤᠨ ᠳᠤ ᠴᠥᠮ ᠡᠷᠡᠭᠦᠯ ᠬᠠᠮᠠᠭᠠᠯᠠᠯ ᠤᠨ ᠡᠭᠦᠳᠡᠨ

ᠡᠮᠦᠨᠡᠬᠢ ᠳᠥᠷᠪᠡ ᠶᠢ ᠳᠠᠭᠠᠭᠠᠴᠢᠯᠠᠭᠤᠯᠬᠤ ︵ᠴᠡᠪᠡᠷᠯᠡᠬᠦ᠂ ᠬᠠᠮᠢᠶᠠᠷᠬᠤ᠂ ᠤᠰᠤ ᠰᠠᠴᠤᠬᠤ᠂ ᠬᠤᠭ ᠴᠡᠪᠡᠷᠯᠡᠬᠦ︶᠎ ᠶᠢ ᠬᠡᠷᠡᠭᠵᠢᠭᠦᠯᠵᠦ᠂ 59 ᠴᠤᠭᠯᠠᠭ᠎ᠠ

ᠪᠠᠯᠭᠠᠰᠤᠨ ᠳᠤ 140 ᠨᠡᠶᠢᠲᠡ ᠶᠢᠨ ᠵᠣᠷᠯᠣᠩ ᠪᠠᠶᠢᠭᠤᠯᠪᠠ᠃

      46 ᠪᠠᠯᠭᠠᠰᠤᠨ ᠤ 24 ᠪᠠᠯᠭᠠᠰᠤᠨ ᠳᠤ ᠵᠠᠮ ᠤᠨ ᠳ᠋ᠧᠩ 510 ᠤᠭᠰᠠᠷᠠᠵᠤ᠂ 18 ᠪᠠᠯᠭᠠᠰᠤᠨ ᠤ ᠭᠤᠣᠯ ᠵᠠᠮ ᠳᠤ ᠴᠢᠯᠠᠭᠤ ᠪᠠᠷ ᠵᠡᠷᠭᠡᠯᠡᠭᠰᠡᠨ ᠢᠯᠡ

ᠰᠤᠪᠠᠭ 23240 ᠮᠧᠲᠷ ᠪᠠᠶᠢᠭᠤᠯᠵᠤ᠂ 5 ᠪᠠᠯᠭᠠᠰᠤᠨ ᠳᠤ ᠭᠠᠵᠠᠷ ᠳᠣᠣᠷᠠᠬᠢ ᠤᠰᠤ ᠭᠠᠳᠠᠭᠰᠢᠯᠠᠭᠤᠯᠬᠤ ᠬᠤᠭᠤᠯᠠᠢ ᠳᠡᠪᠢᠰᠴᠦ᠂ 38 ᠺᠢᠯᠣᠮᠧᠲᠷ ᠬᠤᠭᠤᠯᠠᠢ

ᠤᠭᠰᠠᠷᠠᠵᠤ᠂ ᠡᠳᠦᠷ ᠪᠦᠷᠢ 424 ᠲᠣᠨ ᠤᠰᠤ ᠭᠠᠳᠠᠭᠰᠢᠯᠠᠭᠤᠯᠵᠤ᠂ 16 ᠪᠠᠯᠭᠠᠰᠤᠨ ᠳᠤ ᠦᠶᠡᠷ ᠰᠡᠷᠭᠡᠶᠢᠯᠡᠬᠦ ᠬᠠᠰᠢᠯᠭ᠎ᠠ 43 ᠺᠢᠯᠣᠮᠧᠲᠷ ᠪᠠᠶᠢᠭᠤᠯᠤᠭᠰᠠᠨ

ᠪᠠᠶᠢᠨ᠎ᠠ᠂ 30 ᠪᠠᠯᠭᠠᠰᠤᠨ ᠳᠤ 47 ᠬᠥᠭᠦᠷᠭᠡ ᠪᠠᠶᠢᠭᠤᠯᠵᠠᠢ᠂ 10 ᠪᠠᠯᠭᠠᠰᠤᠨ ᠳᠤ 71 ᠴᠡᠪᠡᠷᠯᠡᠭᠴᠢ ᠠᠵᠢᠯᠲᠠᠨ ᠲᠣᠬᠢᠷᠠᠭᠤᠯᠤᠭᠰᠠᠨ ᠪᠠᠶᠢᠨ᠎ᠠ᠂ 22

ᠪᠠᠯᠭᠠᠰᠤᠨ ᠳᠤ 46 ᠨᠡᠶᠢᠲᠡ ᠶᠢᠨ ᠵᠣᠷᠯᠣᠩ ᠪᠠᠶᠢᠭᠤᠯᠪᠠ᠃

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ