ᠠᠶᠢᠯ ᠲᠣᠰᠬᠤᠨ ᠴᠤᠭᠯᠠᠭ᠎ᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ︵ᠬᠤᠶᠠᠷ︶
ᠨᠡᠶᠢᠲᠡᠯᠡᠭᠰᠡᠨ ᠴᠠᠭ᠄
2023/12/6

ᠬᠤᠶᠠᠳᠤᠭᠠᠷ ᠬᠡᠰᠡᠭ   ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ

      ᠰᠢᠩ ᠯᠥᠩ ᠸᠠ᠂ ᠵᠣᠣ ᠪᠣᠣ ᠭᠧᠦ ᠵᠡᠷᠭᠡ ᠰᠣᠶᠣᠯ ᠤᠨ ᠦᠯᠡᠳᠡᠭᠳᠡᠯ ᠭᠡᠷᠡᠴᠢᠯᠡᠭᠰᠡᠨ ᠨᠢ ᠲᠤᠬᠠᠢ ᠶᠢᠨ ᠦᠶ᠎ᠡ ᠶᠢᠨ ᠣᠷᠣᠨ ᠰᠠᠭᠤᠴᠠ ᠳᠤ ᠳᠥᠷᠪᠡᠯᠵᠢᠨ

ᠪᠤᠶᠤ ᠮᠣᠬᠤᠭᠤ ᠥᠨᠴᠥᠭᠲᠦ ᠳᠥᠷᠪᠡᠯᠵᠢᠨ᠂ ᠤᠷᠲᠤ ᠳᠥᠷᠪᠡᠯᠵᠢᠨ ᠬᠡᠯᠪᠡᠷᠢ ᠲᠠᠢ ᠬᠠᠭᠠᠰ ᠨᠥᠬᠡᠨ ᠭᠡᠷ ᠭᠤᠣᠯᠯᠠᠵᠤ᠂ ᠭᠡᠷ ᠳᠣᠲᠣᠷ᠎ᠠ ᠨᠢ ᠮᠣᠳᠣᠨ ᠲᠤᠯᠭᠠᠭᠤᠷᠢ

᠎ ᠲᠠᠢ᠂ ᠲᠣᠭᠤᠷᠢᠭ ᠵᠤᠤᠬ᠎ᠠ ᠲᠠᠢ᠂ ᠡᠭᠦᠳᠡ ᠦᠭᠡᠢ᠂ ᠣᠷᠣᠢ ᠪᠠᠷ ᠢᠶᠠᠨ ᠣᠷᠣᠵᠤ ᠭᠠᠷᠳᠠᠭ᠂ ᠪᠠᠭ᠎ᠠ ᠨᠢ 10-20 ᠲᠡᠭᠰᠢ ᠳᠥᠷᠪᠡᠯᠵᠢᠨ ᠮᠧᠲᠷ᠂ ᠶᠡᠭᠡ ᠨᠢ

100-140 ᠲᠡᠭᠰᠢ ᠳᠥᠷᠪᠡᠯᠵᠢᠨ ᠮᠧᠲᠷ ᠪᠠᠶᠢᠵᠠᠢ᠃ ᠤᠯᠠᠭᠠᠨ ᠬᠠᠳᠠ ᠰᠣᠶᠣᠯ ᠤᠨ ᠦᠶ᠎ᠡ ᠳᠤ ᠣᠷᠣᠨ ᠰᠠᠭᠤᠴᠠ ᠨᠢ ᠮᠥᠨᠴᠦ ᠳᠥᠷᠪᠡᠯᠵᠢᠨ᠂ ᠤᠷᠲᠤ

ᠳᠥᠷᠪᠡᠯᠵᠢᠨ ᠬᠡᠯᠪᠡᠷᠢ ᠪᠠᠷ ᠭᠤᠣᠯᠯᠠᠵᠤ᠂ ᠬᠠᠭᠠᠰ ᠨᠥᠬᠡᠨ ᠭᠡᠷ᠂ ᠳᠣᠲᠣᠷ᠎ᠠ ᠨᠢ ᠵᠤᠤᠬ᠎ᠠ ᠶᠢᠨ ᠣᠷᠣᠮ᠂ ᠬᠤᠯᠠᠩ ᠤᠨ ᠵᠠᠮ ᠲᠠᠢ᠂ ᠵᠠᠷᠢᠮ ᠨᠢ ᠵᠡᠭᠦᠨ ᠡᠮᠦᠨ᠎ᠡ

ᠵᠦᠭ ᠬᠠᠷᠠᠭᠰᠠᠨ ᠡᠭᠦᠳᠡ ᠲᠠᠢ᠃ ᠰᠢᠶᠣᠣ ᠾᠧ ᠶᠠᠨ ᠤ ᠰᠣᠶᠣᠯ ᠤᠨ ᠦᠶ᠎ᠡ ᠳᠤ ᠣᠷᠣᠨ ᠰᠠᠭᠤᠴᠠ ᠨᠢ ᠮᠥᠨᠴᠦ ᠬᠠᠭᠠᠰ ᠨᠦᠬᠡᠨ ᠭᠡᠷ ᠪᠠᠶᠢᠭᠰᠠᠨ ᠪᠣᠯᠪᠠᠴᠤ

ᠲᠣᠭᠤᠷᠢᠭ ᠪᠣᠶᠤ ᠵᠤᠤᠪᠠᠩ ᠲᠣᠭᠤᠷᠢᠭ ᠬᠡᠯᠪᠡᠷᠢ ᠭᠤᠣᠯᠯᠠᠵᠤ᠂ ᠴᠥᠭᠡᠨ ᠲᠣᠭᠠᠨ ᠤ ᠬᠢᠨᠢ ᠮᠣᠬᠤᠭᠤ ᠥᠨᠴᠥᠭᠲᠦ ᠳᠥᠷᠪᠡᠯᠵᠢᠨ ᠬᠡᠯᠪᠡᠷᠢ ᠲᠠᠢ ᠪᠠᠶᠢᠵᠤ᠂ ᠳᠣᠲᠣᠷ᠎ᠠ

᠎ ᠨᠢ ᠮᠣᠳᠣᠨ ᠵᠢᠶᠠᠰᠠ᠂ ᠲᠤᠯᠭᠠᠭᠤᠷᠢ ᠶᠢᠨ ᠨᠦᠬᠡ᠂ ᠵᠤᠤᠬ᠎ᠠ ᠶᠢᠨ ᠣᠷᠣᠮ ᠪᠠᠶᠢᠵᠤ᠂ ᠭᠠᠭᠴᠠ ᠳᠠᠩ ᠲᠠᠰᠤᠯᠭ᠎ᠠ ᠪᠣᠶᠣ ᠬᠤᠣᠰ ᠲᠠᠰᠤᠯᠭ᠎ᠠ ᠲᠠᠢ᠂ ᠵᠡᠭᠦᠨ ᠡᠮᠦᠨᠡᠰᠢ

ᠬᠠᠷᠠᠭᠰᠠᠨ ᠡᠭᠦᠳᠡ ᠲᠠᠢ ᠪᠠᠶᠢᠵᠠᠢ᠃ ᠰᠢᠶᠠ ᠵᠢᠶᠠ ᠳ᠋ᠢᠶᠠᠨ ᠤ ᠳᠣᠣᠷᠠᠳᠤ᠂ ᠳᠡᠭᠡᠳᠦ ᠳᠠᠪᠬᠤᠷᠭ᠎ᠠ ᠶᠢᠨ ᠰᠣᠶᠣᠯ ᠤᠨ ᠦᠶ᠎ᠡ ᠳᠤ ᠭᠡᠷ ᠪᠠᠶᠢᠰᠢᠩ ᠨᠢ ᠮᠥᠨ ᠴᠦ

ᠬᠠᠭᠠᠰ ᠨᠦᠬᠡᠨ ᠭᠡᠷ᠂ ᠲᠣᠭᠤᠷᠢᠭ ᠬᠡᠯᠪᠡᠷᠢ ᠪᠠᠷ ᠭᠤᠣᠯᠯᠠᠵᠤ᠂ ᠬᠡᠷᠡᠮ ᠤᠨ ᠰᠠᠭᠤᠷᠢ ᠶᠢ ᠴᠢᠯᠠᠭᠤ ᠪᠠᠷ ᠵᠡᠷᠭᠡᠯᠡᠨ ᠪᠠᠬᠢᠯᠡᠵᠦ᠂ ᠳᠣᠲᠣᠷ᠎ᠠ ᠲᠠᠯ᠎ᠠ ᠶᠢ ᠨᠢ ᠰᠢᠪᠡᠷ ᠢᠶᠠᠷ

ᠮᠢᠯᠢᠶᠠᠵᠤ᠂ ᠱᠠᠯᠠ ᠳᠤ ᠲᠦᠢᠫᠦ᠋ ᠳᠡᠪᠢᠰᠴᠦ᠂ ᠡᠭᠦᠳᠡᠨ ᠵᠠᠮ ᠭᠠᠷᠭᠠᠵᠠᠢ᠃ ᠶᠢᠨ ᠤᠯᠤᠰ᠂ ᠱᠠᠩ ᠤᠯᠤᠰ ᠤᠨ ᠰᠡᠭᠦᠯᠴᠢ ᠶᠢᠨ ᠬᠤᠭᠤᠴᠠᠭᠠᠨ ᠳᠤ᠂ ᠴᠢᠯᠠᠭᠤᠨ

ᠬᠡᠷᠡᠮ᠂ ᠲᠦᠢᠫᠦ᠋ ᠬᠡᠷᠡᠮ ᠪᠤᠢ ᠪᠣᠯᠵᠤ᠂ ᠡᠪᠡᠰᠦ ᠰᠢᠪᠠᠷ ᠢᠶᠠᠷ ᠵᠢᠭᠤᠷᠠᠵᠤ ᠬᠢᠭᠰᠡᠨ ᠲᠦᠢᠫᠦ᠋ ᠨᠢ 20×40×10 ᠰᠠᠨᠲ᠋ᠢᠮᠧᠲᠷ ᠬᠡᠮᠵᠢᠶ᠎ᠡ ᠲᠠᠢ᠂ ᠪᠠᠶᠢᠰᠢᠩ ᠨᠢ

ᠮᠥᠨ ᠴᠦ ᠲᠣᠭᠤᠷᠢᠭ ᠬᠡᠯᠪᠡᠷᠢ᠂ ᠤᠭᠤᠲᠠᠯᠢᠭ ᠬᠠᠭᠠᠰ ᠨᠦᠬᠡᠨ ᠭᠡᠷ ᠢᠶᠠᠨ ᠭᠤᠣᠯᠯᠠᠵᠤ᠂ ᠢᠯᠡ ᠪᠠᠷᠢᠭᠰᠠᠨ ᠴᠥᠭᠡᠨ ᠲᠣᠭᠠᠨ ᠤ ᠭᠡᠷ ᠪᠠᠶᠢᠰᠢᠩ ᠪᠤᠢ ᠪᠣᠯᠵᠤ᠂

ᠡᠨᠡ ᠦᠶ᠎ᠡ ᠠᠴᠠ ᠭᠡᠷ ᠳᠣᠲᠣᠷ᠎ᠠ ᠨᠢ ᠰᠢᠪᠠᠷ ᠬᠠᠨᠵᠤ ᠲᠠᠢ ᠪᠣᠯᠤᠭᠰᠠᠨ ᠪᠠᠶᠢᠨ᠎ᠠ᠃ ᠰᠢᠶᠣᠣ ᠾᠧ ᠶᠠᠨ ᠤ ᠰᠣᠶᠣᠯ ᠠᠴᠠ ᠰᠡᠭᠦᠯᠡᠷ ᠤᠯᠠᠭᠠᠨᠬᠠᠳᠠ ᠣᠷᠣᠨ ᠤ

ᠣᠷᠣᠨ ᠰᠠᠭᠤᠴᠠ ᠨᠢ ᠲᠣᠭᠤᠷᠢᠭ ᠬᠡᠯᠪᠡᠷᠢ ᠪᠠᠷ ᠭᠤᠣᠯᠯᠠᠬᠤ ᠪᠣᠯᠵᠠᠢ᠃

      ᠮᠠᠯᠵᠢᠬᠤ ᠣᠷᠣᠨ ᠳᠤ ᠶᠤᠸᠠᠨ ᠤᠯᠤᠰ ᠠᠴᠠ ᠰᠡᠭᠦᠯᠡᠷ ᠣᠷᠣᠨ ᠰᠠᠭᠤᠴᠠ ᠨᠢ ᠮᠣᠩᠭᠤᠯ ᠭᠡᠷ ᠢᠶᠠᠷ ᠭᠤᠣᠯᠯᠠᠵᠤ ᠪᠠᠶᠢᠪᠠ᠃ ᠴᠢᠩ ᠤᠯᠤᠰ ᠤᠨ ᠦᠶ᠎ᠡ ᠳᠤ

ᠬᠢᠲᠠᠳᠴᠤᠳ ᠤᠨ ᠨᠥᠯᠥᠭᠡ ᠶᠢ ᠬᠦᠷᠲᠡᠵᠦ᠂ ᠴᠥᠭᠡᠨ ᠲᠣᠭᠠᠨ ᠤ ᠲᠣᠭᠲᠠᠮᠠᠯ ᠲᠣᠭᠤᠷᠢᠭ ᠭᠡᠷ ︵ᠪᠥᠮᠪᠥᠭᠡᠨ︶ ᠪᠣᠯᠣᠨ ᠳᠥᠷᠪᠡᠯᠵᠢᠨ ᠭᠡᠷ ᠠᠭᠠᠵᠢᠮ ᠢᠶᠠᠷ ᠪᠤᠢ

ᠪᠣᠯᠤᠭᠰᠠᠨ ᠪᠠᠶᠢᠨ᠎ᠠ᠃

      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠬᠤ ᠠᠴᠠ ᠡᠮᠦᠨ᠎ᠡ ᠤᠯᠠᠭᠠᠨᠬᠠᠳᠠ ᠶᠢᠨ ᠮᠠᠯᠵᠢᠬᠤ ᠣᠷᠣᠨ ᠳᠤ ᠸᠠᠩ ᠭᠥᠩ ᠢᠵᠠᠭᠤᠷᠲᠠᠨ

ᠲᠣᠭᠤᠰᠬᠠᠨ ᠭᠡᠷ ᠲᠤ ᠰᠠᠭᠤᠵᠤ ᠪᠠᠶᠢᠭᠰᠠᠨ ᠠᠴᠠ ᠭᠠᠳᠠᠨ᠎ᠠ ᠣᠯᠠᠩᠬᠢ ᠮᠠᠯᠴᠢᠳ ᠮᠥᠨ ᠬᠦ ᠮᠣᠩᠭᠤᠯ ᠭᠡᠷ ᠲᠤ ᠰᠠᠭᠤᠵᠤ ᠪᠠᠶᠢᠪᠠ᠃ ᠮᠣᠩᠭᠤᠯ ᠭᠡᠷ  ᠤᠨ

ᠣᠷᠣᠢ ᠶᠢᠨ ᠬᠡᠰᠡᠭ ᠨᠢ ᠪᠥᠭᠡᠷᠡᠩᠬᠡᠢ᠂ ᠬᠠᠨ᠎ᠠ ᠪᠣᠯᠣᠨ ᠲᠣᠭᠤᠨᠣ ᠪᠠᠷ ᠪᠦᠲᠦᠵᠦ᠂ ᠭᠠᠳᠠᠭᠤᠷ ᠨᠢ ᠢᠰᠡᠭᠡᠢ ᠪᠠᠷ ᠪᠦᠷᠢᠵᠦ᠂ ᠵᠤᠨ ᠤ ᠤᠯᠠᠷᠢᠯ ᠳᠤ ᠵᠠᠷᠢᠮ ᠨᠢ

ᠴᠢᠭᠢᠷᠰᠤ ᠪᠠᠷ ᠪᠦᠷᠢᠵᠦ᠂ ᠪᠦᠳᠦᠭᠦᠯᠢᠭ ᠬᠢᠯᠭᠠᠰᠤᠨ ᠳᠡᠭᠡᠰᠦ ᠪᠠᠷ ᠣᠷᠢᠶᠠᠨ ᠲᠣᠭᠲᠠᠭᠠᠳᠠᠭ᠃ ᠬᠠᠨᠠᠨ ᠳᠡᠭᠡᠷ᠎ᠡ ᠪᠠᠨ ᠨᠢᠭᠡ ᠡᠭᠦᠳᠡ ᠲᠠᠢ᠃ ᠮᠣᠩᠭᠤᠯ ᠭᠡᠷ ᠤᠨ

ᠶᠡᠭᠡ ᠪᠠᠭ᠎ᠠ ᠨᠢ ᠬᠠᠨ᠎ᠠ ᠶᠢᠨ ᠬᠡᠮᠵᠢᠶ᠎ᠡ ᠪᠠ ᠲᠤᠭ᠎ᠠ ᠪᠠᠷ ᠲᠣᠭᠲᠠᠭᠠᠭᠳᠠᠵᠤ᠂ ᠳᠥᠷᠪᠡ᠂ ᠵᠢᠷᠭᠤᠭ᠎ᠠ᠂ ᠨᠠᠢᠮᠠ᠂ ᠠᠷᠪᠠᠨ ᠬᠤᠶᠠᠷ ᠬᠠᠨ᠎ᠠ ᠲᠠᠢ ᠪᠠᠶᠢᠳᠠᠭ᠂ ᠭᠡᠷ

ᠳᠣᠲᠣᠷᠠᠬᠢ ᠲᠠᠯᠠᠪᠠᠢ ᠨᠢ 14 - 20 ᠲᠡᠭᠰᠢ ᠳᠥᠷᠪᠡᠯᠵᠢᠨ ᠮᠧᠲᠷ᠃ ᠪᠥᠮᠪᠥᠭᠡᠨ ᠭᠡᠷ ᠢ ᠪᠠᠶᠢᠭᠤᠯᠬᠤ ᠳᠤ ᠵᠠᠷᠢᠮ ᠨᠢ ᠪᠣᠭᠤᠳᠠᠯ ᠬᠡᠯᠪᠡᠷᠢ ᠶᠢᠨ ᠮᠣᠳᠣᠨ ᠵᠢᠶᠠᠰᠠ

ᠪᠣᠰᠬᠠᠵᠤ᠂ ᠪᠤᠷᠭᠠᠰᠤ ᠪᠠᠷ ᠰᠢᠪᠡᠭᠡᠯᠡᠨ ᠬᠦᠷᠢᠶᠡᠯᠡᠵᠦ᠂ ᠰᠢᠪᠡᠷ ᠪᠤᠶᠤ ᠦᠬᠡᠷ ᠤᠨ ᠪᠠᠭᠠᠰᠤ ᠪᠠᠷ ᠰᠢᠪᠠᠵᠤ᠂ ᠵᠠᠷᠢᠮ ᠨᠢ ᠵᠢᠮ ᠢᠶᠠᠷ ᠲᠣᠭᠤᠷᠢᠭᠤᠯᠤᠨ ᠵᠡᠷᠭᠡᠯᠡᠵᠦ᠂ ᠭᠡᠷ

᠎ ᠶᠢ ᠨᠢ ᠰᠢᠪᠠᠷ ᠢᠶᠠᠷ ᠮᠢᠯᠢᠶᠠᠵᠤ᠂ ᠸᠠᠭᠠᠷᠯᠠᠬᠤ ᠪᠤᠶᠤ ᠡᠪᠡᠰᠦ ᠪᠠᠷ ᠳᠠᠷᠤᠳᠠᠭ᠃

      ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠵᠠᠰᠠᠭ ᠤᠨ ᠣᠷᠳᠣᠨ ᠠᠴᠠ ᠰᠠᠭᠤᠷᠢᠰᠢᠵᠤ ᠰᠡᠯᠭᠦᠨ

ᠪᠡᠯᠴᠢᠭᠡᠷᠯᠡᠭᠦᠯᠬᠦ ᠶᠢ ᠰᠠᠨᠠᠭᠠᠴᠢᠯᠠᠭᠰᠠᠨ ᠠᠴᠠ ᠨᠢᠭᠡ ᠪᠦᠯᠦᠭ ᠰᠠᠭᠤᠭᠠᠯᠢ ᠠᠷᠠᠳ ᠤᠨ ᠴᠡᠭ ᠠᠭᠠᠵᠢᠮ ᠢᠶᠠᠷ ᠪᠦᠷᠢᠯᠳᠦᠵᠡᠢ᠂ ᠭᠡᠪᠡᠴᠦ ᠣᠯᠠᠩᠬᠢ ᠨᠢ ᠤᠰᠤ

ᠪᠡᠯᠴᠢᠭᠡᠷ ᠢ ᠳᠠᠭᠠᠵᠤ᠂ ᠲᠠᠷᠠᠬᠠᠢ ᠪᠤᠲᠠᠷᠬᠠᠢ ᠰᠠᠭᠤᠷᠢᠰᠢᠵᠤ᠂ ᠨᠢᠭᠡ ᠬᠥᠨᠳᠡᠢ ᠳᠤ ᠨᠢᠭᠡ᠂ ᠬᠤᠶᠠᠷ ᠠᠶᠢᠯ ᠯᠡ ᠪᠠᠶᠢᠳᠠᠭ᠃ ᠣᠯᠠᠩᠬᠢ ᠨᠢ ᠢᠪᠴᠤᠤ ᠴᠢᠬᠤᠯ ᠰᠢᠪᠠᠷ

ᠪᠠᠶᠢᠰᠢᠩ ᠲᠠᠢ ᠪᠠᠶᠢᠪᠠ᠃ 20 ᠳ᠋ᠤᠭᠠᠷ ᠵᠠᠭᠤᠨ ᠤ ᠵᠢᠷᠠᠭᠠᠳ ᠣᠨ ᠳᠤ ᠤᠯᠠᠭᠠᠨᠬᠠᠳᠠ ᠶᠢᠨ ᠮᠠᠯᠵᠢᠬᠤ ᠣᠷᠣᠨ ᠳᠤ ᠰᠠᠭᠤᠷᠢᠰᠢᠨ ᠮᠠᠯᠵᠢᠬᠤ ᠶᠢ

ᠦᠨᠳᠦᠰᠦᠨ ᠳᠤ ᠪᠠᠨ ᠪᠡᠶᠡᠯᠡᠭᠦᠯᠵᠦ᠂ ᠨᠡᠯᠢᠶᠡᠳ ᠲᠥᠪᠯᠡᠷᠡᠨ ᠰᠠᠭᠤᠭᠰᠠᠨ ᠭᠠᠴᠠᠭ᠎ᠠ ᠪᠣᠢ ᠪᠣᠯᠵᠠᠢ᠃ ᠨᠠᠶᠠᠭᠠᠳ ᠣᠨ ᠠᠴᠠ ᠰᠡᠭᠦᠯᠡᠷ ᠮᠠᠯᠵᠢᠬᠤ ᠣᠷᠣᠨ ᠤ

ᠰᠠᠭᠤᠭᠠᠯᠢ ᠠᠷᠠᠳ ᠤᠨ ᠴᠡᠭ ᠨᠢ ᠴᠥᠮ ᠲᠥᠯᠥᠪᠵᠢᠵᠦ᠂ ᠪᠣᠭᠤᠨᠢ ᠢᠪᠴᠤᠤ ᠰᠢᠪᠡᠷ ᠭᠡᠷ᠂ ᠪᠥᠮᠪᠥᠭᠡᠨ ᠭᠡᠷ ᠪᠣᠯᠣᠨ ᠮᠣᠩᠭᠤᠯ ᠭᠡᠷ ᠴᠥᠬᠡᠨ ᠬᠠᠷᠠᠭᠳᠠᠬᠤ ᠪᠣᠯᠵᠤ᠂

ᠲᠣᠭᠤᠰᠬᠠᠨ ᠭᠡᠷ᠂ ᠲᠣᠭᠤᠰᠬ᠎ᠠ ᠪᠧᠲ᠋ᠣᠨ ᠪᠦᠲᠦᠴᠡᠲᠦ ᠪᠠᠶᠢᠰᠢᠩ ᠭᠡᠷ ᠣᠯᠠᠰᠢᠷᠠᠵᠠᠢ᠃ 1990 ᠣᠨ ᠤ ᠰᠡᠭᠦᠯᠴᠢ ᠪᠠᠷ ᠪᠦᠬᠦ ᠬᠤᠲᠠ ᠳᠤ 43 ᠰᠤᠮᠤ᠂ 24.

78 ᠲᠦᠮᠡᠨ ᠬᠥᠮᠥᠨ ᠠᠮᠠ ᠪᠠᠶᠢᠵᠤ᠂ ᠣᠷᠣᠨ ᠰᠠᠭᠤᠴᠠ ᠶᠢᠨ ᠲᠠᠯᠠᠪᠠᠢ ᠨᠢ 390 ᠲᠦᠮᠡᠨ ᠲᠡᠭᠰᠢ ᠳᠥᠷᠪᠡᠯᠵᠢᠨ ᠮᠧᠲᠷ᠂ ᠬᠥᠮᠥᠨ ᠳᠤᠮᠳᠠᠴᠢ ᠶᠢᠨ ᠣᠷᠣᠨ

ᠰᠠᠭᠤᠴᠠ ᠶᠢᠨ ᠲᠠᠯᠠᠪᠠᠢ ᠨᠢ 11.03 ᠲᠡᠭᠰᠢ ᠳᠥᠷᠪᠡᠯᠵᠢᠨ ᠮᠧᠲᠷ ᠬᠦᠷᠦᠭᠰᠡᠨ ᠪᠠᠶᠢᠨ᠎ᠠ᠃

      ᠴᠢᠩ ᠤᠯᠤᠰ ᠤᠨ ᠳᠤᠮᠳᠠᠴᠢ ᠰᠡᠭᠦᠯᠴᠢ ᠶᠢᠨ ᠦᠶ᠎ᠡ ᠳᠤ ᠲᠠᠷᠢᠶᠠᠯᠠᠬᠤ ᠣᠷᠣᠨ ᠳᠤ 8000 ᠭᠠᠷᠤᠢ ᠠᠶᠢᠯ ᠲᠣᠰᠬᠤᠨ ᠪᠠᠶᠢᠭᠤᠯᠤᠭᠳᠠᠵᠠᠢ᠂ ᠭᠡᠪᠡᠴᠦ

ᠣᠯᠠᠩᠬᠢ ᠨᠢ ᠶᠠᠳᠠᠭᠤ ᠲᠠᠷᠢᠶᠠᠴᠢᠨ ᠪᠠᠶᠢᠵᠤ᠂ ᠵᠠᠷᠢᠮ ᠨᠢ 1᠂ 2 ᠲᠠᠰᠤᠯᠭ᠎ᠠ ᠰᠢᠪᠠᠷ ᠭᠡᠷ ᠲᠤ ᠰᠠᠭᠤᠵᠤ᠂ ᠵᠠᠷᠢᠮ ᠨᠢ ᠨᠥᠭᠡᠨ ᠭᠡᠷ᠂ ᠭᠠᠵᠠᠷ ᠭᠡᠷ᠂ ᠡᠪᠡᠰᠦᠨ

ᠥᠪᠥᠩ ᠳᠤ ᠰᠠᠭᠤᠵᠤ ᠪᠠᠶᠢᠪᠠ᠃ ᠬᠥᠳᠡᠭᠡ ᠲᠣᠰᠬᠤᠨ ᠤ ᠭᠠᠵᠠᠷ ᠤᠨ ᠡᠵᠡᠨ ᠴᠥᠭᠡᠨ ᠲᠣᠭᠠᠨ ᠤ ᠲᠣᠭᠤᠰᠬᠠᠨ ᠭᠡᠷ ᠬᠦᠷᠢᠶ᠎ᠡ ᠪᠠᠶᠢᠭᠤᠯᠵᠤ᠂ ᠣᠯᠠᠩᠬᠢ

ᠲᠠᠷᠢᠶᠠᠴᠢᠳ ᠤᠨ ᠣᠷᠣᠨ ᠰᠠᠭᠤᠴᠠ ᠨᠢ ᠨᠣᠣᠷᠬᠠᠢ᠂ ᠠᠶᠢᠯ ᠲᠣᠰᠬᠤᠨ ᠢ ᠬᠤᠯᠠ ᠠᠴᠠ ᠬᠠᠷᠠᠪᠠᠯ ᠬᠦᠷᠡᠩᠳᠡᠨ ᠬᠠᠷᠠᠭᠳᠠᠳᠠᠭ ᠪᠠᠶᠢᠪᠠ᠃ 1949 ᠣᠨ ᠪᠣᠯᠬᠤ ᠳᠤ

ᠤᠯᠠᠭᠠᠨᠬᠠᠳᠠ ᠳᠤ 30 ᠭᠠᠷᠤᠢ ᠲᠦᠮᠡᠨ ᠲᠠᠷᠢᠶᠠᠴᠢᠨ ᠡᠷᠦᠬᠡ ᠪᠠᠶᠢᠵᠤ᠂ ᠣᠷᠣᠨ ᠰᠠᠭᠤᠴᠠ ᠶᠢᠨ ᠲᠠᠯᠠᠪᠠᠢ ᠨᠢ ᠪᠠᠷᠤᠭ 810 ᠲᠦᠮᠡᠨ ᠲᠡᠭᠰᠢ ᠳᠥᠷᠪᠡᠯᠵᠢᠨ

ᠮᠧᠲᠷ ᠪᠠᠶᠢᠵᠤ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 4 ᠲᠡᠭᠰᠢ ᠳᠥᠷᠪᠡᠯᠵᠢᠨ ᠮᠧᠲᠷ ᠬᠦᠷᠦᠭᠰᠡᠨ ᠪᠠᠶᠢᠨ᠎ᠠ᠃

      ᠭᠠᠵᠠᠷ ᠰᠢᠷᠣᠢ ᠶᠢᠨ ᠥᠭᠡᠷᠡᠴᠢᠯᠡᠯᠲᠡ ᠪᠠᠷ ᠳᠠᠮᠵᠢᠨ ᠲᠠᠷᠢᠶᠠᠴᠢᠳ ᠭᠠᠵᠠᠷ ᠰᠢᠷᠣᠢ ᠪᠠ ᠭᠡᠷ ᠪᠠᠶᠢᠰᠢᠩ ᠬᠤᠪᠢᠶᠠᠨ ᠣᠯᠵᠤ᠂ ᠣᠷᠣᠨ ᠰᠠᠭᠤᠴᠠ ᠶᠢᠨ

ᠨᠥᠬᠦᠴᠡᠯ ᠨᠢ ᠰᠠᠶᠢᠵᠢᠷᠠᠭᠰᠠᠨ ᠪᠠᠶᠢᠨ᠎ᠠ᠃ ᠲᠠᠷᠢᠶᠠᠯᠠᠩ ᠤᠨ ᠬᠤᠷᠰᠢᠶᠠᠵᠢᠯ᠂ ᠠᠷᠠᠳ ᠤᠨ ᠨᠢᠭᠡᠳᠦᠯᠵᠢᠯ ᠤᠨ ᠳᠠᠷᠠᠭ᠎ᠠ ᠠᠮᠢᠳᠤᠷᠠᠯ ᠤᠨ ᠪᠠᠶᠢᠳᠠᠯ ᠲᠣᠭᠲᠠᠭᠤᠨ ᠪᠣᠯᠵᠤ

᠂ ᠲᠠᠷᠢᠶᠠᠴᠢᠳ ᠬᠠᠭᠤᠴᠢᠨ ᠭᠡᠷ ᠢᠶᠠᠨ ᠵᠠᠰᠠᠵᠤ ᠰᠢᠨ᠎ᠡ ᠭᠡᠷ ᠪᠠᠷᠢᠵᠤ᠂ ᠡᠷᠦᠬᠡ ᠪᠦᠷᠢ ᠨᠢᠭᠡ ᠣᠷᠣᠨ ᠰᠠᠭᠤᠴᠠ ᠲᠠᠢ ᠪᠠᠶᠢᠬᠤ ᠶᠢ ᠦᠨᠳᠦᠰᠦᠨ ᠳᠤ ᠪᠠᠨ

ᠪᠡᠶᠡᠯᠡᠭᠦᠯᠦᠭᠰᠡᠨ ᠪᠠᠶᠢᠨ᠎ᠠ᠃ ᠭᠡᠪᠡᠴᠦ ᠦᠢᠯᠡᠳᠪᠦᠷᠢᠯᠡᠯ ᠤᠨ ᠬᠥᠭᠵᠢᠯᠲᠡ ᠤᠳᠠᠭᠠᠨ᠂ ᠠᠵᠤ ᠠᠬᠤᠢ ᠶᠢᠨ ᠣᠷᠣᠯᠭ᠎ᠠ ᠳᠣᠣᠷ᠎ᠠ ᠠᠴᠠ ᠪᠣᠯᠵᠤ᠂ ᠪᠠᠶᠢᠭᠤᠯᠤᠭᠰᠠᠨ ᠭᠡᠷ

ᠪᠠᠶᠢᠰᠢᠩ ᠤᠨ ᠣᠯᠠᠩᠬᠢ ᠨᠢ ᠳᠣᠣᠷ᠎ᠠ ᠪᠠᠷᠢᠮᠵᠢᠶ᠎ᠠ ᠶᠢᠨ ᠰᠢᠪᠠᠷ ᠪᠠᠶᠢᠰᠢᠩ ᠪᠠᠶᠢᠵᠠᠢ᠂ ᠬᠡᠷᠡᠮ ᠢᠶᠠᠷ ᠲᠠᠰᠤᠯᠤᠭᠰᠠᠨ 3 ᠲᠠᠰᠤᠯᠭ᠎ᠠ ᠪᠤᠶᠤ 2 ᠲᠠᠰᠤᠯᠭ᠎ᠠ᠂ 2.8

ᠮᠧᠲᠷ ᠠᠴᠠ 3 ᠮᠧᠲᠷ ᠥᠷᠭᠡᠨ᠂ 4.5 ᠮᠧᠲᠷ ᠠᠴᠠ 5 ᠮᠧᠲᠷ ᠭᠦᠨ ᠪᠠᠶᠢᠳᠠᠭ᠃ 20 ᠳ᠋ᠤᠭᠠᠷ ᠵᠠᠭᠤᠨ ᠤ ᠵᠢᠷᠠᠭᠠᠳ ᠣᠨ ᠳᠤ ᠴᠢᠯᠠᠭᠤᠨ ᠰᠠᠭᠤᠷᠢ᠂

ᠰᠢᠷᠣᠢ ᠶᠢᠨ ᠬᠡᠷᠡᠮ᠂ ᠸᠠᠭᠠᠷ ᠤᠨ ᠣᠷᠣᠢ ᠲᠠᠢ ᠪᠠᠶᠢᠰᠢᠩ ᠪᠤᠶᠤ ᠲᠣᠭᠤᠰᠬ᠎ᠠ ᠪᠠᠷ ᠭᠠᠳᠠᠷᠯᠠᠭᠰᠠᠨ ᠰᠢᠷᠤᠢ ᠶᠢᠨ ᠬᠡᠷᠡᠮ ᠲᠠᠢ ᠪᠠᠶᠢᠰᠢᠩ ᠪᠤᠢ ᠪᠣᠯᠤᠭᠰᠠᠨ ᠪᠠᠶᠢᠨ᠎ᠠ᠃

ᠳᠠᠯᠠᠭᠠᠳ ᠣᠨ ᠠᠴᠠ ᠸᠠᠭᠠᠷ ᠲᠣᠭᠤᠰᠬᠠᠨ ᠪᠦᠲᠦᠴᠡᠲᠦ ᠪᠠᠶᠢᠰᠢᠩ ᠡᠬᠢᠯᠡᠨ ᠪᠤᠢ ᠪᠣᠯᠵᠤ᠂ ᠬᠤᠲᠠ ᠶᠢᠨ ᠲᠡᠭᠦᠷᠭᠡ ᠳᠤ ᠲᠣᠭᠤᠰᠬ᠎ᠠ ᠪᠧᠲ᠋ᠣᠨ ᠪᠦᠲᠦᠴᠡᠲᠦ

ᠪᠠᠶᠢᠰᠢᠩ ᠪᠤᠢ ᠪᠣᠯᠵᠠᠢ᠃ ᠨᠢ 3.3 ᠮᠧᠲᠷ ᠥᠷᠭᠡᠨ᠂ 6 - 8 ᠮᠧᠲᠷ ᠭᠦᠨ ᠪᠠᠶᠢᠳᠠᠭ᠃ 20 ᠳ᠋ᠤᠭᠠᠷ ᠵᠠᠭᠤᠨ ᠤ ᠨᠠᠶᠠᠭᠠᠳ ᠣᠨ ᠳᠤ ᠬᠤᠲᠠ ᠶᠢᠨ ᠲᠡᠭᠦᠷᠭᠡ

ᠲᠣᠭᠤᠷᠢᠭ ᠪᠣᠯᠣᠨ ᠦᠢᠯᠡᠳᠪᠦᠷᠢᠯᠡᠯ ᠬᠥᠭᠵᠢᠭᠰᠡᠨ ᠭᠠᠵᠠᠷ ᠣᠷᠣᠨ ᠳᠤ ︽ᠠᠶᠢᠯ ᠪᠣᠯᠭᠠᠨ ᠸᠠᠭᠠᠷ ᠲᠣᠭᠤᠰᠬ᠎ᠠ ᠪᠡᠯᠡᠳᠬᠡᠵᠦ᠂ ᠲᠣᠰᠬᠤᠨ ᠪᠣᠯᠭᠠᠨ ᠰᠢᠨ᠎ᠡ ᠭᠡᠷ

ᠪᠠᠷᠢᠬᠤ︾ ᠪᠣᠯᠤᠭᠰᠠᠨ ᠪᠠᠶᠢᠨ᠎ᠠ᠃

      1979 ᠣᠨ ᠠᠴᠠ 1985 ᠣᠨ ᠤ ᠪᠠᠶᠢᠴᠠᠭᠠᠯᠲᠠ ᠶᠢ ᠦᠨᠳᠦᠰᠦᠯᠡᠪᠡᠯ᠂ ᠲᠠᠷᠢᠶᠠᠴᠢᠳ ᠥᠪᠡᠷᠲᠡᠭᠡᠨ 4 ᠳ᠋ᠦᠩᠰᠢᠭᠤᠷ ᠲᠥᠭᠦᠷᠢᠭ ᠵᠠᠷᠤᠴᠠᠭᠤᠯᠵᠤ᠂

ᠰᠢᠨ᠎ᠡ ᠣᠷᠣᠨ ᠰᠠᠭᠤᠴᠠ 1122 ᠲᠦᠮᠡᠨ ᠲᠡᠭᠰᠢ ᠳᠥᠷᠪᠡᠯᠵᠢᠨ ᠮᠧᠲᠷ ᠪᠠᠶᠢᠭᠤᠯᠵᠤ᠂ 23 ᠲᠦᠮᠡᠨ ᠲᠠᠷᠢᠶᠠᠴᠢᠨ ᠡᠷᠦᠬᠡ ᠰᠢᠨ᠎ᠡ ᠣᠷᠣᠨ ᠰᠠᠭᠤᠴᠠ ᠳᠤ ᠨᠡᠭᠦᠨ

ᠣᠷᠣᠭᠰᠠᠨ ᠪᠠᠶᠢᠨ᠎ᠠ᠃ 1986 ᠣᠨ ᠠᠴᠠ 1990 ᠣᠨ ᠪᠣᠯᠲᠠᠯ᠎ᠠ ᠪᠠᠰᠠ 87200 ᠲᠠᠷᠢᠶᠠᠴᠢᠨ ᠡᠷᠦᠬᠡ᠂ 583.81 ᠲᠦᠮᠡᠨ ᠲᠡᠭᠰᠢ ᠳᠥᠷᠪᠡᠯᠵᠢᠨ ᠮᠧᠲᠷ

ᠰᠢᠨ᠎ᠡ ᠭᠡᠷ ᠪᠠᠷᠢᠵᠤ᠂ ᠡᠭᠦᠨ ᠳᠤ ᠠᠰᠠᠷ 8.5 ᠲᠦᠮᠡᠨ ᠲᠡᠭᠰᠢ ᠳᠥᠷᠪᠡᠯᠵᠢᠨ ᠮᠧᠲᠷ᠂ ᠸᠠᠭᠠᠷ ᠲᠣᠭᠤᠰᠬ᠎ᠠ᠂ ᠲᠣᠭᠤᠰᠬ᠎ᠠ ᠪᠧᠲ᠋ᠣᠨ ᠪᠦᠲᠦᠴᠡᠲᠦ ᠭᠡᠷ 391.64

ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠤᠰ ᠬᠤᠶᠠᠷ ᠵᠦᠢᠯ ᠨᠢ ᠰᠢᠨ᠎ᠡ ᠪᠠᠶᠢᠭᠤᠯᠤᠭᠰᠠᠨ ᠣᠷᠣᠨ ᠰᠠᠭᠤᠴᠠ ᠶᠢᠨ 68.5%᠎ ᠢ ᠡᠵᠡᠯᠡᠭᠰᠡᠨ ᠪᠠᠶᠢᠨ᠎ᠠ᠃

      ᠰᠢᠶᠠᠩ᠂ ᠰᠤᠮᠤ ᠶᠢᠨ ᠰᠠᠭᠤᠭ᠎ᠠ ᠭᠠᠵᠠᠷ ︵ᠲᠤᠰᠬᠠᠢ ᠪᠠᠯᠭᠠᠰᠤ ᠶᠢ ᠪᠠᠭᠲᠠᠭᠠᠬᠤ ᠦᠭᠡᠢ︶᠎ ᠤᠨ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠨᠢ

ᠨᠡᠯᠢᠶᠡᠳ ᠲᠦᠷᠭᠡᠨ᠃ 212 ᠰᠢᠶᠠᠩ ᠰᠣᠮᠣ ᠶᠢᠨ ᠰᠠᠭᠤᠭ᠎ᠠ ᠭᠠᠵᠠᠷ ᠲᠤ 5.76 ᠲᠦᠮᠡᠨ ᠡᠷᠦᠬᠡ᠂ 24.3 ᠲᠦᠮᠡᠨ ᠬᠥᠮᠥᠨ ᠲᠠᠢ᠂ 1990 ᠣᠨ

ᠪᠣᠯᠬᠤ ᠳᠤ ᠣᠷᠣᠨ ᠰᠠᠭᠤᠴᠠ ᠶᠢᠨ ᠲᠠᠯᠠᠪᠠᠢ ᠨᠢ 416.63 ᠲᠦᠮᠡᠨ ᠲᠡᠭᠰᠢ ᠳᠥᠷᠪᠡᠯᠵᠢᠨ ᠮᠧᠲᠷ᠂ ᠡᠭᠦᠨ ᠳᠤ ᠠᠰᠠᠷ 1.67 ᠲᠦᠮᠡᠨ ᠲᠡᠭᠰᠢ ᠳᠥᠷᠪᠡᠯᠵᠢᠨ

ᠮᠧᠲᠷ ᠪᠣᠯᠵᠠᠢ᠂ ᠸᠠᠭᠠᠷ ᠲᠣᠭᠤᠰᠬ᠎ᠠ ᠪᠠ ᠲᠣᠭᠤᠰᠬ᠎ᠠ ᠪᠧᠲ᠋ᠣᠨ ᠪᠦᠲᠦᠴᠡᠲᠦ ᠪᠠᠶᠢᠰᠢᠩ 270.03 ᠲᠦᠮᠡᠨ ᠲᠡᠭᠰᠢ ᠳᠥᠷᠪᠡᠯᠵᠢᠨ ᠮᠧᠲᠷ ᠪᠣᠢ᠂ ᠲᠣᠰ ᠬᠤᠶᠠᠷ

ᠵᠦᠢᠯ ᠨᠢ ᠣᠷᠣᠨ ᠰᠠᠭᠤᠴᠠ ᠶᠢᠨ ᠶᠡᠷᠦᠩᠬᠡᠢ ᠲᠤᠭ᠎ᠠ ᠶᠢᠨ 43.09%᠎ ᠢ ᠡᠵᠡᠯᠡᠵᠦ᠂ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 1949

ᠣᠨ ᠠᠴᠠ ᠡᠮᠦᠨᠡᠬᠢ 4 ᠲᠡᠭᠰᠢ ᠳᠥᠷᠪᠡᠯᠵᠢᠨ ᠮᠧᠲᠷ ᠪᠠᠶᠢᠭᠰᠠᠨ ᠠᠴᠠ ᠨᠡᠮᠡᠭᠳᠡᠭᠡᠳ 12.1 ᠲᠡᠭᠰᠢ ᠳᠥᠷᠪᠡᠯᠵᠢᠨ ᠮᠧᠲᠷ ᠪᠣᠯᠵᠠᠢ᠃

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ