ᠪᠠᠶᠢᠭᠤᠯᠤᠮᠵᠢᠲᠤ ᠪᠠᠯᠭᠠᠰᠤ ᠶᠢᠨ ᠪᠦᠲᠦᠭᠡᠨ ᠪᠠᠶᠢᠭᠤᠯᠤᠯᠲᠠ
ᠨᠡᠶᠢᠲᠡᠯᠡᠭᠰᠡᠨ ᠴᠠᠭ᠄
2023/12/8
       ᠣᠳᠣ ᠶᠢᠨ ᠤᠯᠠᠭᠠᠨᠬᠠᠳᠠ ᠶᠢᠨ ᠬᠢᠵᠠᠭᠠᠷ ᠲᠤ ᠠᠯᠢ ᠡᠷᠲᠡ ᠠᠯᠲᠠᠨ ᠤᠯᠤᠰ ᠤᠨ ᠦᠶ᠎ᠡ ᠳᠤ ᠪᠠᠯᠭᠠᠰᠤ ᠬᠡᠮᠡᠬᠦ ᠨᠡᠷᠡᠶᠢᠳᠦᠯ ᠪᠤᠢ ᠪᠣᠯᠵᠤ᠂ ᠳ᠋ᠠᠶᠢᠳᠢᠩ ᠹᠦ᠋ ᠶᠢᠨ ᠳᠣᠣᠷ᠎ᠠ ᠨᠢ ᠸᠧᠨᠳᠢᠩ᠂ ᠡᠸ᠋ᠨᠬᠤᠸᠠ ᠬᠤᠶᠠᠷ ᠪᠠᠯᠭᠠᠰᠤ ᠲᠠᠢ ᠪᠠᠶᠢᠵᠠᠢ᠃ ᠮᠢᠩ ᠤᠯᠤᠰ ᠤᠨ ᠶᠥᠩ ᠯᠧ ᠶᠢᠨ ᠬᠤᠷᠢᠳᠤᠭᠠᠷ ᠣᠨ ︵1422 ᠣᠨ︶᠎ ᠳᠤ ᠶᠤᠸᠠᠨ ᠤᠯᠤᠰ ᠤᠨ ᠶᠢᠩᠴᠠᠩ ᠴᠥᠯᠥᠭᠡ ᠶᠢ ᠴᠢᠩᠫᠢᠩ ᠪᠠᠯᠭᠠᠰᠤ ᠬᠡᠮᠡᠨ ᠥᠭᠡᠷᠡᠴᠢᠯᠡᠭᠰᠡᠨ ᠪᠠᠶᠢᠨ᠎ᠠ᠃ ᠳᠤᠮᠳᠠᠳᠤ ᠢᠷᠭᠡᠨ ᠤᠯᠤᠰ ᠤᠨ ᠦᠶ᠎ᠡ ᠳᠤ ᠵᠠᠷᠢᠮ ᠰᠢᠶᠠᠨ ᠤ ᠳᠣᠣᠷ᠎ᠠ ᠨᠢ ᠲᠣᠭᠤᠷᠢᠭ ᠲᠠᠢ᠂ ᠲᠣᠭᠤᠷᠢᠭ ᠤᠨ ᠳᠣᠣᠷ᠎ᠠ ᠨᠢ ᠰᠢᠶᠠᠩ ᠪᠠᠯᠭᠠᠰᠤ ᠲᠠᠢ ᠪᠠᠶᠢᠵᠠᠢ᠃ ᠲᠤᠬᠠᠢ ᠶᠢᠨ ᠦᠶ᠎ᠡ ᠳᠤ 22 ᠪᠠᠯᠭᠠᠰᠤ 1 ᠵᠡᠭᠡᠯᠢ ᠪᠠᠶᠢᠪᠠ᠄ ᠤᠯᠠᠭᠠᠨᠬᠠᠳᠠ ᠰᠢᠶᠠᠨ ᠤ ᠴᠠᠩᠶ᠋ᠢᠩ ᠪᠠᠯᠭᠠᠰᠤ᠂ ᠢᠤᠶᠢᠬᠤᠸᠠᠩ ᠪᠠᠯᠭᠠᠰᠤ᠂ ᠵᠢᠶᠠᠨᠴᠠᠩ ᠪᠠᠯᠭᠠᠰᠤ᠂ ᠨᠣᠶᠠᠨ ᠲᠠᠷᠢᠶ᠎ᠠ ᠪᠠᠯᠭᠠᠰᠤ᠂ ᠴᠢᠳᠬᠤᠯᠠᠩ ᠪᠠᠯᠭᠠᠰᠤ᠂ ᠶᠡᠬᠡᠰᠦ᠋ᠮ᠎ᠡ ᠪᠠᠯᠭᠠᠰᠤ᠂ ᠬᠤᠭᠤᠯᠠᠶᠢᠲᠤ ᠭᠤᠤ ᠪᠠᠯᠭᠠᠰᠤ᠂ ᠬᠠᠭᠤᠴᠢᠨ ᠬᠤᠷᠤᠭ᠎ᠠ ᠪᠠᠯᠭᠠᠰᠤ᠂ ᠯᠢᠨᠰᠢ ᠰᠢᠶᠠᠨ ᠤ ᠠᠭᠤᠢ ᠲᠠᠯ᠎ᠠ ᠪᠠᠯᠭᠠᠰᠤ᠂ ᠬᠠᠭᠤᠷᠠᠢ ᠬᠤᠳᠳᠤᠭ ᠪᠠᠯᠭᠠᠰᠤ᠂ ᠹᠠᠩ ᠵᠢᠶᠠ ᠳ᠋ᠢᠶᠠᠨ ᠪᠠᠯᠭᠠᠰᠤ᠂ ᠳ᠋ᠠ ᠶᠢᠩᠽᠢ ᠪᠠᠯᠭᠠᠰᠤ᠂ ᠲᠠᠪᠢᠨᠭᠡᠷ ᠪᠠᠯᠭᠠᠰᠤ᠂ ᠵᠢᠩᠫᠧᠩ ᠰᠢᠶᠠᠨ ᠤ ᠲᠦ᠋ ᠴᠧᠩᠽᠢ ᠪᠠᠯᠭᠠᠰᠤ᠂ ᠵᠢᠶᠠᠨᠫᠢᠩ ᠰᠢᠶᠠᠨ ︵ᠣᠳᠣ ᠶᠢᠨ ᠠᠤᠬᠠᠨ ᠬᠤᠰᠢᠭᠤᠨ ᠤ ᠬᠢᠯᠢ ᠳᠤ ᠪᠠᠶᠢᠪᠠ︶᠎ ᠤ ᠰᠢᠶᠠᠸᠠ ᠪᠠᠯᠭᠠᠰᠤ᠂ ᠰᠢᠶᠣᠣ ᠾᠧ ᠶᠠᠨ ᠪᠠᠯᠭᠠᠰᠤ᠂ ᠰᠧ ᠳ᠋ᠧ ᠲᠠᠩ ᠪᠠᠯᠭᠠᠰᠤ᠂ ᠰᠧ ᠵᠢᠶᠠᠽᠢ ᠪᠠᠯᠭᠠᠰᠤ᠂ ᠶᠢᠨ ᠴᠠᠩ ᠭᠧᠦ ᠯᠢᠶᠠᠩ ᠪᠠᠯᠭᠠᠰᠤ᠂ ᠪᠡᠶᠢᠰᠡ ᠶᠢᠨ ᠬᠤᠷᠤᠭ᠎ᠠ ᠪᠠᠯᠭᠠᠰᠤ᠂ ᠰᠠᠨ ᠭᠤᠸᠠᠨ ᠶᠢᠩᠽᠢ ᠪᠠᠯᠭᠠᠰᠤ᠂ ᠪᠤᠭᠤᠲᠤ ᠪᠠᠯᠭᠠᠰᠤ᠂ ᠪᠠᠭ᠎ᠠ ᠬᠠᠷ᠎ᠠ ᠲᠣᠬᠤᠢ ᠪᠠᠯᠭᠠᠰᠤ ︵ᠣᠳᠣ ᠶᠢᠨ ᠲᠡᠭᠦᠷᠭᠡ︶᠂ ᠬᠠᠭᠤᠷᠮᠠᠭ ᠮᠠᠨᠵᠤ ᠶᠢᠨ ᠦᠶ᠎ᠡ ᠳᠤ ᠪᠠᠯᠭᠠᠰᠤ ᠶᠢ ᠬᠠᠰᠤᠵᠤ᠂ ᠬᠤᠰᠢᠭᠤ ᠰᠢᠶᠠᠨ ᠤ ᠳᠣᠣᠷ᠎ᠠ ᠨᠢ ᠲᠣᠭᠤᠷᠢᠭ᠂ ᠲᠣᠰᠬᠤᠨ᠂ ᠵᠡᠭᠡᠯᠢ ᠶᠢ ᠲᠣᠬᠢᠷᠠᠭᠤᠯᠤᠭᠰᠠᠨ ᠪᠠᠶᠢᠨ᠎ᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠬᠤᠰᠢᠭᠤ ᠰᠢᠶᠠᠨ ᠤ ᠳᠣᠣᠷ᠎ᠠ ᠪᠠᠯᠭᠠᠰᠤ ᠶᠢᠨ ᠪᠠᠶᠢᠭᠤᠯᠤᠮᠵᠢ ᠦᠭᠡᠢ ᠪᠠᠶᠢᠪᠠ᠂ 1984 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠬᠤᠰᠢᠭᠤ᠂ ᠰᠢᠶᠠᠨ᠂ ᠲᠣᠭᠤᠷᠢᠭ ᠤᠨ ᠬᠠᠷᠢᠶ᠎ᠠ ᠳᠤ ᠪᠠᠶᠢᠭᠤᠯᠤᠮᠵᠢᠲᠤ ᠪᠠᠯᠭᠠᠰᠤ ︵ᠬᠤᠰᠢᠭᠤ ᠰᠢᠶᠠᠨ ᠤ ᠪᠠᠶᠢᠭ᠎ᠠ ᠭᠠᠵᠠᠷ ᠤᠨ ᠪᠠᠯᠭᠠᠰᠤ᠂ ᠭᠤᠣᠯ ᠬᠤᠲᠠ ᠲᠣᠭᠤᠷᠢᠭ ᠤᠨ ᠮᠦ ᠵᠢᠶᠠ ᠶᠢᠩᠽᠢ ᠪᠠᠯᠭᠠᠰᠤ᠂ ᠶᠤᠸᠠᠨ ᠪᠣᠣ ᠱᠠᠨ ᠪᠠᠯᠭᠠᠰᠤ᠂ ᠫᠢᠩᠵᠤᠸᠠᠩ ᠪᠠᠯᠭᠠᠰᠤ ᠶᠢ ᠪᠠᠭᠲᠠᠭᠠᠬᠤ ᠦᠭᠡᠢ︶᠎ ᠶᠢ ᠲᠣᠬᠢᠷᠠᠭᠤᠯᠵᠤ᠂ 1986 ᠣᠨ ᠳᠤ 36 ᠪᠠᠯᠭᠠᠰᠤ ᠶᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ 1990 ᠣᠨ ᠪᠣᠯᠬᠤ ᠳᠤ ᠨᠡᠶᠢᠲᠡ 46 ᠪᠠᠯᠭᠠᠰᠤ ᠪᠠᠶᠢᠭᠤᠯᠵᠤ᠂ ᠤᠯᠠᠭᠠᠨᠬᠠᠳᠠ ᠬᠤᠲᠠ ᠲᠣᠭᠤᠷᠢᠭ ᠢᠶᠠᠷ ᠲᠥᠪ ᠪᠣᠯᠭᠠᠨ᠂ ᠬᠤᠰᠢᠭᠤ ᠰᠢᠶᠠᠨ ᠤ ᠪᠠᠶᠢᠭ᠎ᠠ ᠬᠤᠲᠠ ᠪᠠᠯᠭᠠᠰᠤ ᠪᠠᠷ ᠭᠤᠣᠯ ᠪᠣᠯᠭᠠᠨ᠂ ᠦᠨᠳᠦᠰᠦᠨ ᠱᠠᠲᠤᠨ ᠤ ᠪᠠᠶᠢᠭᠤᠯᠤᠮᠵᠢᠲᠤ ᠪᠠᠯᠭᠠᠰᠤ ᠪᠠᠷ ︽ᠬᠤᠰᠢᠭᠤᠴᠢ︾ ᠪᠣᠯᠭᠠᠭᠰᠠᠨ ᠬᠤᠲᠠ ᠪᠠᠯᠭᠠᠰᠤᠨ ᠤ ᠲᠣᠣᠷ ᠢ ᠪᠦᠷᠢᠯᠳᠦᠭᠦᠯᠦᠭᠰᠡᠨ ᠪᠠᠶᠢᠨ᠎ᠠ᠃ ᠪᠦᠬᠦ ᠬᠤᠲᠠ ᠶᠢᠨ 9 ᠲᠦᠮᠡᠨ ᠲᠡᠭᠰᠢ ᠳᠥᠷᠪᠡᠯᠵᠢᠨ ᠺᠢᠯᠣᠮᠧᠲᠷ ᠨᠤᠲᠤᠭ ᠳᠡᠪᠢᠰᠬᠡᠷ ᠳᠡᠭᠡᠷ᠎ᠡ᠂ ᠳᠤᠮᠳᠠᠴᠢ ᠪᠠᠷ 1957 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠪᠦᠷᠢ ᠳᠤ 1 ᠪᠠᠯᠭᠠᠰᠤ ᠪᠤᠢ᠃      1990 ᠣᠨ ᠪᠣᠯᠬᠤ ᠳᠤ 46 ᠪᠠᠯᠭᠠᠰᠤᠨ ᠤ ᠣᠷᠣᠨ ᠰᠠᠭᠤᠴᠠ ᠶᠢᠨ ᠲᠠᠯᠠᠪᠠᠢ ᠨᠢ 212.94 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ ᠡᠭᠦᠨ ᠳᠤ ᠠᠰᠠᠷ 6.24 ᠲᠦᠮᠡᠨ ᠲᠡᠭᠰᠢ ᠳᠥᠷᠪᠡᠯᠵᠢᠨ ᠮᠧᠲᠷ᠂ ᠲᠣᠭᠤᠰᠬ᠎ᠠ᠂ ᠪᠧᠲ᠋ᠣᠨ ᠪᠦᠲᠦᠴᠡᠲᠦ ᠣᠷᠣᠨ ᠰᠠᠭᠤᠴᠠ ᠨᠢᠭᠡᠨᠲᠡ 70%᠎ ᠠᠴᠠ ᠳᠡᠭᠡᠭᠰᠢᠬᠢ ᠶᠢ ᠡᠵᠡᠯᠡᠭᠰᠡᠨ ᠪᠠᠶᠢᠨ᠎ᠠ᠃ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 10.18 ᠲᠡᠭᠰᠢ ᠳᠥᠷᠪᠡᠯᠵᠢᠨ ᠮᠧᠲᠷ ᠪᠣᠯᠵᠠᠢ᠃ ᠣᠯᠠᠨ ᠨᠡᠶᠢᠲᠡ ᠶᠢᠨ ᠪᠠᠷᠢᠯᠭ᠎ᠠ ᠶᠢᠨ ᠲᠠᠯᠠᠪᠠᠢ 171.77 ᠲᠦᠮᠡᠨ ᠲᠡᠭᠰᠢ ᠳᠥᠷᠪᠡᠯᠵᠢᠨ ᠮᠧᠲᠷ᠂ ᠡᠯ᠎ᠡ ᠲᠥᠷᠥᠯ ᠤᠨ ᠦᠢᠯᠡᠳᠪᠦᠷᠢᠯᠡᠯ ᠤᠨ ᠪᠠᠷᠢᠯᠭ᠎ᠠ 130.26 ᠲᠦᠮᠡᠨ ᠲᠡᠭᠰᠢ ᠳᠥᠷᠪᠡᠯᠵᠢᠨ ᠮᠧᠲᠷ ᠪᠠᠶᠢᠪᠠ᠃ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 67.4%᠎ ᠶᠢ ᠡᠵᠡᠯᠡᠵᠦ ᠪᠦᠬᠦᠢ 31 ᠪᠠᠯᠭᠠᠰᠤᠨ ᠤ ᠪᠠᠶᠢᠭ᠎ᠠ ᠭᠠᠵᠠᠷ ᠲᠦᠭᠡᠭᠡᠯ ᠤᠰᠤᠨ ᠤ ᠢᠨᠵᠧᠨᠧᠷᠢᠩ ᠢ ᠪᠠᠶᠢᠭᠤᠯᠵᠤ᠂ ᠤᠰᠤ ᠬᠠᠩᠭᠠᠬᠤ ᠬᠤᠭᠤᠯᠠᠢ ᠶᠢᠨ ᠤᠷᠲᠤ ᠎ ᠨᠢ 324 ᠺᠢᠯᠣᠮᠧᠲᠷ᠂ ᠡᠳᠦᠷ ᠪᠦᠷᠢ ᠶᠢᠨ ᠤᠰᠤ ᠬᠠᠩᠭᠠᠬᠤ ᠴᠢᠳᠠᠪᠤᠷᠢ ᠨᠢ 4074 ᠲᠣᠨ᠂ ᠪᠦᠬᠦ ᠵᠢᠯ ᠤᠨ ᠤᠰᠤ ᠬᠠᠩᠭᠠᠬᠤ ᠬᠡᠮᠵᠢᠶ᠎ᠡ ᠨᠢ 175.54 ᠲᠦᠮᠡᠨ ᠲᠣᠨ ᠬᠦᠷᠴᠦ᠂ ᠠᠰᠢᠭ ᠬᠦᠷᠲᠡᠭᠰᠡᠨ ᠬᠥᠮᠥᠨ ᠠᠮᠠ 6.76 ᠲᠦᠮᠡ᠂ ᠪᠠᠯᠭᠠᠰᠤᠨ ᠲᠣᠭᠤᠷᠢᠭ ᠤᠨ ᠬᠥᠮᠥᠨ ᠠᠮᠠ ᠶᠢᠨ 49.3%᠎ ᠶᠢ ᠡᠵᠡᠯᠡᠭᠰᠡᠨ ᠪᠠᠶᠢᠨ᠎ᠠ᠃ ᠪᠠᠯᠭᠠᠰᠤᠨ ᠤ ᠵᠠᠮ 217 ᠺᠢᠯᠣᠮᠧᠲᠷ ᠵᠠᠰᠠᠵᠤ᠂ ᠲᠠᠯᠠᠪᠠᠢ ᠨᠢ 151.22 ᠲᠦᠮᠡᠨ ᠲᠡᠭᠰᠢ ᠳᠥᠷᠪᠡᠯᠵᠢᠨ ᠮᠧᠲᠷ ᠬᠦᠷᠦᠭᠰᠡᠨ ᠪᠠᠶᠢᠨ᠎ᠠ᠃ ᠵᠠᠮ ᠤᠨ ᠳ᠋ᠧᠩ 360 ᠤᠭᠰᠠᠷᠠᠵᠤ᠂ ᠦᠶᠡᠷ ᠤᠨ ᠬᠠᠰᠢᠯᠭ᠎ᠠ 43 ᠺᠢᠯᠣᠮᠧᠲᠷ ᠵᠠᠰᠠᠵᠤ᠂ ᠪᠠᠯᠭᠠᠰᠤᠨ ᠳᠣᠲᠣᠷ᠎ᠠ 47 ᠬᠥᠭᠦᠷᠭᠡ ᠪᠠᠶᠢᠭᠤᠯᠵᠤ᠂ ᠣᠯᠠᠩᠬᠢ ᠵᠡᠭᠡᠯᠢ ᠭᠤᠳᠤᠮᠵᠢ ᠨᠢ ᠢᠯᠡ ᠰᠤᠪᠠᠭ ᠢᠶᠠᠷ ᠤᠰᠤ ᠭᠠᠳᠠᠭᠰᠢᠯᠠᠭᠤᠯᠵᠤ᠂ ᠵᠠᠷᠢᠮ ᠨᠢ ᠭᠠᠵᠠᠷ ᠳᠣᠣᠭᠤᠷ ᠤᠰᠤ ᠭᠠᠳᠠᠭᠰᠢᠯᠠᠭᠤᠯᠵᠤ᠂ ᠭᠠᠵᠠᠷ ᠳᠣᠣᠷᠠᠬᠢ ᠤᠰᠤ ᠭᠠᠳᠠᠭᠰᠢᠯᠠᠭᠤᠯᠬᠤ ᠬᠤᠭᠤᠯᠠᠢ ᠨᠢ 38 ᠺᠢᠯᠣᠮᠧᠲᠷ ᠪᠣᠯᠵᠠᠢ᠂ ᠴᠡᠴᠡᠭᠯᠢᠭᠵᠢᠭᠦᠯᠦᠨ ᠨᠣᠭᠤᠭᠠᠷᠠᠭᠤᠯᠬᠤ ᠲᠥᠬᠦᠭᠡᠷᠦᠮᠵᠢ ᠪᠦᠬᠦᠢ ᠪᠠᠯᠭᠠᠰᠤ 11᠂ ᠬᠤᠭ ᠴᠡᠪᠡᠷᠯᠡᠨ ᠵᠥᠭᠡᠭᠡᠬᠦ 9 ᠲᠡᠷᠭᠡ ᠪᠠ ᠨᠢᠭᠡ ᠪᠦᠯᠦᠭ ᠴᠡᠪᠡᠷᠯᠡᠭᠴᠢ ᠠᠵᠢᠯᠲᠠᠨ ᠲᠣᠬᠢᠷᠠᠭᠤᠯᠵᠤ᠂ ᠵᠢᠯ ᠪᠦᠷᠢ 10893 ᠲᠣᠨ ᠬᠤᠭ ᠴᠡᠪᠡᠷᠯᠡᠨ ᠵᠥᠭᠡᠭᠡᠵᠦ᠂ ᠣᠯᠠᠨ ᠨᠡᠶᠢᠲᠡ ᠶᠢᠨ ᠵᠣᠷᠯᠣᠩ 83᠎ ᠶᠢ ᠪᠠᠶᠢᠭᠤᠯᠵᠤ᠂ ᠪᠠᠯᠭᠠᠰᠤᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠶᠡᠬᠡᠪᠡᠷ ᠰᠠᠶᠢᠵᠢᠷᠠᠭᠤᠯᠵᠠᠢ᠃      46 ᠪᠠᠯᠭᠠᠰᠤᠨ ᠤ ᠬᠡᠷᠡᠭᠯᠡᠭᠡᠨ ᠤ ᠭᠠᠵᠠᠷ ᠤᠨ ᠲᠠᠯᠠᠪᠠᠢ ᠨᠢ 3763 ᠾᠧᠺᠲ᠋ᠠᠷ᠂ ᠨᠡᠶᠢᠲᠡ 3.53 ᠲᠦᠮᠡᠨ ᠡᠷᠦᠬᠡ᠂ 13.71 ᠲᠦᠮᠡᠨ ᠬᠥᠮᠥᠨ ᠲᠠᠢ᠂ ᠡᠭᠦᠨ ᠳᠤ ᠲᠠᠷᠢᠶᠠᠯᠠᠩ ᠤᠨ ᠪᠤᠰᠤ ᠬᠥᠮᠥᠨ ᠠᠮᠠ 6.08 ᠲᠦᠮᠡᠨ ᠬᠥᠮᠥᠨ ᠪᠣᠯᠵᠠᠢ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ