| ᠣᠳᠣ ᠶᠢᠨ ᠤᠯᠠᠭᠠᠨᠬᠠᠳᠠ ᠶᠢᠨ ᠬᠢᠵᠠᠭᠠᠷ ᠲᠤ ᠠᠯᠢ ᠡᠷᠲᠡ ᠠᠯᠲᠠᠨ ᠤᠯᠤᠰ ᠤᠨ ᠦᠶ᠎ᠡ ᠳᠤ ᠪᠠᠯᠭᠠᠰᠤ ᠬᠡᠮᠡᠬᠦ ᠨᠡᠷᠡᠶᠢᠳᠦᠯ ᠪᠤᠢ ᠪᠣᠯᠵᠤ᠂ ᠳ᠋ᠠᠶᠢᠳᠢᠩ ᠹᠦ᠋ ᠶᠢᠨ | ᠳᠣᠣᠷ᠎ᠠ ᠨᠢ ᠸᠧᠨᠳᠢᠩ᠂ ᠡᠸ᠋ᠨᠬᠤᠸᠠ ᠬᠤᠶᠠᠷ ᠪᠠᠯᠭᠠᠰᠤ ᠲᠠᠢ ᠪᠠᠶᠢᠵᠠᠢ᠃ ᠮᠢᠩ ᠤᠯᠤᠰ ᠤᠨ ᠶᠥᠩ ᠯᠧ ᠶᠢᠨ ᠬᠤᠷᠢᠳᠤᠭᠠᠷ ᠣᠨ ︵1422 ᠣᠨ︶ ᠳᠤ ᠶᠤᠸᠠᠨ | ᠤᠯᠤᠰ ᠤᠨ ᠶᠢᠩᠴᠠᠩ ᠴᠥᠯᠥᠭᠡ ᠶᠢ ᠴᠢᠩᠫᠢᠩ ᠪᠠᠯᠭᠠᠰᠤ ᠬᠡᠮᠡᠨ ᠥᠭᠡᠷᠡᠴᠢᠯᠡᠭᠰᠡᠨ ᠪᠠᠶᠢᠨ᠎ᠠ᠃ ᠳᠤᠮᠳᠠᠳᠤ ᠢᠷᠭᠡᠨ ᠤᠯᠤᠰ ᠤᠨ ᠦᠶ᠎ᠡ ᠳᠤ ᠵᠠᠷᠢᠮ ᠰᠢᠶᠠᠨ ᠤ | ᠳᠣᠣᠷ᠎ᠠ ᠨᠢ ᠲᠣᠭᠤᠷᠢᠭ ᠲᠠᠢ᠂ ᠲᠣᠭᠤᠷᠢᠭ ᠤᠨ ᠳᠣᠣᠷ᠎ᠠ ᠨᠢ ᠰᠢᠶᠠᠩ ᠪᠠᠯᠭᠠᠰᠤ ᠲᠠᠢ ᠪᠠᠶᠢᠵᠠᠢ᠃ ᠲᠤᠬᠠᠢ ᠶᠢᠨ ᠦᠶ᠎ᠡ ᠳᠤ 22 ᠪᠠᠯᠭᠠᠰᠤ 1 ᠵᠡᠭᠡᠯᠢ ᠪᠠᠶᠢᠪᠠ᠄ | ᠤᠯᠠᠭᠠᠨᠬᠠᠳᠠ ᠰᠢᠶᠠᠨ ᠤ ᠴᠠᠩᠶ᠋ᠢᠩ ᠪᠠᠯᠭᠠᠰᠤ᠂ ᠢᠤᠶᠢᠬᠤᠸᠠᠩ ᠪᠠᠯᠭᠠᠰᠤ᠂ ᠵᠢᠶᠠᠨᠴᠠᠩ ᠪᠠᠯᠭᠠᠰᠤ᠂ ᠨᠣᠶᠠᠨ ᠲᠠᠷᠢᠶ᠎ᠠ ᠪᠠᠯᠭᠠᠰᠤ᠂ ᠴᠢᠳᠬᠤᠯᠠᠩ ᠪᠠᠯᠭᠠᠰᠤ᠂ ᠶᠡᠬᠡᠰᠦ᠋ᠮ᠎ᠡ | ᠪᠠᠯᠭᠠᠰᠤ᠂ ᠬᠤᠭᠤᠯᠠᠶᠢᠲᠤ ᠭᠤᠤ ᠪᠠᠯᠭᠠᠰᠤ᠂ ᠬᠠᠭᠤᠴᠢᠨ ᠬᠤᠷᠤᠭ᠎ᠠ ᠪᠠᠯᠭᠠᠰᠤ᠂ ᠯᠢᠨᠰᠢ ᠰᠢᠶᠠᠨ ᠤ ᠠᠭᠤᠢ ᠲᠠᠯ᠎ᠠ ᠪᠠᠯᠭᠠᠰᠤ᠂ ᠬᠠᠭᠤᠷᠠᠢ ᠬᠤᠳᠳᠤᠭ ᠪᠠᠯᠭᠠᠰᠤ᠂ ᠹᠠᠩ | ᠵᠢᠶᠠ ᠳ᠋ᠢᠶᠠᠨ ᠪᠠᠯᠭᠠᠰᠤ᠂ ᠳ᠋ᠠ ᠶᠢᠩᠽᠢ ᠪᠠᠯᠭᠠᠰᠤ᠂ ᠲᠠᠪᠢᠨᠭᠡᠷ ᠪᠠᠯᠭᠠᠰᠤ᠂ ᠵᠢᠩᠫᠧᠩ ᠰᠢᠶᠠᠨ ᠤ ᠲᠦ᠋ ᠴᠧᠩᠽᠢ ᠪᠠᠯᠭᠠᠰᠤ᠂ ᠵᠢᠶᠠᠨᠫᠢᠩ ᠰᠢᠶᠠᠨ ︵ᠣᠳᠣ ᠶᠢᠨ ᠠᠤᠬᠠᠨ | ᠬᠤᠰᠢᠭᠤᠨ ᠤ ᠬᠢᠯᠢ ᠳᠤ ᠪᠠᠶᠢᠪᠠ︶ ᠤ ᠰᠢᠶᠠᠸᠠ ᠪᠠᠯᠭᠠᠰᠤ᠂ ᠰᠢᠶᠣᠣ ᠾᠧ ᠶᠠᠨ ᠪᠠᠯᠭᠠᠰᠤ᠂ ᠰᠧ ᠳ᠋ᠧ ᠲᠠᠩ ᠪᠠᠯᠭᠠᠰᠤ᠂ ᠰᠧ ᠵᠢᠶᠠᠽᠢ ᠪᠠᠯᠭᠠᠰᠤ᠂ ᠶᠢᠨ ᠴᠠᠩ ᠭᠧᠦ | ᠯᠢᠶᠠᠩ ᠪᠠᠯᠭᠠᠰᠤ᠂ ᠪᠡᠶᠢᠰᠡ ᠶᠢᠨ ᠬᠤᠷᠤᠭ᠎ᠠ ᠪᠠᠯᠭᠠᠰᠤ᠂ ᠰᠠᠨ ᠭᠤᠸᠠᠨ ᠶᠢᠩᠽᠢ ᠪᠠᠯᠭᠠᠰᠤ᠂ ᠪᠤᠭᠤᠲᠤ ᠪᠠᠯᠭᠠᠰᠤ᠂ ᠪᠠᠭ᠎ᠠ ᠬᠠᠷ᠎ᠠ ᠲᠣᠬᠤᠢ ᠪᠠᠯᠭᠠᠰᠤ ︵ᠣᠳᠣ ᠶᠢᠨ | ᠲᠡᠭᠦᠷᠭᠡ︶᠂ ᠬᠠᠭᠤᠷᠮᠠᠭ ᠮᠠᠨᠵᠤ ᠶᠢᠨ ᠦᠶ᠎ᠡ ᠳᠤ ᠪᠠᠯᠭᠠᠰᠤ ᠶᠢ ᠬᠠᠰᠤᠵᠤ᠂ ᠬᠤᠰᠢᠭᠤ ᠰᠢᠶᠠᠨ ᠤ ᠳᠣᠣᠷ᠎ᠠ ᠨᠢ ᠲᠣᠭᠤᠷᠢᠭ᠂ ᠲᠣᠰᠬᠤᠨ᠂ ᠵᠡᠭᠡᠯᠢ ᠶᠢ | ᠲᠣᠬᠢᠷᠠᠭᠤᠯᠤᠭᠰᠠᠨ ᠪᠠᠶᠢᠨ᠎ᠠ᠃ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠬᠤᠰᠢᠭᠤ ᠰᠢᠶᠠᠨ ᠤ ᠳᠣᠣᠷ᠎ᠠ ᠪᠠᠯᠭᠠᠰᠤ ᠶᠢᠨ | ᠪᠠᠶᠢᠭᠤᠯᠤᠮᠵᠢ ᠦᠭᠡᠢ ᠪᠠᠶᠢᠪᠠ᠂ 1984 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ | ᠬᠤᠰᠢᠭᠤ᠂ ᠰᠢᠶᠠᠨ᠂ ᠲᠣᠭᠤᠷᠢᠭ ᠤᠨ ᠬᠠᠷᠢᠶ᠎ᠠ ᠳᠤ ᠪᠠᠶᠢᠭᠤᠯᠤᠮᠵᠢᠲᠤ ᠪᠠᠯᠭᠠᠰᠤ ︵ᠬᠤᠰᠢᠭᠤ ᠰᠢᠶᠠᠨ ᠤ ᠪᠠᠶᠢᠭ᠎ᠠ ᠭᠠᠵᠠᠷ ᠤᠨ ᠪᠠᠯᠭᠠᠰᠤ᠂ ᠭᠤᠣᠯ ᠬᠤᠲᠠ | ᠲᠣᠭᠤᠷᠢᠭ ᠤᠨ ᠮᠦ ᠵᠢᠶᠠ ᠶᠢᠩᠽᠢ ᠪᠠᠯᠭᠠᠰᠤ᠂ ᠶᠤᠸᠠᠨ ᠪᠣᠣ ᠱᠠᠨ ᠪᠠᠯᠭᠠᠰᠤ᠂ ᠫᠢᠩᠵᠤᠸᠠᠩ ᠪᠠᠯᠭᠠᠰᠤ ᠶᠢ ᠪᠠᠭᠲᠠᠭᠠᠬᠤ ᠦᠭᠡᠢ︶ ᠶᠢ ᠲᠣᠬᠢᠷᠠᠭᠤᠯᠵᠤ᠂ 1986 | ᠣᠨ ᠳᠤ 36 ᠪᠠᠯᠭᠠᠰᠤ ᠶᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ 1990 ᠣᠨ ᠪᠣᠯᠬᠤ ᠳᠤ ᠨᠡᠶᠢᠲᠡ 46 ᠪᠠᠯᠭᠠᠰᠤ ᠪᠠᠶᠢᠭᠤᠯᠵᠤ᠂ ᠤᠯᠠᠭᠠᠨᠬᠠᠳᠠ ᠬᠤᠲᠠ | ᠲᠣᠭᠤᠷᠢᠭ ᠢᠶᠠᠷ ᠲᠥᠪ ᠪᠣᠯᠭᠠᠨ᠂ ᠬᠤᠰᠢᠭᠤ ᠰᠢᠶᠠᠨ ᠤ ᠪᠠᠶᠢᠭ᠎ᠠ ᠬᠤᠲᠠ ᠪᠠᠯᠭᠠᠰᠤ ᠪᠠᠷ ᠭᠤᠣᠯ ᠪᠣᠯᠭᠠᠨ᠂ ᠦᠨᠳᠦᠰᠦᠨ ᠱᠠᠲᠤᠨ ᠤ ᠪᠠᠶᠢᠭᠤᠯᠤᠮᠵᠢᠲᠤ ᠪᠠᠯᠭᠠᠰᠤ ᠪᠠᠷ | ︽ᠬᠤᠰᠢᠭᠤᠴᠢ︾ ᠪᠣᠯᠭᠠᠭᠰᠠᠨ ᠬᠤᠲᠠ ᠪᠠᠯᠭᠠᠰᠤᠨ ᠤ ᠲᠣᠣᠷ ᠢ ᠪᠦᠷᠢᠯᠳᠦᠭᠦᠯᠦᠭᠰᠡᠨ ᠪᠠᠶᠢᠨ᠎ᠠ᠃ ᠪᠦᠬᠦ ᠬᠤᠲᠠ ᠶᠢᠨ 9 ᠲᠦᠮᠡᠨ ᠲᠡᠭᠰᠢ ᠳᠥᠷᠪᠡᠯᠵᠢᠨ ᠺᠢᠯᠣᠮᠧᠲᠷ | ᠨᠤᠲᠤᠭ ᠳᠡᠪᠢᠰᠬᠡᠷ ᠳᠡᠭᠡᠷ᠎ᠡ᠂ ᠳᠤᠮᠳᠠᠴᠢ ᠪᠠᠷ 1957 ᠲᠡᠭᠰᠢ ᠳᠥᠷᠪᠡᠯᠵᠢᠨ ᠺᠢᠯᠣᠮᠧᠲᠷ ᠲᠠᠯᠠᠪᠠᠢ ᠪᠦᠷᠢ ᠳᠤ 1 ᠪᠠᠯᠭᠠᠰᠤ ᠪᠤᠢ᠃ | 1990 ᠣᠨ ᠪᠣᠯᠬᠤ ᠳᠤ 46 ᠪᠠᠯᠭᠠᠰᠤᠨ ᠤ ᠣᠷᠣᠨ ᠰᠠᠭᠤᠴᠠ ᠶᠢᠨ ᠲᠠᠯᠠᠪᠠᠢ ᠨᠢ 212.94 ᠲᠦᠮᠡᠨ ᠲᠡᠭᠰᠢ ᠳᠥᠷᠪᠡᠯᠵᠢᠨ ᠮᠧᠲᠷ ᠬᠦᠷᠴᠦ᠂ | ᠡᠭᠦᠨ ᠳᠤ ᠠᠰᠠᠷ 6.24 ᠲᠦᠮᠡᠨ ᠲᠡᠭᠰᠢ ᠳᠥᠷᠪᠡᠯᠵᠢᠨ ᠮᠧᠲᠷ᠂ ᠲᠣᠭᠤᠰᠬ᠎ᠠ᠂ ᠪᠧᠲ᠋ᠣᠨ ᠪᠦᠲᠦᠴᠡᠲᠦ ᠣᠷᠣᠨ ᠰᠠᠭᠤᠴᠠ ᠨᠢᠭᠡᠨᠲᠡ 70% ᠠᠴᠠ | ᠳᠡᠭᠡᠭᠰᠢᠬᠢ ᠶᠢ ᠡᠵᠡᠯᠡᠭᠰᠡᠨ ᠪᠠᠶᠢᠨ᠎ᠠ᠃ ᠬᠥᠮᠥᠨ ᠳᠤᠮᠳᠠᠴᠢ ᠶᠢᠨ ᠣᠷᠣᠨ ᠰᠠᠭᠤᠴᠠ ᠶᠢᠨ ᠲᠠᠯᠠᠪᠠᠢ ᠨᠢ 10.18 ᠲᠡᠭᠰᠢ ᠳᠥᠷᠪᠡᠯᠵᠢᠨ ᠮᠧᠲᠷ ᠪᠣᠯᠵᠠᠢ᠃ ᠣᠯᠠᠨ | ᠨᠡᠶᠢᠲᠡ ᠶᠢᠨ ᠪᠠᠷᠢᠯᠭ᠎ᠠ ᠶᠢᠨ ᠲᠠᠯᠠᠪᠠᠢ 171.77 ᠲᠦᠮᠡᠨ ᠲᠡᠭᠰᠢ ᠳᠥᠷᠪᠡᠯᠵᠢᠨ ᠮᠧᠲᠷ᠂ ᠡᠯ᠎ᠡ ᠲᠥᠷᠥᠯ ᠤᠨ ᠦᠢᠯᠡᠳᠪᠦᠷᠢᠯᠡᠯ ᠤᠨ ᠪᠠᠷᠢᠯᠭ᠎ᠠ 130.26 ᠲᠦᠮᠡᠨ | ᠲᠡᠭᠰᠢ ᠳᠥᠷᠪᠡᠯᠵᠢᠨ ᠮᠧᠲᠷ ᠪᠠᠶᠢᠪᠠ᠃ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ᠂ 67. | 4% ᠶᠢ ᠡᠵᠡᠯᠡᠵᠦ ᠪᠦᠬᠦᠢ 31 ᠪᠠᠯᠭᠠᠰᠤᠨ ᠤ ᠪᠠᠶᠢᠭ᠎ᠠ ᠭᠠᠵᠠᠷ ᠲᠦᠭᠡᠭᠡᠯ ᠤᠰᠤᠨ ᠤ ᠢᠨᠵᠧᠨᠧᠷᠢᠩ ᠢ ᠪᠠᠶᠢᠭᠤᠯᠵᠤ᠂ ᠤᠰᠤ ᠬᠠᠩᠭᠠᠬᠤ ᠬᠤᠭᠤᠯᠠᠢ ᠶᠢᠨ ᠤᠷᠲᠤ | ᠨᠢ 324 ᠺᠢᠯᠣᠮᠧᠲᠷ᠂ ᠡᠳᠦᠷ ᠪᠦᠷᠢ ᠶᠢᠨ ᠤᠰᠤ ᠬᠠᠩᠭᠠᠬᠤ ᠴᠢᠳᠠᠪᠤᠷᠢ ᠨᠢ 4074 ᠲᠣᠨ᠂ ᠪᠦᠬᠦ ᠵᠢᠯ ᠤᠨ ᠤᠰᠤ ᠬᠠᠩᠭᠠᠬᠤ ᠬᠡᠮᠵᠢᠶ᠎ᠡ ᠨᠢ 175.54 | ᠲᠦᠮᠡᠨ ᠲᠣᠨ ᠬᠦᠷᠴᠦ᠂ ᠠᠰᠢᠭ ᠬᠦᠷᠲᠡᠭᠰᠡᠨ ᠬᠥᠮᠥᠨ ᠠᠮᠠ 6.76 ᠲᠦᠮᠡ᠂ ᠪᠠᠯᠭᠠᠰᠤᠨ ᠲᠣᠭᠤᠷᠢᠭ ᠤᠨ ᠬᠥᠮᠥᠨ ᠠᠮᠠ ᠶᠢᠨ 49.3% ᠶᠢ ᠡᠵᠡᠯᠡᠭᠰᠡᠨ | ᠪᠠᠶᠢᠨ᠎ᠠ᠃ ᠪᠠᠯᠭᠠᠰᠤᠨ ᠤ ᠵᠠᠮ 217 ᠺᠢᠯᠣᠮᠧᠲᠷ ᠵᠠᠰᠠᠵᠤ᠂ ᠲᠠᠯᠠᠪᠠᠢ ᠨᠢ 151.22 ᠲᠦᠮᠡᠨ ᠲᠡᠭᠰᠢ ᠳᠥᠷᠪᠡᠯᠵᠢᠨ ᠮᠧᠲᠷ ᠬᠦᠷᠦᠭᠰᠡᠨ ᠪᠠᠶᠢᠨ᠎ᠠ᠃ ᠵᠠᠮ ᠤᠨ ᠳ᠋ᠧᠩ | 360 ᠤᠭᠰᠠᠷᠠᠵᠤ᠂ ᠦᠶᠡᠷ ᠤᠨ ᠬᠠᠰᠢᠯᠭ᠎ᠠ 43 ᠺᠢᠯᠣᠮᠧᠲᠷ ᠵᠠᠰᠠᠵᠤ᠂ ᠪᠠᠯᠭᠠᠰᠤᠨ ᠳᠣᠲᠣᠷ᠎ᠠ 47 ᠬᠥᠭᠦᠷᠭᠡ ᠪᠠᠶᠢᠭᠤᠯᠵᠤ᠂ ᠣᠯᠠᠩᠬᠢ ᠵᠡᠭᠡᠯᠢ ᠭᠤᠳᠤᠮᠵᠢ ᠨᠢ ᠢᠯᠡ | ᠰᠤᠪᠠᠭ ᠢᠶᠠᠷ ᠤᠰᠤ ᠭᠠᠳᠠᠭᠰᠢᠯᠠᠭᠤᠯᠵᠤ᠂ ᠵᠠᠷᠢᠮ ᠨᠢ ᠭᠠᠵᠠᠷ ᠳᠣᠣᠭᠤᠷ ᠤᠰᠤ ᠭᠠᠳᠠᠭᠰᠢᠯᠠᠭᠤᠯᠵᠤ᠂ ᠭᠠᠵᠠᠷ ᠳᠣᠣᠷᠠᠬᠢ ᠤᠰᠤ ᠭᠠᠳᠠᠭᠰᠢᠯᠠᠭᠤᠯᠬᠤ ᠬᠤᠭᠤᠯᠠᠢ ᠨᠢ | 38 ᠺᠢᠯᠣᠮᠧᠲᠷ ᠪᠣᠯᠵᠠᠢ᠂ ᠴᠡᠴᠡᠭᠯᠢᠭᠵᠢᠭᠦᠯᠦᠨ ᠨᠣᠭᠤᠭᠠᠷᠠᠭᠤᠯᠬᠤ ᠲᠥᠬᠦᠭᠡᠷᠦᠮᠵᠢ ᠪᠦᠬᠦᠢ ᠪᠠᠯᠭᠠᠰᠤ 11᠂ ᠬᠤᠭ ᠴᠡᠪᠡᠷᠯᠡᠨ ᠵᠥᠭᠡᠭᠡᠬᠦ 9 ᠲᠡᠷᠭᠡ ᠪᠠ ᠨᠢᠭᠡ | ᠪᠦᠯᠦᠭ ᠴᠡᠪᠡᠷᠯᠡᠭᠴᠢ ᠠᠵᠢᠯᠲᠠᠨ ᠲᠣᠬᠢᠷᠠᠭᠤᠯᠵᠤ᠂ ᠵᠢᠯ ᠪᠦᠷᠢ 10893 ᠲᠣᠨ ᠬᠤᠭ ᠴᠡᠪᠡᠷᠯᠡᠨ ᠵᠥᠭᠡᠭᠡᠵᠦ᠂ ᠣᠯᠠᠨ ᠨᠡᠶᠢᠲᠡ ᠶᠢᠨ ᠵᠣᠷᠯᠣᠩ 83 ᠶᠢ ᠪᠠᠶᠢᠭᠤᠯᠵᠤ᠂ | ᠪᠠᠯᠭᠠᠰᠤᠨ ᠤ ᠡᠷᠡᠭᠦᠯ ᠬᠠᠮᠠᠭᠠᠯᠠᠯ ᠤᠨ ᠪᠠᠶᠢᠳᠠᠯ ᠢ ᠶᠡᠬᠡᠪᠡᠷ ᠰᠠᠶᠢᠵᠢᠷᠠᠭᠤᠯᠵᠠᠢ᠃ | 46 ᠪᠠᠯᠭᠠᠰᠤᠨ ᠤ ᠬᠡᠷᠡᠭᠯᠡᠭᠡᠨ ᠤ ᠭᠠᠵᠠᠷ ᠤᠨ ᠲᠠᠯᠠᠪᠠᠢ ᠨᠢ 3763 ᠾᠧᠺᠲ᠋ᠠᠷ᠂ ᠨᠡᠶᠢᠲᠡ 3.53 ᠲᠦᠮᠡᠨ ᠡᠷᠦᠬᠡ᠂ 13.71 ᠲᠦᠮᠡᠨ ᠬᠥᠮᠥᠨ ᠲᠠᠢ᠂ | ᠡᠭᠦᠨ ᠳᠤ ᠲᠠᠷᠢᠶᠠᠯᠠᠩ ᠤᠨ ᠪᠤᠰᠤ ᠬᠥᠮᠥᠨ ᠠᠮᠠ 6.08 ᠲᠦᠮᠡᠨ ᠬᠥᠮᠥᠨ ᠪᠣᠯᠵᠠᠢ᠃ | | |