| ᠮᠠ ᠱᠤ᠋ ᡁᠢ᠂ ᠡᠮᠡᠭᠲᠡᠢ᠂ ᠮᠣᠩᠭᠤᠯ ᠦᠨᠳᠦᠰᠦᠲᠡᠨ᠂ ᠠᠤᠬᠠᠨ ᠬᠤᠰᠢᠭᠤᠨ ᠤ ᠪᠠᠶᠢᠰᠡ ᠶᠢᠨ ᠬᠤᠷᠢᠶ᠎ᠠ ᠶᠢᠨ ᠬᠦᠮᠦᠨ᠃ ᠭᠡᠷ ᠨᠢ ᠶᠠᠳᠠᠭᠤ ᠬᠦᠴᠢᠷᠲᠠᠢ ᠠᠴᠠ | ᠪᠣᠯᠵᠣ 9 ᠨᠠᠰᠤᠲᠠᠢ ᠠᠪᠤ ᠡᠵᠢ ᠨᠢ ᠲᠡᠭᠦᠨ ᠢ ᠣᠩᠭᠤᠨ ᠠᠶᠢᠯ ᠤᠨ ᠵᠣᠣ ᠣᠪᠣᠭᠲᠤ ᠳᠤ ᠲᠡᠵᠢᠭᠡᠪᠦᠷᠢ ᠪᠡᠷᠢ ᠪᠠᠷ ᠥᠭᠪᠡ᠃ 25 ᠨᠠᠰᠤᠲᠠᠢ ᠳᠤᠨᠢ ᠡᠷ᠎ᠡ | ᠨᠦᠬᠦᠷ ᠨᠢ ᠨᠠᠰᠤ ᠪᠠᠷᠠᠵᠤ᠂ ᠬᠡᠦᠬᠡᠳ ᠨᠢ ᠪᠠᠯᠴᠢᠷ ᠪᠠᠭ᠎ᠠ᠂ ᠬᠠᠳᠠᠮ ᠡᠴᠢᠭᠡ ᠡᠬᠡ ᠨᠢ ᠨᠠᠰᠤ ᠠᠬᠢᠭᠰᠠᠨ ᠠᠴᠠ ᠠᠮᠢᠳᠤᠷᠠᠯ ᠤᠨ ᠲᠠᠷᠤᠭᠠᠰᠤ ᠨᠢ ᠴᠦᠮ ᠲᠡᠭᠦᠨ ᠤ | ᠪᠡᠶ᠎ᠡ ᠳᠤ ᠲᠤᠯᠭᠠᠷᠠᠭᠰᠠᠨ ᠪᠠᠶᠢᠪᠠ᠃ | 1946 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠠᠢᠮᠠᠨ ᠵᠠᠮ ᠤᠨ ᠴᠡᠷᠢᠭ ᠪᠠᠶᠢᠰᠡ ᠶᠢᠨ ᠬᠤᠷᠤᠭ᠎ᠠ ᠶᠢ ᠴᠢᠯᠦᠭᠡᠯᠡᠭᠰᠡᠨ ᠤ | ᠳᠠᠷᠠᠭ᠎ᠠ ᠲᠡᠷᠡ ᠬᠦᠦ ᠲᠦᠷᠢᠶᠡᠰᠦ ᠬᠦᠩᠭᠡᠯᠡᠬᠦ ᠪᠠ ᠭᠠᠵᠠᠷ ᠰᠢᠷᠤᠢ ᠶᠢᠨ ᠦᠭᠡᠷᠡᠴᠢᠯᠡᠯᠲᠠ ᠶᠢᠨ ᠬᠦᠳᠡᠯᠭᠡᠭᠡᠨ ᠳᠤ ᠬᠠᠶᠢᠷ᠎ᠠ ᠬᠤᠷᠤᠰᠤᠯ ᠲᠣᠳᠣ ᠪᠣᠯᠬᠤᠷ ᠣᠯᠠᠨ | ᠲᠦᠮᠡᠨ ᠤ ᠬᠦᠷᠢᠶᠠᠯᠠᠯ ᠢ ᠣᠯᠵᠤ᠂ ᠡᠮᠡᠭᠲᠡᠶᠢᠴᠦᠳ ᠤᠨ ᠬᠤᠯᠪᠣᠭᠠᠳᠤ ᠬᠤᠷᠠᠯ ᠤᠨ ᠡᠷᠬᠢᠯᠡᠭᠴᠢ ᠪᠠᠷ ᠰᠣᠩᠭᠤᠭᠳᠠᠪᠠ᠃ | 1947 ᠣᠨ ᠤ ᠴᠡᠷᠢᠭ ᠢᠶᠠᠨ ᠬᠦᠷᠢᠶᠡᠯᠡᠵᠦ ᠡᠮᠦᠨ᠎ᠡ ᠹᠷᠤᠨᠲ ᠢ ᠲᠤᠰᠠᠯᠠᠬᠤ ᠬᠦᠳᠡᠯᠭᠡᠭᠡᠨ ᠳᠤ ᠮᠠ ᠱᠤ᠋ ᡁᠢ ᠪᠦᠬᠦ ᠲᠣᠰᠬᠤᠨ ᠤ ᠡᠮᠡᠭᠲᠡᠶᠢᠴᠦᠳ ᠢᠶᠠᠨ | ᠵᠣᠬᠢᠶᠠᠨ ᠪᠠᠶᠢᠭᠤᠯᠵᠤ ᠴᠡᠷᠢᠭ ᠤᠨ ᠱᠠᠬᠠᠢ᠂ ᠴᠡᠷᠢᠭ ᠤᠨ ᠬᠤᠪᠴᠠᠰᠦ ᠣᠶᠣᠵᠤ᠂ ᠴᠡᠷᠢᠭ ᠤᠨ ᠭᠡᠷ ᠪᠦᠯᠢ ᠶᠢᠨ ᠦᠢᠯᠡᠳᠪᠦᠷᠢᠯᠡᠯ ᠢ ᠬᠠᠪᠰᠤᠷᠤᠨ᠂ ᠣᠯᠠᠨ ᠲᠦᠮᠡᠨ ᠢ | ᠵᠤᠬᠢᠶᠠᠨ ᠪᠠᠶᠢᠭᠤᠯᠵᠤ ᠠᠮᠤ ᠪᠤᠳᠠᠭ᠎ᠠ᠂ ᠲᠦᠯᠡᠰᠢ ᠬᠦᠷᠭᠡᠵᠦ᠂ ᠰᠢᠶᠠᠨ ᠴᠢᠥᠢ ᠶᠢᠨ ᠠᠷᠠᠳ ᠤᠨ ᠵᠠᠰᠠᠭ ᠤᠨ ᠣᠷᠳᠣᠨ ᠤ ᠰᠠᠶᠢᠰᠢᠶᠠᠯ ᠬᠦᠬᠢᠭᠦᠯᠦᠯ ᠢ ᠣᠯᠠᠨ | ᠤᠳᠠᠭ᠎ᠠ ᠣᠯᠣᠭᠰᠠᠨ ᠪᠠᠶᠢᠨ᠎ᠠ᠃ | 1948 ᠣᠨ ᠳᠤ ᠪᠦᠬᠦ ᠬᠤᠰᠢᠭᠤ ᠪᠠᠷ ᠢᠶᠠᠨ ᠭᠠᠩ ᠭᠠᠮᠰᠢᠭ ᠲᠤ ᠲᠠᠭᠠᠷᠢᠭᠳᠠᠵᠤ᠂ ᠠᠮᠤ ᠪᠤᠳᠠᠭ᠎ᠠ ᠬᠦᠨᠳᠦ ᠨᠣᠴᠢᠲᠠᠢ ᠲᠤᠲᠠᠭᠳᠠᠪᠠ᠃ ᠮᠠ ᠱᠤ᠋ ᡁᠢ | ᠵᠠᠰᠠᠭ ᠤᠨ ᠣᠷᠳᠣᠨ ᠤ ᠤᠷᠢᠶᠠᠯᠠᠭ᠎ᠠ ᠶᠢ ᠲᠠᠭᠠᠵᠤ᠂ ᠣᠯᠠᠨ ᠲᠦᠮᠡᠨ ᠢ ᠵᠣᠬᠢᠶᠠᠨ ᠪᠠᠶᠢᠭᠤᠯᠵᠤ ᠦᠢᠯᠠᠳᠪᠦᠷᠢᠯᠡᠯ ᠢᠶᠠᠷ ᠥᠪᠡᠷ ᠢ ᠪᠠᠨ ᠠᠪᠤᠷᠠᠬᠤ ᠠᠵᠢᠯ ᠢ ᠶᠡᠭᠡ ᠪᠠᠷ | ᠬᠢᠪᠡ᠃ ᠲᠡᠭᠦᠨ ᠤ ᠰᠠᠭᠤᠭ᠎ᠠ ᠲᠤᠰᠬᠤᠨ ᠨᠢ ᠣᠣᠯ ᠳᠤ ᠪᠠᠨ ᠬᠤᠷᠢᠬᠠᠨ ᠡᠭᠡᠷᠡᠭᠦᠯ ᠲᠠᠢ ᠪᠠᠶᠢᠪᠠ᠂ ᠲᠡᠭᠦᠨ ᠤ ᠣᠯᠠᠨ ᠤᠳᠠᠭ᠎ᠠ ᠶᠢᠨ ᠳᠠᠶᠢᠴᠢᠯᠠᠯᠲᠠ ᠪᠠᠷ ᠪᠦᠬᠦ | ᠲᠤᠰᠬᠤᠨ ᠤ 120 ᠡᠷᠦᠬᠡ ᠶᠢᠨ 200 ᠡᠭᠡᠷᠡᠭᠦᠯ ᠨᠢ 500 ᠺᠢᠯᠤᠭ᠍ᠷᠠᠮ ᠤᠳᠠᠰᠤ ᠡᠭᠡᠷᠡᠵᠦ᠂ 5000 ᠭᠠᠷᠤᠢ ᠺᠢᠯᠤᠭ᠍ᠷᠡᠮ ᠠᠮᠤ ᠪᠤᠳᠠᠭ᠎ᠠ ᠰᠣᠯᠢᠨ ᠠᠪᠴᠢᠷᠠᠵᠤ᠂ | ᠥᠪᠡᠷ ᠤᠨ ᠬᠦᠴᠦᠨ ᠳᠤ ᠪᠠᠨ ᠲᠦᠰᠢᠭᠯᠡᠵᠦ ᠭᠠᠨᠭ᠌ ᠭᠠᠮᠰᠢᠭ ᠢ ᠢᠯᠡᠨ ᠳᠠᠪᠠᠭᠰᠠᠨ ᠪᠠᠶᠢᠨ᠎ᠠ᠃ 1948 ᠣᠨ ᠤ 10 ᠰᠠᠷ᠎ᠠ ᠳᠤ ᠲᠡᠷᠡ ᠳᠤᠮᠳᠠᠳᠤ ᠤᠯᠤᠰ ᠤᠨ | ᠡᠪ ᠬᠠᠮᠲᠤ ᠨᠠᠮ ᠳᠤ ᠡᠯᠰᠡᠭᠳᠡᠵᠦ᠂ ᠳᠠᠷᠠᠭ᠎ᠠ ᠵᠢᠯ ᠤᠨ ᠬᠢᠨᠢ 2 ᠰᠠᠷ᠎ᠠ ᠳᠤ ᠿᠧᠾᠧ ᠮᠣᠵᠢ ᠶᠢᠨ ᠬᠦᠳᠡᠯᠮᠦᠷᠢ ᠶᠢᠨ ᠵᠢᠱᠢᠶᠡᠴᠢ ᠶᠢᠨ ᠶᠡᠭᠡ ᠬᠤᠷᠠᠯ ᠳᠤ ᠣᠷᠣᠯᠴᠠᠨ᠂ | ᠿᠧᠾᠧ ᠮᠣᠵᠢ ᠶᠢᠨ ᠬᠥᠬᠡ ᠳᠡᠰ ᠤᠨ ᠬᠦᠳᠡᠯᠮᠦᠷᠢ ᠶᠢᠨ ᠵᠢᠱᠢᠶᠡᠴᠢ ᠪᠠᠷ ᠰᠤᠩᠭᠤᠭᠲᠠᠭᠰᠠᠨ ᠪᠠᠶᠢᠨ᠎ᠠ᠃ | 1949 ᠣᠨ ᠤ 7 ᠰᠠᠷ᠎ᠠ ᠶᠢᠨ 15 ᠤ ᠡᠳᠦᠷ ᠲᠡᠷᠡ ᠬᠡᠳᠦᠨ ᠡᠮᠡᠭᠲᠡᠶᠢᠴᠦᠳ ᠢᠶᠠᠨ ᠲᠠᠭᠠᠭᠤᠯᠵᠦ ᠠᠭᠤᠯᠠᠨ ᠳᠤ ᠬᠦᠳᠡᠯᠮᠦᠷᠢ ᠬᠢᠵᠦ ᠪᠠᠶᠢᠳᠠᠯ᠎ᠠ ᠭᠡᠨᠡᠳᠲᠡ | ᠰᠢᠷᠦᠭᠦᠨ ᠪᠣᠷᠣᠭᠠᠨ ᠳᠤ ᠲᠠᠭᠠᠷᠢᠭᠳᠠᠵᠤ᠂ ᠳᠠᠭᠠᠷᠠᠵᠦ ᠪᠡᠭᠡᠷᠡᠭᠰᠡᠨ ᠠᠴᠠ ᠪᠣᠯᠵᠤ ᠡᠪᠡᠳᠴᠢᠯᠡᠭᠡᠳ ᠬᠡᠳᠦᠨ ᠡᠳᠦᠷ ᠤᠨ ᠳᠠᠷᠠᠭ᠎ᠠ ᠨᠠᠰᠤ ᠪᠠᠷᠠᠪᠠ᠃ ᠨᠠᠰᠤ ᠪᠠᠷᠠᠬᠤ | ᠵᠢᠯ ᠢᠶᠠᠨ 33 ᠨᠠᠰᠤᠲᠠᠢ᠃ 7 ᠰᠠᠷ᠎ᠠ ᠶᠢᠨ 20 ᠤ ᠡᠳᠦᠷ᠂ ᠬᠤᠰᠢᠭᠤᠨ ᠤ ᠨᠠᠮ᠂ ᠵᠠᠰᠠᠭ᠂ ᠴᠡᠷᠢᠭ᠂ ᠠᠷᠠᠳ 500 ᠭᠠᠷᠤᠢ ᠬᠦᠮᠦᠨ ᠴᠤᠭᠯᠠᠷᠠᠵᠤ᠂ | ᠬᠤᠰᠢᠭᠤ ᠶᠢᠨ ᠵᠠᠰᠠᠭ ᠤᠨ ᠣᠷᠳᠣᠨ ᠤ ᠰᠠᠭᠤᠭ᠎ᠠ ᠭᠠᠵᠠᠷ ᠰᠢᠨ ᠬᠤᠢ ᠪᠠᠯᠭᠠᠰᠤ ᠳᠤ ᠭᠠᠰᠢᠭᠤᠳᠠᠯ ᠤᠨ ᠬᠤᠷᠠᠯ ᠬᠢᠪᠡ᠂ ᠿᠧᠾᠧ ᠮᠣᠵᠢ ᠶᠢᠨ ᠠᠷᠠᠳ ᠤᠨ | ᠵᠠᠰᠠᠭ ᠤᠨ ᠣᠷᠳᠣᠨ ᠠᠴᠠ ᠪᠠᠰᠠ ᠭᠠᠰᠢᠭᠤᠳᠠᠯ ᠤᠨ ᠴᠠᠬᠢᠯᠭᠠᠨ ᠢᠷᠡᠭᠦᠯᠦᠭᠰᠡᠨ ᠪᠠᠶᠢᠨ᠎ᠠ᠃ | | | |