ᠲᠠᠪᠤᠳᠤᠭᠠᠷ ᠬᠡᠰᠡᠭ ᠲᠤᠰᠬᠤᠨ ᠤ ᠲᠥᠯᠦᠪᠵᠢᠭᠦᠯᠭᠡ | | ᠵᠤᠤ ᠤᠳᠠ ᠠᠶᠢᠮᠠᠭ ᠤᠨ ᠦᠨᠳᠦᠰᠦᠨ ᠪᠦᠲᠦᠭᠡᠨ ᠪᠠᠶᠢᠭᠤᠯᠤᠯᠲᠠ ᠭᠠᠵᠠᠷ ᠨᠢ 1959 ᠣᠨ ᠠᠴᠠ 1961 ᠣᠨ ᠳᠤ ᠪᠦᠯᠦᠭ ᠬᠤᠪᠢᠶᠠᠨ ᠡᠯ᠎ᠡ | ᠬᠤᠰᠢᠭᠤ ᠰᠢᠶᠠᠨ ᠤ ᠭᠤᠣᠯᠳᠠᠯᠭ᠎ᠠ ᠲᠠᠢ ᠨᠢᠭᠡᠳᠦᠯ ᠳᠤ ᠭᠦᠨᠵᠡᠭᠡᠶᠢᠷᠡᠵᠦ᠂ ᠠᠭᠤᠯᠠ᠂ ᠤᠰᠤ᠂ ᠲᠠᠷᠢᠶ᠎ᠠ᠂ ᠣᠢ ᠰᠢᠭᠤᠢ᠂ ᠵᠠᠮ ᠤᠨ ᠶᠡᠷᠦᠩᠬᠡᠶᠢᠯᠡᠭᠰᠡᠨ | ᠬᠥᠭᠵᠢᠯᠲᠡ ᠶᠢᠨ ᠲᠥᠯᠦᠪᠵᠢᠭᠦᠯᠭᠡ ᠶᠢ ᠬᠠᠮᠵᠢᠯᠴᠠᠨ ᠲᠤᠭᠤᠷᠪᠢᠭᠰᠠᠨ ᠪᠠᠶᠢᠨ᠎ᠠ᠃ ᠲᠤᠬᠠᠢ ᠶᠢᠨ ᠦᠶ᠎ᠡ ᠳᠤ ᠠᠷᠤ ᠬᠤᠷᠴᠢᠨ ᠬᠤᠰᠢᠭᠤᠨ ᠤ ᠴᠠᠶᠢᠳᠠᠮ᠂ ᠱᠤᠤᠭᠢᠨ᠂ | ᠪᠠᠭᠠᠷᠢᠨ ᠵᠡᠭᠦᠨ ᠬᠤᠰᠢᠭᠤᠨ ᠤ ᠠᠷᠪᠠᠨ ᠭᠤᠷᠪᠠᠨ ᠣᠪᠣᠭ᠎ᠠ᠂ ᠪᠠᠭᠠᠷᠢᠨ ᠪᠠᠷᠠᠭᠤᠨ ᠬᠤᠰᠢᠭᠤᠨ ᠤ ᠵᠢᠷᠭᠠᠯ ᠤᠨ ᠵᠠᠮ᠂ ᠯᠢᠨᠰᠢ ᠰᠢᠶᠠᠨ ᠤ ᠵᠡᠭᠦᠨ ᠪᠤᠯᠤᠩ᠂ | ᠤᠯᠠᠭᠠᠨᠬᠠᠳᠠ ᠰᠢᠶᠠᠨ ᠤ ᠳ᠋ᠠᠩ ᠫᠦ᠋ ᠳ᠋ᠢ᠂ ᠪᠠᠭ᠎ᠠ ᠰᠢᠯᠢᠨᠪᠣᠯᠠᠭ᠂ ᠲᠠᠢ ᠫᠢᠩ ᠳ᠋ᠢ ᠵᠡᠷᠭᠡ ᠨᠢ ᠴᠥᠮ ᠲᠥᠯᠦᠪᠵᠢᠭᠦᠯᠭᠡ ᠪᠠᠨ ᠲᠤᠭᠤᠷᠪᠢᠨ ᠲᠣᠭᠲᠠᠭᠠᠵᠠᠢ᠃ | ᠠᠶᠢᠮᠠᠭ ᠤᠨ ᠵᠢᠯᠣᠭᠤᠳᠤᠯᠭ᠎ᠠ ᠳᠣᠣᠷ᠎ᠠ᠂ ᠡᠯ᠎ᠡ ᠬᠤᠰᠢᠭᠤ ᠰᠢᠶᠠᠨ ᠨᠢ ᠴᠥᠮ 2 ᠠᠴᠠ 3 ᠨᠢᠭᠡᠳᠦᠯ ᠤᠨ ᠲᠥᠯᠦᠪᠵᠢᠭᠦᠯᠭᠡ ᠬᠢᠵᠡᠢ᠃ ᠡᠳᠡᠭᠡᠷ ᠲᠥᠯᠦᠪᠵᠢᠭᠦᠯᠭᠡ | ᠨᠢ ᠬᠡᠳᠦᠶᠢᠪᠡᠷ ᠶᠡᠭᠡ ᠦᠰᠦᠷᠦᠩᠭᠦᠢ ᠳᠠᠪᠰᠢᠯᠲᠠ ᠶᠢᠨ ᠠᠭᠤᠷ ᠠᠮᠢᠰᠬᠤᠯ ᠳᠣᠣᠷ᠎ᠠ ᠭᠡᠨᠡᠨ ᠤᠷᠤᠭᠰᠢᠯᠠᠯᠲᠠ ᠲᠠᠢ ᠪᠠᠶᠢᠭᠰᠠᠨ ᠪᠣᠯᠪᠠᠴᠤ᠂ ᠣᠯᠠᠩᠬᠢ ᠲᠥᠷᠥᠯ ᠵᠦᠢᠯ | ᠨᠢ ᠰᠢᠶᠠᠩ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠪᠣᠷᠣ ᠲᠥᠰᠥᠪ ᠪᠣᠯᠤᠭᠰᠠᠨ ᠪᠠᠶᠢᠨ᠎ᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 1982 ᠣᠨ ᠤ ᠲᠣᠭᠲᠠᠭᠠᠯ ᠶᠣᠰᠣᠭᠠᠷ᠂ ᠮᠠᠯᠵᠢᠬᠤ ᠲᠠᠷᠢᠶᠠᠯᠠᠬᠤ ᠣᠷᠣᠨ ᠤ 30 ᠡᠷᠦᠬᠡ ᠠᠴᠠ | ᠳᠡᠭᠡᠭᠰᠢᠬᠢ ᠠᠶᠢᠯ ᠲᠣᠰᠬᠤᠨ ᠪᠦᠬᠦᠨ ᠳᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠭᠰᠠᠨ ᠪᠠᠶᠢᠨ᠎ᠠ᠃ ᠤᠯᠠᠭᠠᠨᠬᠠᠳᠠ ᠬᠤᠲᠠ ᠨᠢ 1983 | ᠣᠨ ᠠᠴᠠ ᠡᠬᠢᠯᠡᠵᠦ᠂ 1984 ᠣᠨ ᠳᠤ ᠪᠦᠬᠦ ᠲᠠᠯ᠎ᠠ ᠪᠠᠷ ᠥᠷᠨᠢᠭᠦᠯᠵᠦ᠂ ᠤᠷᠢᠳᠠᠪᠠᠷ ᠠᠷᠤ ᠬᠤᠷᠴᠢᠨ ᠬᠤᠰᠢᠭᠤᠨ ᠳᠤ ᠲᠤᠷᠰᠢᠯᠲᠠ ᠶᠢᠨ ᠴᠡᠭ ᠭᠠᠷᠭᠠᠵᠤ᠂ | ᠲᠤᠷᠰᠢᠯᠭ᠎ᠠ ᠬᠤᠷᠠᠮᠳᠤᠭᠤᠯᠵᠤ᠂ 1983 ᠣᠨ ᠤ 11 ᠰᠠᠷ᠎ᠠ ᠳᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ ᠡᠯ᠎ᠡ ᠬᠤᠰᠢᠭᠤ ᠰᠢᠶᠠᠨ ᠤ | ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠬᠠᠪᠰᠤᠷᠤᠭᠴᠢ᠂ ᠲᠥᠯᠥᠪᠵᠢᠭᠦᠯᠦᠭᠴᠢ ᠶᠢ ᠴᠤᠭᠯᠠᠭᠤᠯᠤᠨ ᠪᠣᠯᠪᠠᠰᠤᠷᠠᠯ ᠤᠨ ᠠᠩᠭᠢ ᠡᠷᠬᠢᠯᠡᠵᠦ᠂ | 1984 ᠣᠨ ᠤ 6 ᠰᠠᠷ᠎ᠠ᠂ 7 ᠰᠠᠷ᠎ᠠ ᠳᠤ ᠬᠠᠷᠠᠴᠢᠨ ᠬᠤᠰᠢᠭᠤᠨ ᠤ ᠸᠠᠩ ᠤᠨ ᠬᠤᠷᠤᠭ᠎ᠠ ᠪᠠᠯᠭᠠᠰᠤ᠂ ᠪᠠᠭᠠᠷᠢᠨ ᠪᠠᠷᠠᠭᠤᠨ ᠬᠤᠰᠢᠭᠤᠨ ᠤ ᠪᠣᠷᠣᠠᠣᠰᠤ | ᠰᠤᠮᠤᠨ ᠳᠤ ᠬᠤᠶᠠᠳᠤᠭᠠᠷ᠂ ᠭᠤᠷᠪᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠡᠷᠬᠢᠯᠡᠵᠦ᠂ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ | ᠬᠠᠪᠰᠤᠷᠤᠭᠴᠢ ᠶᠢ ᠬᠥᠮᠥᠵᠢᠭᠦᠯᠦᠭᠰᠡᠨ ᠪᠠᠶᠢᠨ᠎ᠠ᠃ ᠬᠤᠲᠠ ᠠᠴᠠ ᠰᠢᠭᠤᠳ ᠪᠣᠯᠪᠠᠰᠤᠷᠠᠭᠤᠯᠤᠭᠰᠠᠨ ᠨᠢ 132 ᠬᠥᠮᠥᠨ ᠤᠳᠠᠭ᠎ᠠ᠂ ᠬᠤᠰᠢᠭᠤ ᠰᠢᠶᠠᠨ ᠤ | ᠮᠡᠷᠭᠡᠵᠢᠯ ᠤᠨ ᠪᠣᠯᠪᠠᠰᠤᠷᠠᠭᠤᠯᠤᠯᠲᠠ ᠨᠢ 1851 ᠬᠥᠮᠥᠨ ᠤᠳᠠᠭ᠎ᠠ ᠬᠦᠷᠴᠦ᠂ ᠳᠠᠪᠲᠠᠨ ᠪᠣᠯᠪᠠᠰᠤᠷᠠᠭᠤᠯᠬᠤ ᠶᠢᠨ ᠵᠡᠷᠭᠡᠪᠡᠷ ᠲᠥᠯᠥᠪᠵᠢᠭᠦᠯᠵᠦ᠂ ᠥᠪᠡᠷᠲᠡᠭᠡᠨ | ᠪᠡᠯᠡ ᠮᠥᠩᠭᠦ ᠴᠤᠭᠯᠠᠭᠤᠯᠵᠤ᠂ ᠥᠪᠡᠷᠲᠡᠭᠡᠨ ᠬᠡᠷᠡᠭᠰᠡᠯ ᠲᠥᠬᠦᠭᠡᠷᠦᠮᠵᠢ ᠦᠢᠯᠡᠳᠴᠦ᠂ 1983 ᠣᠨ ᠳᠤ 530 ᠠᠶᠢᠯ ᠲᠣᠰᠬᠤᠨ ᠤ ᠲᠥᠯᠦᠪᠵᠢᠭᠦᠯᠭᠡ ᠶᠢ | ᠪᠡᠶᠡᠯᠡᠭᠦᠯᠦᠭᠰᠡᠨ ᠪᠠᠶᠢᠨ᠎ᠠ᠃ 1990 ᠣᠨ ᠤ ᠡᠴᠦᠰ ᠪᠣᠯᠬᠤ ᠳᠤ᠂ 7687 ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ | ᠪᠡᠶᠡᠯᠡᠭᠦᠯᠵᠦ᠂ 30 ᠡᠷᠦᠬᠡ ᠠᠴᠠ ᠳᠡᠭᠡᠭᠰᠢᠬᠢ ᠠᠶᠢᠯ ᠲᠣᠰᠬᠤᠨ ᠤ 98.2% ᠢ ᠡᠵᠡᠯᠡᠵᠦ᠂ 212 ᠴᠤᠭᠯᠠᠭ᠎ᠠ ᠪᠠᠯᠭᠠᠰᠤ ᠪᠠ 46 ᠪᠠᠯᠭᠠᠰᠤ ᠶᠢᠨ | ᠲᠥᠯᠦᠪᠵᠢᠭᠦᠯᠭᠡ ᠶᠢ ᠪᠦᠬᠦᠨ ᠢ ᠪᠡᠶᠡᠯᠡᠭᠦᠯᠵᠦ᠂ ᠲᠥᠯᠦᠪᠵᠢᠭᠦᠯᠭᠡ ᠶᠢᠨ ᠬᠡᠮᠵᠢᠶ᠎ᠡ ᠨᠢ ᠬᠤᠶᠠᠷ ᠵᠢᠷᠤᠭ ᠨᠢᠭᠡ ᠪᠢᠴᠢᠭ ︵ᠣᠳᠣᠬᠢ ᠪᠠᠶᠢᠳᠠᠯ ᠤᠨ ᠵᠢᠷᠤᠭ᠂ | ᠲᠥᠯᠦᠪᠵᠢᠭᠦᠯᠭᠡ ᠶᠢᠨ ᠵᠢᠷᠤᠭ᠂ ᠦᠰᠦᠭ ᠪᠢᠴᠢᠭ ᠤᠨ ᠲᠠᠶᠢᠯᠪᠤᠷᠢ︶᠂ ᠠᠭᠤᠯᠭ᠎ᠠ ᠨᠢ ᠲᠣᠰᠬᠤᠨ ᠪᠠᠯᠭᠠᠰᠤ ᠶᠢᠨ ᠬᠥᠭᠵᠢᠯᠲᠡ ᠶᠢᠨ ᠴᠢᠭᠯᠡᠯ᠂ ᠰᠢᠨᠵᠢ ᠴᠢᠨᠠᠷ᠂ | ᠬᠡᠪᠴᠢᠶᠡᠵᠢᠯ᠂ ᠣᠯᠠᠨ ᠨᠡᠶᠢᠲᠡ ᠶᠢᠨ ᠪᠠᠷᠢᠯᠭ᠎ᠠ᠂ ᠦᠢᠯᠡᠳᠪᠦᠷᠢᠯᠡᠯ ᠤᠨ ᠪᠠᠷᠢᠯᠭ᠎ᠠ᠂ ᠣᠷᠣᠨ ᠰᠠᠭᠤᠴᠠ᠂ ᠡᠯ᠎ᠡ ᠲᠥᠷᠥᠯ ᠤᠨ ᠬᠤᠲᠠ ᠶᠢᠨ ᠶᠠᠪᠤᠳᠠᠯ ᠤᠨ | ᠢᠨᠵᠧᠨᠧᠷᠢᠩ᠂ ᠴᠡᠴᠡᠷᠯᠢᠭ ᠤᠨ ᠨᠣᠭᠤᠭᠠᠷᠠᠭᠤᠯᠤᠯᠲᠠ᠂ ᠡᠷᠡᠭᠦᠯ ᠬᠠᠮᠠᠭᠠᠯᠠᠯ᠂ ᠤᠰᠤ ᠬᠠᠩᠭᠠᠬᠤ ᠪᠠ ᠤᠰᠤ ᠭᠠᠳᠠᠭᠰᠢᠯᠠᠭᠤᠯᠬᠤ᠂ ᠴᠠᠬᠢᠯᠭᠠᠨ ᠬᠦᠴᠦ᠂ ᠰᠢᠤᠳᠠᠨ᠂ | ᠰᠤᠷᠭᠠᠨ ᠬᠥᠮᠦᠵᠢᠯ ᠪᠠ ᠠᠵᠤ ᠦᠢᠯᠡᠳᠪᠦᠷᠢ᠂ ᠲᠠᠷᠢᠶᠠᠯᠠᠩ᠂ ᠮᠠᠯ ᠠᠵᠤ ᠠᠬᠤᠢ᠂ ᠠᠷᠠᠯᠵᠢᠶ᠎ᠠ ᠬᠤᠳᠠᠯᠳᠤᠭ᠎ᠠ ᠶᠢᠨ ᠬᠥᠭᠵᠢᠯᠲᠡ ᠶᠢᠨ ᠲᠥᠯᠦᠪᠵᠢᠭᠦᠯᠭᠡ ᠪᠣᠯᠣᠨ᠎ᠠ᠃ | 1987 ᠣᠨ ᠤ 7 ᠰᠠᠷ᠎ᠠ ᠠᠴᠠ ᠡᠬᠢᠯᠡᠨ᠂ ᠭᠤᠣᠯᠳᠠᠯᠭ᠎ᠠ ᠲᠠᠢ ᠰᠢᠶᠠᠩ ᠪᠠᠯᠭᠠᠰᠤᠨ ᠳᠤ᠂ ᠤᠤᠯ ᠤᠨ ᠲᠥᠯᠦᠪᠵᠢᠭᠦᠯᠭᠡ ᠶᠢᠨ ᠰᠠᠭᠤᠷᠢᠨ ᠳᠡᠭᠡᠷ᠎ᠡ ᠨᠢ | ᠲᠣᠬᠢᠷᠠᠭᠤᠯᠤᠨ ᠲᠡᠭᠦᠯᠳᠡᠷᠵᠢᠭᠦᠯᠦᠭᠰᠡᠨ ᠪᠠᠶᠢᠨ᠎ᠠ᠃ 1988 ᠣᠨ ᠠᠴᠠ ᠡᠬᠢᠯᠡᠨ ᠰᠢᠶᠠᠩ ᠪᠠᠯᠭᠠᠰᠤ ᠶᠢᠨ ᠣᠷᠣᠨ ᠬᠡᠪᠴᠢᠶ᠎ᠡ ᠶᠢᠨ ᠶᠡᠷᠦᠩᠬᠡᠢ ᠲᠥᠯᠦᠪᠵᠢᠭᠦᠯᠭᠡ ᠶᠢ | ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠱᠠᠭᠠᠷᠳᠠᠯᠭ᠎ᠠ ᠳᠤ ᠤᠯᠠᠮ ᠨᠢᠭᠡ ᠠᠯᠬᠤᠮ ᠵᠣᠬᠢᠴᠠᠭᠤᠯᠤᠭᠰᠠᠨ ᠪᠠᠶᠢᠨ᠎ᠠ᠃ 1990 ᠣᠨ ᠤ ᠡᠴᠦᠰ ᠪᠣᠯᠬᠤ ᠳᠤ | 44 ᠰᠢᠶᠠᠩ ᠪᠠᠯᠭᠠᠰᠤ ᠶᠢᠨ ᠣᠷᠣᠨ ᠬᠡᠪᠴᠢᠶ᠎ᠡ ᠶᠢᠨ ᠶᠡᠷᠦᠩᠬᠡᠢ ᠲᠥᠯᠦᠪᠵᠢᠭᠦᠯᠭᠡ ᠶᠢ ᠪᠡᠶᠡᠯᠡᠭᠦᠯᠦᠭᠰᠡᠨ ᠪᠠᠶᠢᠨ᠎ᠠ᠃ | ᠡᠳᠡᠭᠡᠷ ᠲᠥᠯᠦᠪᠵᠢᠭᠦᠯᠭᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠪᠣᠯᠣᠨ ᠬᠤᠰᠢᠭᠤ ᠰᠢᠶᠠᠨ ᠲᠣᠭᠤᠷᠢᠭ ᠤᠨ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠪᠠᠶᠢᠭᠤᠯᠵᠤ᠂ ᠡᠯ᠎ᠡ ᠰᠢᠶᠠᠩ᠂ ᠰᠤᠮᠤ᠂ | ᠪᠠᠯᠭᠠᠰᠤ ᠳᠤ ᠴᠥᠮ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ ᠬᠠᠪᠰᠤᠷᠤᠭᠴᠢ᠂ ᠲᠤᠰᠢᠶᠠᠯ ᠬᠠᠪᠰᠤᠷᠭᠠᠭᠰᠠᠨ ᠬᠠᠪᠰᠤᠷᠤᠭᠴᠢ ︵ᠲᠤᠰᠬᠠᠢ | 212 ᠬᠥᠮᠥᠨ᠂ ᠲᠤᠰᠢᠶᠠᠯ ᠬᠠᠪᠰᠤᠷᠭᠠᠭᠰᠠᠨ 20 ᠬᠥᠮᠥᠨ︶ ᠶᠢ ᠲᠣᠬᠢᠷᠠᠭᠤᠯᠵᠤ᠂ ᠬᠤᠲᠠ ᠪᠣᠯᠣᠨ ᠬᠤᠰᠢᠭᠤ ᠰᠢᠶᠠᠨ ᠳᠤ ᠴᠥᠮ ᠲᠥᠯᠦᠪᠵᠢᠭᠦᠯᠭᠡ ᠶᠢᠨ | ᠬᠠᠮᠢᠶᠠᠷᠤᠯᠲᠠ ᠪᠠ ᠲᠣᠰᠬᠤᠨ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢᠨ ᠳᠦᠷᠢᠮ | ᠲᠣᠭᠲᠠᠭᠠᠯ ᠪᠣᠯᠣᠨ ᠠᠷᠭ᠎ᠠ ᠶᠢ ᠲᠣᠭᠲᠠᠭᠠᠵᠤ᠂ ᠡᠯ᠎ᠡ ᠰᠢᠶᠠᠩ ᠪᠠᠯᠭᠠᠰᠤ᠂ ᠰᠤᠮᠤᠨ ᠳᠤ ᠰᠢᠶᠠᠩ ᠤᠨ ᠳᠦᠷᠢᠮ ᠠᠷᠠᠳ ᠤᠨ ᠭᠡᠷ᠎ᠡ ᠶᠢ ᠲᠣᠭᠲᠠᠭᠠᠵᠤ᠂ ᠲᠣᠰᠬᠤᠨ | ᠪᠠᠯᠭᠠᠰᠤ ᠶᠢᠨ ᠪᠦᠲᠦᠭᠡᠨ ᠪᠠᠶᠢᠭᠤᠯᠤᠯᠲᠠ ᠨᠢ ᠳᠦᠷᠢᠮ ᠲᠣᠭᠲᠠᠭᠠᠯ᠂ ᠬᠠᠤᠯᠢ ᠶᠢᠨ ᠦᠨᠳᠦᠰᠦᠯᠡᠯ ᠲᠠᠢ ᠪᠣᠯᠤᠭᠰᠠᠨ ᠪᠠᠶᠢᠨ᠎ᠠ᠃ | | | |