ᠠᠶᠢᠯ ᠲᠣᠰᠬᠤᠨ ᠴᠤᠭᠯᠠᠭ᠎ᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ︵ᠨᠢᠭᠡ︶
ᠨᠡᠶᠢᠲᠡᠯᠡᠭᠰᠡᠨ ᠴᠠᠭ᠄
2023/12/7

ᠨᠢᠭᠡᠳᠦᠭᠡᠷ ᠬᠡᠰᠡᠭ   ᠤᠯᠠᠷᠢᠯ ᠬᠤᠪᠢᠷᠠᠯ

      ᠬᠠᠭᠤᠴᠢ ᠰᠤᠳᠤᠯᠤᠯ ᠢ ᠦᠨᠳᠦᠰᠦᠯᠡᠪᠡᠯ᠂ ᠤᠯᠠᠭᠠᠨᠬᠠᠳᠠ ᠣᠷᠣᠨ ᠳᠤ ᠪᠠᠷᠤᠭ 8000᠎ ᠠᠴᠠ 7500 ᠵᠢᠯ ᠤᠨ ᠡᠮᠦᠨ᠎ᠡ ᠨᠡᠯᠢᠶᠡᠳ ᠶᠡᠭᠡ ᠬᠡᠪᠴᠢᠶ᠎ᠡ

ᠪᠦᠬᠦᠢ ᠰᠠᠭᠤᠭᠠᠯᠢ ᠰᠠᠭᠤᠷᠢᠰᠢᠯ ᠪᠤᠢ ᠪᠣᠯᠤᠭᠰᠠᠨ ᠪᠠᠶᠢᠨ᠎ᠠ᠃ ᠵᠢᠱᠢᠶᠡᠯᠡᠪᠡᠯ᠂ ᠠᠤᠬᠠᠨ ᠬᠤᠰᠢᠭᠤᠨ ᠤ ᠰᠢᠩ ᠯᠥᠩ ᠸᠠ ᠶᠢᠨ ᠰᠣᠶᠣᠯ ᠤᠨ ᠪᠠᠭᠤᠷᠢ ᠶᠢᠨ

ᠳ᠋ᠢᠶᠠᠮᠧᠲᠷ ᠨᠢ 183 ᠮᠧᠲᠷ ᠤᠨ ᠵᠤᠤᠪᠠᠩ ᠲᠣᠭᠤᠷᠢᠭ ᠬᠡᠯᠪᠡᠷᠢᠲᠦ ᠬᠦᠷᠢᠶ᠎ᠡ ᠰᠤᠪᠠᠭ ᠳᠣᠲᠣᠷ᠎ᠠ ᠪᠠᠶᠢᠷᠢᠯᠠᠵᠤ᠂ 12 ᠮᠥᠷ ᠭᠡᠷ ᠤᠨ ᠰᠠᠭᠤᠷᠢ ᠲᠠᠢ᠂ ᠮᠥᠷ

ᠪᠦᠷᠢ ᠳᠤ ᠨᠢ 10 ᠭᠡᠷ ᠪᠠᠶᠢᠰᠢᠩ ᠲᠠᠢ᠂ 130 ᠭᠠᠷᠤᠢ ᠬᠠᠭᠠᠰ ᠨᠦᠬᠡᠨ ᠭᠡᠷ ᠢ ᠡᠩᠨᠡᠭᠦᠯᠦᠨ ᠪᠠᠷᠢᠭᠰᠠᠨ ᠨᠢ ᠠᠩᠬᠠᠨ ᠤ ᠰᠠᠭᠤᠷᠢᠰᠢᠯ ᠢ ᠪᠦᠷᠢᠯᠳᠦᠭᠦᠯᠦᠭᠰᠡᠨ

ᠪᠠᠶᠢᠨ᠎ᠠ᠃ ᠣᠳᠣ ᠠᠴᠠ 6500—6300 ᠵᠢᠯ ᠤᠨ ᠡᠮᠦᠨ᠎ᠡ᠂ ᠠᠤᠬᠠᠨ ᠬᠤᠰᠢᠭᠤᠨ ᠤ ᠵᠣᠣ ᠪᠣᠣ ᠭᠧᠦ ᠳᠤ 140 ᠭᠠᠷᠤᠢ ᠪᠠᠶᠢᠰᠢᠩ ᠤᠨ ᠰᠠᠭᠤᠷᠢᠰᠢᠯ

ᠪᠠᠶᠢᠪᠠ᠃ 6000—5000 ᠵᠢᠯ ᠤᠨ ᠡᠮᠦᠨᠡᠬᠢ ᠤᠯᠠᠭᠠᠨ ᠬᠠᠳᠠ ᠶᠢᠨ ᠠᠷᠤ᠂ ᠪᠠᠷᠠᠭᠤᠨ ᠱᠦᠢᠴᠢᠤᠸᠠᠨ ᠤ ᠤᠯᠠᠭᠠᠨ ᠬᠠᠳᠠ ᠰᠣᠶᠣᠯ ᠤᠨ ᠪᠠᠭᠤᠷᠢ᠂

5300 ᠵᠢᠯ ᠤᠨ ᠡᠮᠦᠨᠡᠬᠢ ᠪᠠᠭᠠᠷᠢᠨ ᠵᠡᠭᠦᠨ ᠬᠤᠰᠢᠭᠤᠨ ᠤ ᠬᠥᠬᠦᠭᠡ ᠶᠢᠨ ᠰᠣᠶᠣᠯ ᠤᠨ ᠪᠠᠭᠤᠷᠢ᠂ 5000᠎ ᠠᠴᠠ 4500 ᠵᠢᠯ ᠤᠨ ᠡᠮᠦᠨᠡᠬᠢ ᠠᠤᠬᠠᠨ

ᠬᠤᠰᠢᠭᠤᠨ ᠤ ᠰᠢᠶᠣᠣ ᠾᠧ ᠶᠠᠨ ᠳᠠᠬᠢ ᠰᠢᠶᠣᠣ ᠾᠧ ᠶᠠᠨ ᠤ ᠰᠣᠶᠣᠯ ᠤᠨ ᠪᠠᠭᠤᠷᠢ ᠠᠴᠠ ᠴᠥᠮ ᠰᠢᠬᠠᠯᠴᠠᠨ ᠰᠠᠭᠤᠭᠰᠠᠨ᠂ ᠬᠠᠭᠠᠰ ᠨᠦᠬᠡᠨ ᠭᠡᠷ ᠲᠠᠢ ᠶᠡᠭᠡ

ᠬᠡᠮᠵᠢᠶᠡᠨ ᠤ ᠰᠠᠭᠤᠷᠢᠰᠢᠯ ᠤᠨ ᠪᠠᠭᠤᠷᠢ ᠶᠢ ᠢᠯᠡᠷᠡᠭᠦᠯᠦᠭᠰᠡᠨ ᠪᠠᠶᠢᠨ᠎ᠠ᠃ 4200 ᠵᠢᠯ ᠤᠨ ᠡᠮᠦᠨᠡᠬᠢ ᠤᠯᠠᠭᠠᠨᠬᠠᠳᠠ ᠶᠢᠨ ᠰᠢᠶᠠ ᠵᠢᠶᠠ ᠳ᠋ᠢᠶᠠᠨ ᠳᠠᠬᠢ ᠰᠢᠶᠠ ᠵᠢᠶᠠ

ᠳ᠋ᠢᠶᠠᠨ ᠤ ᠳᠣᠣᠷᠠᠳᠤ ᠳᠠᠪᠬᠤᠷᠭ᠎ᠠ ᠶᠢᠨ ᠰᠣᠶᠣᠯ ᠤᠨ ᠦᠶ᠎ᠡ ᠪᠣᠯᠣᠨ 2500 ᠵᠢᠯ ᠤᠨ ᠡᠮᠦᠨᠡᠬᠢ ᠰᠢᠶᠠ ᠵᠢᠶᠠ ᠳ᠋ᠢᠶᠠᠨ ᠤ ᠳᠡᠭᠡᠳᠦ ᠳᠠᠪᠬᠤᠷᠭ᠎ᠠ ᠶᠢᠨ ᠰᠣᠶᠣᠯ ᠤᠨ

ᠦᠶ᠎ᠡ ᠳᠤ ᠢᠩᠭᠡ ᠶᠢᠨ ᠭᠤᠣᠯ᠂ ᠢᠨᠵᠠᠭ᠎ᠠ ᠶᠢᠨ ᠭᠤᠣᠯ᠂ ᠯᠤᠤᠬ᠎ᠠ ᠶᠢᠨ ᠭᠤᠣᠯ ᠤᠨ ᠬᠥᠪᠡᠭᠡ ᠳᠠᠭᠠᠤ᠂ ᠴᠢᠯᠠᠭᠤᠨ ᠬᠦᠷᠢᠶ᠎ᠡ ᠲᠠᠢ ᠠᠶᠢᠯ ᠲᠣᠰᠬᠤᠨ ᠪᠤᠢ ᠪᠣᠯᠵᠤ᠂

ᠬᠤᠲᠠ ᠳᠣᠲᠣᠷ᠎ᠠ ᠡᠮᠬᠢᠲᠡᠢ ᠵᠢᠭᠳᠡᠷᠡᠭᠦᠯᠦᠨ ᠪᠠᠷᠢᠭᠰᠠᠨ ᠪᠣᠶᠣ ᠭᠠᠵᠠᠷ ᠳᠡᠭᠡᠷ᠎ᠡ ᠪᠠᠷᠢᠭᠰᠠᠨ ᠪᠠᠶᠢᠰᠢᠩ ᠪᠠᠶᠢᠵᠠᠢ᠂ ᠵᠥᠪᠬᠡᠨ ᠢᠩᠭᠡ ᠶᠢᠨ ᠭᠤᠣᠯ᠂ ᠢᠨᠵᠠᠭ᠎ᠠ ᠶᠢᠨ

ᠭᠤᠣᠯ ᠤᠨ ᠬᠤᠶᠢᠲᠤ ᠬᠥᠪᠡᠭᠡ ᠶᠢᠨ ᠠᠭᠤᠯᠠ ᠶᠢᠨ ᠬᠠᠵᠠᠭᠤ ᠳᠤ 43 ᠰᠠᠭᠤᠷᠢ ᠴᠢᠯᠠᠭᠤᠨ ᠬᠤᠲᠠ ᠪᠠᠶᠢᠪᠠ᠂ ᠬᠤᠲᠠ ᠪᠦᠷᠢ ᠨᠢ 3.3 ᠲᠦᠮᠡ ᠠᠴᠠ 10

ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠲᠠᠢ᠂ ᠬᠤᠲᠠ ᠳᠣᠲᠣᠷ᠎ᠠ ᠨᠢ 20᠂ 40᠂ 100 ᠪᠠᠶᠢᠰᠢᠩ ᠤᠨ ᠪᠠᠭᠤᠷᠢ ᠲᠠᠢ᠂ ᠬᠠᠮᠤᠭ ᠤᠨ ᠶᠡᠭᠡ ᠨᠢ ᡂᠢ

ᠵᠢᠶᠠ ᠶᠢᠩᠽᠢ ᠶᠢᠨ ᠴᠢᠯᠠᠭᠤᠨ ᠬᠤᠲᠠ᠂ 600 ᠭᠠᠷᠤᠢ ᠪᠠᠶᠢᠰᠢᠩ ᠤᠨ ᠰᠠᠭᠤᠷᠢ ᠲᠠᠢ᠃ ᠡᠳᠡᠭᠡᠷ ᠠᠶᠢᠯ ᠲᠣᠰᠬᠤᠨ ᠢ ᠤᠰᠤ ᠠᠴᠠ ᠣᠶᠢᠷ᠎ᠠ᠂ ᠲᠠᠷᠢᠶᠠᠯᠠᠬᠤ ᠳᠤ

ᠳᠥᠭᠦᠮ ᠲᠠᠷᠢᠶᠠᠨ ᠭᠠᠵᠠᠷ᠂ ᠪᠡᠯᠴᠢᠭᠡᠷ ᠶᠡᠭᠡ ᠲᠠᠢ ᠭᠠᠵᠠᠷ ᠪᠠᠶᠢᠭᠤᠯᠤᠭᠰᠠᠨ ᠪᠠᠶᠢᠨ᠎ᠠ᠃

      ᠴᠦᠨ ᠴᠢᠦ ᠪᠠᠶᠢᠯᠳᠤᠭᠠᠨᠲᠤ ᠤᠯᠤᠰ᠂ ᠴᠢᠨ ᠤᠯᠤᠰ᠂ ᠬᠠᠨ ᠤᠯᠤᠰ᠂ ᠰᠦᠢ ᠤᠯᠤᠰ᠂ ᠲᠠᠩ ᠤᠯᠤᠰ ᠤᠨ ᠦᠶ᠎ᠡ ᠳᠤ ᠤᠯᠠᠭᠠᠨᠬᠠᠳᠠ ᠣᠷᠣᠨ ᠨᠢ

ᠳ᠋ᠦᠩᠬᠤ᠂ ᠾᠦᠩᠨᠦ᠂ ᠦᠬᠤᠸᠠᠨ᠂ ᠰᠢᠶᠡᠨᠪᠧᠢ ᠵᠡᠷᠭᠡ ᠨᠡᠭᠦᠳᠡᠯᠴᠢᠨ ᠦᠨᠳᠦᠰᠦᠲᠡᠨ ᠤ ᠳᠠᠶᠢᠯᠠᠯᠳᠤᠬᠤ᠂ ᠨᠡᠭᠦᠳᠡᠯᠯᠡᠬᠦ᠂ ᠰᠠᠭᠤᠷᠢᠰᠢᠬᠤ ᠣᠷᠣᠨ ᠪᠠᠶᠢᠵᠤ᠂

ᠨᠡᠶᠢᠭᠡᠮ ᠤᠨ ᠭᠤᠣᠯ ᠠᠮᠢᠳᠤᠷᠠᠯ ᠤᠨ ᠪᠠᠶᠢᠳᠠᠯ ᠨᠢ ︽ᠪᠡᠯᠴᠢᠭᠡᠷ ᠰᠣᠩᠭᠤᠨ ᠮᠠᠯᠵᠢᠵᠤ᠂ ᠢᠰᠡᠭᠡᠢ ᠭᠡᠷ ᠲᠤ ᠠᠮᠢᠳᠤᠷᠠᠳᠠᠭ︾ ᠪᠠᠶᠢᠪᠠ᠃

      ᠲᠢᠶᠠᠨ ᠵᠠᠨ ᠤ ᠣᠨ ᠤ ᠦᠶ᠎ᠡ ᠳᠤ᠂ ᠯᠢᠶᠣᠤ ᠤᠯᠤᠰ ᠡᠮᠦᠨᠡᠰᠢ ᠳᠣᠪᠲᠤᠯᠤᠨ᠂ ᠶᠠᠨ ᠤᠯᠤᠰ ᠪᠠ ᠵᠢᠢ ᠭᠠᠵᠠᠷ ᠤᠨ ᠢᠷᠭᠡᠳ ᠢ ᠬᠤᠸᠠᠩ ᠱᠦᠢ ᠠᠴᠠ

ᠤᠮᠠᠷᠠᠰᠢ ᠤᠤᠯᠭᠠᠯᠠᠨ ᠠᠪᠠᠴᠢᠵᠤ᠂ ᠪᠦᠧᠧᠬᠠᠢ ᠤᠯᠤᠰ ᠢ ᠮᠥᠬᠦᠭᠡᠵᠦ ᠢᠷᠭᠡᠳ ᠢ ᠨᠢ ᠪᠡᠭᠡᠵᠢᠩ ᠤᠨ ᠪᠠᠷᠠᠭᠤᠨ ᠬᠤᠶᠢᠲᠤ᠂ ᠪᠠᠷᠠᠭᠤᠨ ᠡᠮᠦᠨ᠎ᠡ ᠨᠡᠭᠦᠯᠭᠡᠵᠦ ᠬᠢᠲᠠᠳ

ᠢᠷᠭᠡᠳ ᠲᠠᠢ ᠬᠤᠯᠢᠯᠳᠤᠨ ᠰᠠᠭᠤᠯᠭᠠᠵᠠᠢ᠃ ᠣᠳᠣ ᠶᠢᠨ ᠪᠠᠭᠠᠷᠢᠨ ᠵᠡᠭᠦᠨ ᠬᠤᠰᠢᠭᠤ᠂ ᠯᠢᠨᠰᠢ ᠰᠢᠶᠠᠨ᠂ ᠬᠡᠰᠢᠭᠲᠡᠨ ᠬᠤᠰᠢᠭᠤ ᠵᠡᠷᠭᠡ ᠭᠠᠵᠠᠷ ᠲᠤ ᠲᠠᠷᠢᠶᠠᠯᠠᠩ

ᠮᠠᠯᠵᠢᠯ ᠢ ᠵᠡᠷᠭᠡᠪᠡᠷ ᠬᠥᠭᠵᠢᠭᠦᠯᠦᠭᠰᠡᠨ ᠨᠢᠭᠡ ᠪᠦᠯᠦᠭ ᠠᠶᠢᠯ ᠲᠣᠰᠬᠤᠨ ᠪᠤᠢ ᠪᠣᠯᠵᠠᠢ᠃

      ᠠᠯᠲᠠᠨ ᠤᠯᠤᠰ᠂ ᠯᠢᠶᠣᠤ ᠤᠯᠤᠰ ᠢ ᠮᠥᠬᠦᠭᠡᠭᠰᠡᠨ ᠤ ᠳᠠᠷᠠᠭ᠎ᠠ ᠤᠯᠠᠭᠠᠨᠬᠠᠳᠠ ᠣᠷᠣᠨ ᠳᠤ ᠮᠠᠯᠵᠢᠯ ᠢᠶᠠᠷ ᠭᠤᠣᠯ ᠪᠣᠯᠭᠠᠭᠰᠠᠨ ᠦᠢᠯᠡᠳᠪᠦᠷᠢᠯᠡᠯ ᠪᠣᠢ ᠪᠣᠯᠵᠠᠢ

᠃ ᠶᠤᠸᠠᠨ ᠤᠯᠤᠰ ᠤᠨ ᠡᠬᠢᠨ ᠤ ᠦᠶ᠎ᠡ ᠳᠤ᠂ ᠤᠳᠠᠭ᠎ᠠ ᠪᠦᠷᠢ ᠶᠢᠨ ᠳᠠᠶᠢᠨ ᠤ ᠣᠯᠵᠠᠯᠠᠭᠳᠠᠭᠰᠠᠳ ᠢ ᠬᠠᠮᠵᠢᠯᠭ᠎ᠠ ᠶᠢᠨ ᠡᠵᠡᠳ ᠲᠤ ᠬᠤᠪᠢᠶᠠᠨ ᠥᠭᠳᠡᠭ ᠪᠣᠯᠪᠠᠴᠤ

ᠮᠠᠯᠵᠢᠯ ᠢᠶᠠᠷ ᠭᠤᠣᠯ ᠪᠣᠯᠭᠠᠵᠤ ᠨᠡᠭᠦᠳᠡᠯᠯᠠᠵᠦ ᠪᠠᠶᠢᠭᠰᠠᠨ ᠪᠣᠯᠬᠤᠷ ᠰᠠᠭᠤᠭᠠᠯᠢ ᠰᠠᠭᠤᠷᠢᠰᠢᠯ ᠶᠡᠬᠡᠪᠡᠷ ᠬᠥᠭᠵᠢᠭᠰᠡᠨ ᠦᠭᠡᠢ᠃

      ᠴᠢᠩ ᠤᠯᠤᠰ ᠤᠨ ᠦᠶ᠎ᠡ ᠪᠣᠯ ᠲᠤᠰ ᠬᠤᠲᠠ ᠳᠤ ᠠᠶᠢᠯ ᠲᠣᠰᠬᠤᠨ ᠬᠠᠮᠤᠭ ᠤᠨ ᠣᠯᠠᠨ ᠪᠤᠢ ᠪᠣᠯᠤᠭᠰᠠᠨ ᠴᠠᠭ ᠦᠶ᠎ᠡ ᠪᠣᠯᠣᠨ᠎ᠠ᠃ ᠨᠠᠶᠢᠷᠠᠯᠲᠤ ᠲᠥᠪ ᠤᠨ

ᠬᠤᠶᠠᠳᠤᠭᠠᠷ ᠣᠨ ︵1724 ᠣᠨ︶᠎ ᠳᠤ ᠬᠤᠸᠠᠪᠧᠢ ᠣᠷᠣᠨ ᠶᠡᠬᠡᠪᠡᠷ ᠭᠠᠮᠰᠢᠭᠳᠠᠵᠤ᠂ ᠭᠠᠮᠰᠢᠭᠳᠠᠭᠰᠠᠨ ᠠᠷᠠᠳ ᠭᠠᠳᠠᠭᠰᠢ ᠨᠡᠭᠦᠵᠦ᠂ ᠠᠤᠬᠠᠨ᠂ ᠬᠠᠷᠠᠴᠢᠨ᠂

ᠨᠢᠩᠴᠧᠩ᠂ ᠣᠩᠨᠢᠭᠤᠳ᠂ ᠤᠯᠠᠭᠠᠨᠬᠠᠳᠠ᠂ ᠬᠡᠰᠢᠭᠲᠡᠨ ᠵᠡᠷᠭᠡ ᠬᠤᠰᠢᠭᠤ ᠰᠢᠶᠠᠨ ᠳᠤ ᠶᠡᠭᠡ ᠬᠡᠮᠵᠢᠶᠡᠨ ᠤ ᠬᠢᠲᠠᠳ ᠢᠷᠭᠡᠨ ᠨᠡᠭᠦᠨ ᠢᠷᠡᠭᠰᠡᠨ ᠪᠠᠶᠢᠨ᠎ᠠ᠃

      ᠬᠤᠶᠢᠲᠤ ᠠᠯᠲᠠᠨ ᠤᠯᠤᠰ ᠪᠣᠯᠣᠨ ᠴᠢᠩ ᠤᠯᠤᠰ ᠮᠣᠩᠭᠤᠯ ᠸᠠᠩ ᠭᠥᠩ ᠯᠦᠭᠡ ᠤᠷᠤᠭ ᠤᠨ ᠬᠤᠯᠪᠣᠭᠠᠨ ᠤ ᠪᠣᠳᠣᠯᠭ᠎ᠠ ᠬᠡᠷᠡᠭᠵᠢᠭᠦᠯᠵᠦ᠂ ᠨᠤᠷᠠᠭᠴᠢ ᠠᠴᠠ

ᠲᠡᠭᠷᠢ ᠲᠡᠳᠬᠦᠭᠴᠢ ᠶᠢᠨ ᠦᠶ᠎ᠡ ᠪᠣᠯᠲᠠᠯ᠎ᠠ 7 ᠭᠦᠩᠵᠦ ᠶᠢ ᠠᠤᠬᠠᠨ᠂ ᠪᠠᠭᠠᠷᠢᠨ᠂ ᠣᠩᠨᠢᠭᠤᠳ᠂ ᠬᠠᠷᠠᠴᠢᠨ ᠬᠤᠰᠢᠭᠤᠨ ᠤ ᠸᠠᠩ ᠭᠥᠩ ᠳᠤ ᠪᠠᠭᠤᠯᠭᠠᠬᠤ ᠳᠤ

ᠭᠦᠩᠵᠦ ᠪᠦᠷᠢ ︽ᠡᠯᠳᠡᠪ ᠤᠷᠠᠴᠤᠳ︾᠎ ᠢᠶᠠᠷ ᠪᠦᠷᠢᠯᠳᠦᠭᠦᠯᠦᠭᠰᠡᠨ 200 - 300 ᠢᠨᠵᠢ ᠳᠠᠭᠠᠭᠤᠯᠵᠤ ᠥᠭᠭᠦᠭᠰᠡᠨ ᠲᠤᠯᠠ ᠡᠳᠦᠢ ᠲᠡᠳᠦᠢ ᠮᠠᠨᠵᠤ

ᠬᠢᠲᠠᠳ ᠤᠨ ᠠᠶᠢᠯ ᠲᠣᠰᠬᠤᠨ ᠪᠣᠢ ᠪᠣᠯᠵᠠᠢ᠃

      ᠴᠢᠩ ᠤᠯᠤᠰ ᠤᠨ ᠰᠠᠶᠢᠰᠢᠶᠠᠯᠲᠤ ᠢᠷᠦᠭᠡᠯᠲᠦ ᠶᠢᠨ ᠣᠨ ᠤ ᠦᠶ᠎ᠡ ᠳᠤ ᠱᠠᠨ ᠰᠢ᠂ ᠾᠧᠪᠧᠢ᠂ ᠱᠠᠨᠳᠦ᠋ᠩ ᠤᠨ ᠶᠡᠭᠡ ᠬᠡᠮᠵᠢᠶᠡᠨ ᠤ ᠲᠠᠷᠢᠶᠠᠴᠢᠳ᠂

ᠤᠷᠠᠴᠤᠳ᠂ ᠠᠷᠠᠯᠵᠢᠶᠠᠴᠢᠳ ᠤᠯᠠᠭᠠᠨᠬᠠᠳᠠ ᠳᠤ ᠣᠷᠣᠵᠤ ᠢᠷᠡᠭᠰᠡᠨ ᠪᠠᠶᠢᠨ᠎ᠠ᠃ ᠲᠡᠭᠷᠢ ᠲᠡᠳᠬᠦᠭᠴᠢ ᠶᠢᠨ ᠳᠥᠴᠢᠨ ᠳᠣᠯᠣᠭᠠᠨ ᠣᠨ ︵1782 ᠣᠨ︶᠎ ᠳᠤ

ᠤᠯᠠᠭᠠᠨᠬᠠᠳᠠ ᠰᠢᠶᠠᠨ ᠳᠤ 22378 ᠬᠥᠮᠥᠨ ᠨᠡᠭᠦᠨ ᠢᠷᠡᠵᠦ᠂ 45 ᠵᠢᠯ ᠤᠨ ᠳᠠᠷᠠᠭ᠎ᠠ ︵ᠲᠥᠷᠥ ᠬᠡᠷᠡᠯᠳᠦ ᠶᠢᠨ ᠳᠣᠯᠣᠳᠤᠭᠠᠷ ᠣᠨ︶ 112604 ᠬᠥᠮᠥᠨ

ᠪᠣᠯᠣᠨ ᠨᠡᠮᠡᠭᠳᠡᠭᠰᠡᠨ ᠪᠠᠶᠢᠨ᠎ᠠ᠃ ᠲᠥᠷᠥ ᠬᠡᠷᠡᠯᠳᠦ ᠶᠢᠨ ᠲᠠᠪᠤᠳᠤᠭᠠᠷ ᠣᠨ ︵1825 ᠣᠨ︶᠎ ᠳᠤ ᠬᠡᠰᠢᠭᠲᠡᠨ ᠳᠤ 41500 ᠬᠥᠮᠥᠨ ᠣᠷᠣᠵᠤ ᠢᠷᠡᠵᠡᠢ᠃

ᠪᠠᠳᠠᠷᠠᠭᠤᠯᠲᠤ ᠲᠥᠷᠥ ᠶᠢᠨ ᠣᠨ ᠤ ᠦᠶ᠎ᠡ ᠳᠤ ︽ᠠᠷᠠᠳ ᠢ ᠨᠡᠭᠦᠯᠭᠡᠨ ᠬᠢᠯᠢ ᠬᠢᠵᠠᠭᠠᠷ ᠢ ᠪᠠᠬᠢᠵᠢᠭᠦᠯᠬᠦ︾  ᠪᠣᠳᠣᠯᠭ᠎ᠠ ᠶᠢ ᠬᠡᠷᠡᠭᠵᠢᠭᠦᠯᠬᠦ ᠳᠤ ᠪᠠᠭᠠᠷᠢᠨ ᠵᠡᠭᠦᠨ᠂

ᠪᠠᠭᠠᠷᠢᠨ ᠪᠠᠷᠠᠭᠤᠨ᠂ ᠠᠷᠤ ᠬᠤᠷᠴᠢᠨ ᠬᠤᠰᠢᠭᠤᠨ ᠳᠤ ᠶᠡᠭᠡ ᠬᠡᠮᠵᠢᠶᠡᠨ ᠤ ᠬᠢᠲᠠᠳ ᠲᠠᠷᠢᠶᠠᠴᠢᠳ ᠣᠷᠣᠵᠤ ᠢᠷᠡᠵᠡᠢ᠃ ᠪᠠᠳᠠᠷᠠᠭᠤᠯᠲᠤ ᠲᠥᠷᠥ ᠶᠢᠨ ᠭᠤᠴᠢᠨ

ᠳᠥᠷᠪᠡᠳᠦᠭᠡᠷ ᠣᠨ ︵1908 ᠣᠨ︶᠎ ᠳᠤ ᠯᠢᠨᠰᠢ ᠰᠢᠶᠠᠨ ᠪᠣᠯᠣᠨ ᠬᠡᠰᠢᠭᠲᠡᠨ ᠬᠤᠰᠢᠭᠤᠨ ᠳᠤ ᠬᠢᠲᠠᠳ ᠦᠨᠳᠦᠰᠦᠲᠡᠨ ᠲᠥᠪᠯᠡᠷᠡᠭᠰᠡᠨ 48 ᠰᠠᠭᠤᠷᠢᠰᠢᠯ ᠪᠣᠢ

ᠪᠣᠯᠵᠠᠢ᠃

      ᠭᠠᠵᠠᠷ ᠤᠨ ᠨᠡᠷᠡᠰ ᠤᠨ ᠨᠡᠶᠢᠳᠡᠮ ᠤᠨ ᠪᠠᠶᠢᠴᠠᠭᠠᠯᠲᠠ ᠶᠢᠨ ᠦᠶ᠎ᠡ ᠳᠤ ᠪᠦᠷᠢᠳᠬᠡᠭᠰᠡᠨ ᠢᠶᠠᠷ ᠪᠦᠬᠦ ᠬᠤᠲᠠ ᠳᠤ  11043 ᠠᠶᠢᠯ ᠲᠣᠰᠬᠤᠨ ︵ᠰᠢᠶᠠᠨ ᠤ

ᠬᠤᠲᠠ᠂ ᠬᠤᠲᠠ ᠶᠢᠨ ᠲᠣᠭᠤᠷᠢᠭ ᠤᠨ ᠬᠠᠷᠢᠶᠠᠨ ᠳᠠᠬᠢ ᠠᠶᠢᠯ ᠲᠣᠰᠬᠤᠨ ᠢ ᠪᠠᠭᠲᠠᠭᠠᠬᠤ ᠦᠭᠡᠢ︶ ᠪᠠᠶᠢᠵᠠᠢ᠂ ᠬᠤᠶᠢᠲᠤ ᠠᠯᠲᠠᠨ ᠤᠯᠤᠰ ᠠᠴᠠ ᠡᠮᠦᠨ᠎ᠡ

ᠪᠠᠶᠢᠭᠤᠯᠤᠭᠳᠠᠭᠰᠠᠨ ᠠᠶᠢᠯ ᠲᠣᠰᠬᠤᠨ 243 ᠪᠠᠶᠢᠵᠤ᠂ 2.2%᠎ ᠢ ᠡᠵᠡᠯᠡᠵᠦ ᠪᠤᠢ᠂ ᠬᠤᠶᠢᠲᠤ ᠠᠯᠲᠠᠨ ᠤᠯᠤᠰ ᠪᠣᠯᠣᠨ ᠴᠢᠩ ᠤᠯᠤᠰ ᠤᠨ ᠦᠶ᠎ᠡ ᠳᠤ

ᠪᠠᠶᠢᠭᠤᠯᠤᠭᠳᠠᠭᠰᠠᠨ ᠠᠶᠢᠯ ᠲᠣᠰᠬᠤᠨ 8039 ᠪᠠᠶᠢᠵᠤ᠂ 72.79%᠎ ᠢ ᠡᠵᠡᠯᠡᠵᠦ ᠪᠤᠢ᠂ ᠳᠤᠮᠳᠠᠳᠤ ᠢᠷᠭᠡᠨ ᠤᠯᠤᠰ ᠤᠨ ᠦᠶ᠎ᠡ ᠳᠤ ᠪᠠᠶᠢᠭᠤᠯᠤᠭᠳᠠᠭᠰᠠᠨ

ᠠᠶᠢᠯ ᠲᠣᠰᠬᠤᠨ 2129 ᠪᠠᠶᠢᠵᠤ᠂ 19.28%᠎ ᠢ ᠡᠵᠡᠯᠡᠵᠦ ᠪᠤᠢ᠃1949 ᠣᠨ ᠤ ᠳᠠᠷᠠᠭ᠎ᠠ ᠪᠠᠶᠢᠭᠤᠯᠤᠭᠳᠠᠭᠰᠠᠨ ᠠᠶᠢᠯ ᠲᠣᠰᠬᠤᠨ 608 ᠪᠠᠶᠢᠵᠤ᠂ 5.

5%᠎ ᠢ ᠡᠵᠡᠯᠡᠵᠦ ᠪᠤᠢ᠃ ᠰᠢᠶᠠᠩ᠂ ᠰᠤᠮᠤ ᠶᠢᠨ ᠪᠠᠶᠢᠭ᠎ᠠ ᠭᠠᠵᠠᠷ ᠤᠨ ᠴᠤᠭᠯᠠᠭ᠎ᠠ ᠪᠠᠯᠭᠠᠰᠤ 212 ᠪᠠᠶᠢᠵᠤ᠂ ᠴᠢᠩ ᠤᠯᠤᠰ ᠤᠨ ᠦᠭᠡ ᠶᠢᠨ ᠡᠷᠭᠦᠯᠲᠡ ᠳᠤ

ᠪᠠᠶᠢᠭᠤᠯᠤᠭᠳᠠᠭᠰᠠᠨ 6 ᠪᠤᠢ᠃ ᠴᠢᠩ ᠤᠯᠤᠰ ᠤᠨ ᠦᠶ᠎ᠡ ᠳᠤ ᠪᠠᠶᠢᠭᠤᠯᠤᠭᠳᠠᠭᠰᠠᠨ 144 ᠪᠤᠢ᠃ ᠳᠤᠮᠳᠠᠳᠤ ᠢᠷᠭᠡᠨ ᠤᠯᠤᠰ ᠤᠨ ᠦᠶ᠎ᠡ ᠳᠤ

ᠪᠠᠶᠢᠭᠤᠯᠤᠭᠳᠠᠭᠰᠠᠨ 50 ᠪᠤᠢ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ ᠪᠠᠶᠢᠭᠤᠯᠤᠭᠳᠠᠭᠰᠠᠨ 12 ᠪᠤᠢ᠃

      ᠤᠯᠠᠭᠠᠨᠬᠠᠳᠠ ᠣᠷᠣᠨ ᠤ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠨᠢ ᠤᠷᠲᠤ ᠬᠤᠭᠤᠴᠠᠭᠠᠨ ᠳᠤ ᠠᠶᠠᠨᠳᠠᠭᠠᠨ ᠬᠥᠭᠵᠢᠬᠦ ᠪᠠᠶᠢᠳᠠᠯ ᠲᠠᠢ ᠪᠠᠶᠢᠪᠠ᠃

ᠡᠬᠢᠨ ᠳᠤ ᠪᠠᠨ ᠭᠤᠣᠯ ᠤᠨ ᠬᠤᠶᠠᠷ ᠬᠥᠪᠡᠭᠡ᠂ ᠠᠭᠤᠯᠠ ᠤ ᠨᠥᠮᠥᠷᠢ᠂ ᠤᠰᠤᠨ ᠤ ᠵᠠᠬ᠎ᠠ ᠶᠢ ᠡᠷᠢᠵᠦ᠂ ᠤᠰᠤᠨ ᠤ ᠲᠤᠩᠭᠠᠯᠠᠭ ᠡᠪᠡᠰᠦᠨ ᠤ ᠰᠣᠷᠭᠤᠭ ᠢ

ᠰᠣᠩᠭᠤᠵᠤ᠂᠂ ᠵᠠᠮ ᠬᠠᠷᠢᠯᠴᠠᠭ᠎ᠠ ᠳᠥᠭᠦᠮ ᠨᠠᠷᠢᠯᠢᠭ ᠨᠤᠲᠤᠭ ᠲᠤ ᠭᠡᠷ ᠪᠠᠷᠢᠳᠠᠭ ᠪᠠᠶᠢᠪᠠ᠂ ᠣᠯᠠᠩᠬᠢ ᠨᠢ ᠡᠮᠦᠨ᠎ᠡ ᠵᠦᠭ ᠨᠠᠷᠠ ᠬᠠᠨᠳᠤᠭᠤᠯᠤᠨ ᠪᠠᠷᠢᠳᠠᠭ᠂ ᠵᠠᠷᠢᠮ

᠎ ᠨᠢ ᠤᠯᠠᠭ᠎ᠠ᠂ ᠥᠷᠲᠡᠭᠡ ᠶᠢᠨ ᠵᠠᠮ ᠤᠨ ᠬᠠᠵᠠᠭᠤ ᠳᠤ ᠠᠶᠢᠯ ᠲᠣᠰᠬᠤᠨ ᠪᠣᠯᠤᠭᠰᠠᠨ ᠪᠠᠶᠢᠬᠤ ᠳᠤ ᠵᠠᠷᠢᠮ ᠨᠢ ᠰᠦᠮ᠎ᠡ ᠬᠡᠶᠢᠳ᠂ ᠠᠭᠤᠷᠬᠠᠢ᠂ ᠠᠷᠢᠬᠢᠨ ᠦᠢᠯᠡᠳᠬᠡᠯ

᠂ ᠬᠤᠳᠠᠯᠳᠤᠭ᠎ᠠ ᠫᠦᠰᠡ ᠪᠣᠯᠣᠨ ᠪᠠᠶᠠᠴᠤᠳ ᠤᠨ ᠭᠡᠷ ᠬᠦᠷᠢᠶ᠎ᠡ ᠶᠢ ᠲᠣᠭᠤᠷᠢᠨ ᠠᠶᠢᠯ ᠲᠣᠰᠬᠤᠨ ᠪᠣᠯᠣᠭᠰᠠᠨ ᠪᠠᠶᠢᠳᠠᠭ᠃ ᠶᠡᠷᠦᠳᠡᠭᠡᠨ ᠲᠣᠰᠬᠤᠨ ᠤ ᠲᠣᠮᠣᠴᠤᠤᠯ

ᠪᠠᠶᠠᠴᠤᠤᠯ ᠨᠢ ᠵᠡᠭᠡᠯᠢ ᠶᠢ ᠵᠢᠭᠠᠵᠤ ᠵᠢᠷᠤᠭᠯᠠᠨ ᠵᠡᠷᠭᠡᠴᠡᠭᠦᠯᠦᠨ ᠪᠠᠷᠢᠳᠠᠭ ᠠᠴᠠ ᠵᠡᠭᠡᠯᠢ ᠭᠤᠳᠤᠮᠵᠢ ᠪᠣᠯᠳᠠᠭ᠃ ᠬᠥᠮᠥᠨ ᠠᠮᠠ ᠨᠡᠮᠡᠭᠳᠡᠭᠰᠡᠨ ᠠᠴᠠ ᠠᠶᠢᠯ ᠲᠣᠰᠬᠤᠨ

᠎ ᠨᠢ ᠠᠭᠤᠯᠠᠨ ᠭᠤᠤ᠂ ᠳᠣᠪᠤ ᠳᠣᠪᠣᠴᠠᠭ ᠲᠡᠶᠢᠰᠢ ᠬᠥᠭᠵᠢᠭᠰᠡᠨ ᠪᠠᠶᠢᠳᠠᠭ᠃

      ᠲᠠᠷᠢᠶᠠᠯᠠᠩ ᠤᠨ ᠬᠤᠷᠰᠢᠶᠠᠵᠢᠯ ᠠᠴᠠ ᠳᠠᠷᠠᠭ᠎ᠠ᠂ ᠬᠥᠳᠡᠭᠡ ᠲᠣᠰᠬᠤᠨ ᠤ ᠣᠷᠣᠨ ᠰᠠᠭᠤᠴᠠ ᠪᠣᠯᠣᠨ ᠠᠯᠪᠠᠨ ᠤ ᠪᠦᠲᠦᠭᠡᠨ ᠪᠠᠶᠢᠭᠤᠯᠤᠯᠲᠠ ᠠᠷᠪᠢᠳᠴᠤ᠂

ᠣᠯᠠᠩᠬᠢ ᠠᠶᠢᠯ ᠲᠣᠰᠬᠤᠨ ᠨᠢ ᠪᠦᠲᠦᠭᠡᠨ ᠪᠠᠶᠢᠭᠤᠯᠤᠯᠲᠠ ᠳᠤᠮᠳᠠ ᠥᠪᠡᠷᠲᠡᠭᠡᠨ ᠲᠥᠯᠥᠪᠯᠡᠨ ᠬᠠᠮᠢᠶᠠᠷᠬᠤ ᠪᠣᠯᠤᠭᠰᠠᠨ ᠪᠠᠶᠢᠨ᠎ᠠ᠃ 1958 ᠣᠨ ᠳᠤ ᠵᠠᠰᠠᠭ ᠤᠨ

ᠣᠷᠳᠣᠨ ᠤ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠠᠴᠠ ᠨᠡᠶᠢᠲᠡᠯᠢᠭ ᠴᠢᠨᠠᠷᠲᠠᠢ ᠰᠢᠨ᠎ᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ

ᠲᠥᠯᠦᠪᠵᠢᠭᠦᠯᠭᠡ ᠶᠢ ᠲᠣᠭᠲᠠᠭᠠᠵᠤ᠂ ᠡᠯ᠎ᠡ ᠭᠠᠵᠠᠷ ᠤᠨ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠡᠪ ᠵᠠᠭᠪᠤᠷ ᠪᠣᠯᠭᠠᠵᠤ᠂

ᠡᠯ᠎ᠡ ᠰᠢᠶᠠᠩ᠂ ᠨᠢᠭᠡᠳᠦᠯ ᠨᠢ ᠣᠷᠣᠨ ᠰᠠᠭᠤᠴᠠ ᠶᠢᠨ ᠭᠠᠵᠠᠷ ᠢ ᠬᠠᠮᠢᠶᠠᠷᠬᠤ ᠶᠢᠨ ᠬᠠᠮᠲᠤ ᠲᠤᠰᠬᠠᠢ ᠬᠥᠮᠥᠨ ᠲᠣᠬᠢᠷᠠᠭᠤᠯᠤᠨ ᠠᠶᠢᠯ ᠲᠣᠰᠬᠤᠨ ᠤ ᠪᠦᠲᠦᠭᠡᠨ

ᠪᠠᠶᠢᠭᠤᠯᠤᠯᠲᠠ ᠶᠢ ᠵᠢᠭᠠᠨ ᠵᠢᠯᠤᠭᠤᠳᠴᠤ ᠬᠠᠮᠢᠶᠠᠷᠤᠭᠤᠯᠤᠭᠰᠠᠨ ᠪᠠᠶᠢᠨ᠎ᠠ᠃ ᠭᠡᠪᠡᠴᠦ ᠰᠣᠶᠣᠯ ᠤᠨ ᠶᠡᠭᠡ ᠬᠤᠪᠢᠰᠬᠠᠯ ᠤᠨ ᠦᠶ᠎ᠡ ᠳᠤ ᠬᠠᠮᠢᠶᠠᠷᠤᠯᠲᠠ ᠠᠯᠳᠠᠵᠤ᠂

ᠬᠤᠷᠰᠢᠶᠠᠵᠢᠯ ᠤᠨ ᠵᠠᠷᠢᠮ ᠭᠡᠰᠢᠭᠦᠨ ᠨᠢ ᠬᠡᠷᠡᠮ ᠬᠦᠷᠢᠶ᠎ᠡ ᠪᠠᠨ ᠥᠷᠭᠡᠳᠬᠡᠵᠦ᠂ ︽ᠨᠡᠶᠢᠲᠡ ᠶᠢᠨ ᠵᠡᠭᠡᠯᠢ︾᠎ ᠶᠢ ᠬᠤᠪᠢᠨ ᠳᠤ ᠪᠠᠨ ᠡᠵᠡᠯᠡᠵᠦ᠂ ᠵᠡᠭᠡᠯᠢ ᠶᠢᠨ ᠡᠮᠬᠢ

ᠴᠡᠭᠴᠡ ᠪᠠ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠲᠤ ᠶᠢᠨ ᠲᠥᠯᠦᠪᠵᠢᠭᠦᠯᠭᠡ ᠶᠢ ᠨᠥᠯᠥᠭᠡᠯᠡᠭᠰᠡᠨ ᠪᠠᠶᠢᠨ᠎ᠠ᠃ 1980 ᠣᠨ ᠠᠴᠠ ᠰᠡᠭᠦᠯᠡᠷ

ᠬᠤᠲᠠ ᠬᠥᠳᠡᠭᠡ ᠶᠢᠨ ᠨᠡᠶᠢᠭᠡᠮ ᠵᠢᠷᠤᠮᠲᠤ ᠵᠠᠬ᠎ᠠ ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠳᠤ ᠵᠣᠬᠢᠴᠠᠭᠤᠯᠵᠤ᠂ ᠬᠤᠲᠠ ᠪᠣᠯᠣᠨ ᠬᠤᠰᠢᠭᠤ ᠰᠢᠶᠠᠨ ᠳᠤ

ᠴᠥᠮ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠳᠤᠷᠢᠳᠬᠤ ᠪᠠᠶᠢᠭᠤᠯᠤᠮᠵᠢ ᠲᠣᠬᠢᠷᠠᠭᠤᠯᠵᠤ᠂ ᠰᠢᠶᠠᠩ᠂ ᠰᠤᠮᠤᠨ ᠳᠤ ᠠᠶᠢᠯ ᠲᠣᠰᠬᠤᠨ ᠤ ᠪᠦᠲᠦᠭᠡᠨ

ᠪᠠᠶᠢᠭᠤᠯᠤᠯᠲᠠ ᠶᠢᠨ ᠬᠠᠪᠰᠤᠷᠤᠭᠴᠢ ᠲᠣᠬᠢᠷᠠᠭᠤᠯᠵᠤ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠬᠢᠬᠦ᠂ ᠬᠠᠮᠢᠶᠠᠷᠤᠯᠲᠠ ᠶᠢᠨ ᠬᠠᠤᠯᠢ

ᠲᠣᠭᠲᠠᠭᠠᠯ ᠪᠣᠯᠣᠨ ᠠᠷᠭ᠎ᠠ ᠲᠣᠭᠲᠠᠭᠠᠬᠤ ᠪᠠᠷ ᠳᠠᠮᠵᠢᠭᠤᠯᠤᠨ᠂ ᠠᠶᠢᠯ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠭᠠᠵᠢᠮ ᠢᠶᠠᠷ ᠳᠦᠷᠢᠮᠵᠢᠭᠦᠯᠦᠭᠰᠡᠨ ᠪᠠᠶᠢᠨ᠎ᠠ᠃

 

ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ