| ᠤᠯᠠᠭᠠᠨᠬᠠᠳᠠ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠦᠢᠯᠡᠴᠢᠯᠡᠭᠡᠨ ᠤ ᠦᠢᠯᠡᠰ ᠤᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠤᠯᠠᠮᠵᠢᠯᠠᠯᠲᠤ ᠦᠢᠯᠡᠴᠢᠯᠡᠭᠡᠨ ᠤ ᠠᠵᠢᠯ ᠲᠥᠷᠥᠯ ᠢ | ᠥᠭᠡᠷᠡᠴᠢᠯᠡᠨ ᠲᠠᠰ ᠳᠡᠪᠰᠢᠭᠦᠯᠬᠦ ᠶᠢ ᠳᠡᠮᠵᠢᠵᠦ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠬᠢᠭᠡᠳ ᠲᠡᠷᠢᠭᠦᠨ ᠤ ᠦᠢᠯᠡᠳᠬᠦ ᠦᠢᠯᠡᠰ ᠤᠨ ᠭᠦᠨᠵᠡᠭᠡᠶ | ᠠᠭᠤᠰᠤᠯᠴᠠᠯ ᠢ ᠭᠦᠨᠵᠡᠭᠡᠶᠢᠷᠡᠭᠦᠯᠦᠨ᠂ ᠦᠢᠯᠡᠴᠢᠯᠡᠭᠡᠨ ᠤ ᠦᠢᠯᠡᠰ ᠤᠨ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠬᠡᠯᠪᠡᠷᠢ ᠶᠢ | ᠪᠤᠶᠢᠵᠢᠭᠤᠯᠵᠤ᠂ ᠴᠢᠨᠠᠷ ᠰᠠᠶᠢᠲᠠᠶ ᠥᠨᠳᠥᠷ ᠪᠦᠲᠦᠮᠵᠢᠲᠡᠶ᠂ ᠪᠠᠶᠢᠷᠢᠰᠢᠭᠤᠯᠤᠯᠲᠠ ᠨᠢ ᠰᠢᠯᠢᠳᠡᠭ᠂ ᠥᠷᠢᠰᠦᠯᠳᠦᠬᠦ ᠬᠦᠴᠦᠨ ᠢᠶᠠᠷ ᠴᠢᠩᠭ᠎ᠠ ᠦᠢᠯᠡᠴᠢᠯᠡᠭᠡᠨ ᠤ ᠠᠵᠤ | ᠦᠢᠯᠡᠰ ᠤᠨ ᠰᠢᠨ᠎ᠡ ᠰᠢᠰᠲ᠋ᠧᠮᠵᠢ ᠶᠢ ᠴᠢᠷᠮᠠᠶᠢᠨ ᠪᠠᠶᠢᠭᠤᠯᠬᠤ ᠶᠢᠨ ᠲᠤᠰᠠᠳᠠ᠂ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠤᠯᠠᠭᠠᠨᠬᠠᠳᠠ | ᠬᠤᠲᠠ ᠶᠢᠨ ᠠᠷᠠᠳ ᠤᠨ ᠵᠠᠰᠠᠭ ᠤᠨ ᠣᠷᠳᠣᠨ ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ︵ᠳᠣᠷᠣᠭᠰᠢ ︽ᠲᠥᠯᠥᠪᠵᠢᠭᠦᠯᠭᠡ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ | | ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠤ᠂ ᠪᠦᠬᠦ ᠬᠤᠲᠠ ᠳᠠᠶᠠᠭᠠᠷ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ | ᠬᠥᠭᠵᠢᠭᠦᠯᠬᠦ ᠶᠢ ᠰᠢᠨ᠎ᠡ ᠬᠥᠭᠵᠢᠯᠲᠡ ᠶᠢᠨ ᠣᠢᠯᠠᠭᠠᠭᠳᠠᠬᠤᠨ ᠢ ᠲᠤᠤᠱᠯᠠᠭᠤᠯᠬᠤ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ | ᠠᠬᠢᠭᠤᠯᠬᠤ ᠴᠢᠬᠤᠯᠠ ᠭᠠᠷᠲᠠᠴᠠ ᠪᠣᠯᠭᠠᠬᠤ ᠶᠢ ᠪᠠᠷᠢᠮᠲᠠᠯᠠᠨ᠂ ᠲᠥᠷᠦᠯ ᠵᠦᠢᠯ ᠢᠶᠠᠷ ᠳᠠᠢᠴᠢᠯᠠᠬᠤ ᠶᠢ ᠪᠠᠷᠢᠮᠲᠠᠯᠠᠵᠤ᠂ ᠡᠬᠢ ᠪᠠᠶᠠᠯᠢᠭ ᠢ ᠢᠳᠡᠪᠬᠢᠲᠡᠢ ᠡᠮᠬᠢᠯᠡᠨ | ᠨᠡᠶᠢᠯᠡᠭᠦᠯᠵᠦ᠂ ᠠᠵᠤ ᠦᠢᠯᠡᠰ ᠤᠨ ᠪᠠᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠶᠡᠷᠦᠩᠬᠡᠢ ᠬᠡᠮᠵᠢᠶ᠎ᠡ ᠥᠷᠭᠡᠳᠴᠦ᠂ | ᠬᠤᠪᠢ ᠨᠡᠮᠡᠷᠢ ᠳᠡᠭᠡᠭᠰᠢᠯᠡᠵᠦ᠂ ᠪᠦᠲᠦᠴᠡ ᠰᠢᠯᠢᠳᠡᠭᠵᠢᠭᠰᠡᠨ ᠰᠠᠶᠢᠨ ᠪᠠᠶᠢᠳᠠᠯ ᠢᠯᠡᠷᠡᠪᠡ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠳᠤ ᠲᠣᠭᠲᠠᠭᠠᠭᠰᠠᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠤᠯᠠᠭᠠᠨᠬᠠᠳᠠ ᠬᠤᠲᠠ ᠶᠢᠨ | ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ ᠢᠳᠡᠪᠬᠢᠲᠡᠢ ᠬᠤᠪᠢ ᠨᠡᠮᠡᠷᠢ ᠦᠵᠡᠭᠦᠯᠪᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠦᠭᠰᠡᠨ ᠤ ᠳᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠬᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠶᠢᠰᠢ ᠤᠷᠤᠭᠰᠢᠯᠠᠬᠤ ᠠᠩᠬᠠᠳᠤᠭᠠᠷ ᠲᠠᠪᠤᠨ ᠵᠢᠯ ᠪᠣᠯᠤᠨ᠎ᠠ᠃ | ᠪᠥᠬᠦ ᠬᠤᠲᠠ ᠶᠢᠨ ᠢᠷᠡᠭᠡᠳᠦᠶ ᠶᠢᠨ ᠲᠠᠪᠤᠨ ᠵᠢᠯ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠰᠡᠳᠬᠢᠴᠡ᠂ ᠬᠥᠭᠵᠢᠯᠲᠡ ᠶᠢᠨ ᠪᠠᠶᠢᠷᠢᠰᠢᠭᠤᠯᠤᠯᠲᠠ᠂ | ᠬᠥᠭᠵᠢᠯᠲᠡ ᠶᠢᠨ ᠭᠤᠤᠯᠳᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠥᠲᠥᠯᠥᠨ | ᠵᠢᠯᠣᠭᠤᠳᠬᠤ ᠶᠢᠨ ᠲᠥᠯᠥᠭᠡ ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠪᠠ᠃ | | ᠬᠤᠶᠠᠷ᠂ ᠨᠠᠶᠢᠷᠠᠭᠤᠯᠤᠨ ᠵᠣᠬᠢᠶᠠᠭᠰᠠᠨ ᠵᠠᠷᠴᠢᠮ | ︽ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠬᠤ ᠳᠤ ᠮᠠᠨ ᠤ ᠬᠤᠲᠠ ᠶᠢᠨ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ | ᠵᠡᠷᠭᠡ ᠤᠯᠠᠮᠵᠢᠯᠠᠯᠲᠤ ᠳᠠᠪᠠᠭᠤᠯᠢᠭ ᠡᠬᠢ ᠪᠠᠶᠠᠯᠢᠭ ᠲᠤ ᠲᠦᠰᠢᠭᠯᠡᠨ᠂ ᠰᠠᠭᠤᠷᠢ ᠪᠠᠶᠢᠳᠠᠯ᠂ ᠵᠢᠯᠣᠭᠤᠳᠬᠤ ᠦᠵᠡᠯ ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠣᠷᠣᠨ | ᠵᠠᠶ ᠶᠢᠨ ᠪᠠᠶᠢᠷᠢᠰᠢᠭᠤᠯᠤᠯᠲᠠ ᠠᠴᠠ ᠡᠭᠦᠰᠴᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ᠂ ᠰᠢᠨ᠎ᠡ ᠬᠥᠳᠡᠯᠭᠡᠬᠦ ᠡᠨᠧᠷᠭᠢ ᠶᠢ ᠪᠤᠶᠢᠵᠢᠭᠤᠯᠬᠤ ᠪᠠᠷ | ᠤᠳᠤᠷᠢᠳᠤᠮᠵᠢ ᠪᠣᠯᠭᠠᠵᠤ᠂ ᠦᠵᠦᠭᠦᠷ ᠲᠥᠯᠥᠪᠯᠡᠭᠡ ᠶᠢ ᠴᠢᠩᠭᠠᠳᠬᠠᠨ᠂ ᠲᠣᠭᠠᠴᠢᠯᠠᠯᠲᠠ᠂ ᠠᠭᠤᠰᠤᠯᠴᠠᠯᠲᠠ᠂ ᠤᠶᠤᠨᠴᠢᠯᠠᠯᠲᠠ᠂ ᠲᠥᠷᠥᠯ ᠲᠡᠮᠳᠡᠭᠵᠢᠯᠲᠡ ᠵᠡᠷᠭᠡ | ᠬᠥᠭᠵᠢᠯᠲᠡ ᠶᠢᠨ ᠴᠢᠭᠯᠡᠯ ᠢ ᠳᠣᠪᠤᠶᠢᠯᠭᠠᠬᠤ ᠶᠢᠨ ᠬᠠᠮᠲᠤ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠬᠤ ᠲᠠᠯ᠎ᠠ ᠪᠠᠷ ᠪᠣᠳᠠᠲᠠᠶ ᠠᠷᠭ᠎ᠠ ᠬᠡᠮᠵᠢᠶ᠎ᠡ | ᠳᠤᠷᠠᠳᠴᠤ᠂ ᠪᠥᠬᠦ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢᠨ ᠵᠢᠷᠤᠭ ᠲᠥᠯᠥᠪᠯᠡᠭᠡ ᠶᠢ ᠲᠥᠯᠥᠪᠯᠡᠪᠡ᠃ ︽ᠲᠥᠯᠥᠪᠵᠢᠭᠦᠯᠭᠡ︾ ᠨᠢ ᠭᠤᠤᠯᠳᠠᠭᠤ ︽ᠤᠯᠠᠭᠠᠨᠬᠠᠳᠠ ᠬᠤᠲᠠ ᠶᠢᠨ ︿ᠠᠷᠪᠠᠨ ᠳᠥᠷᠪᠡᠳᠦᠭᠡᠷ | ᠲᠠᠪᠤᠨ ᠵᠢᠯ﹀ ᠤᠨ ᠤᠯᠤᠰ ᠠᠷᠠᠳ ᠤᠨ ᠠᠵᠤ ᠠᠬᠤᠶ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠪᠣᠯᠤᠨ ︽ᠥᠪᠡᠷᠲᠡᠭᠡᠨ ᠵᠠᠰᠠᠬᠤ ᠣᠷᠣᠨ ᠤ | ︿ᠠᠷᠪᠠᠨ ᠳᠥᠷᠪᠡᠳᠦᠭᠡᠷ ᠲᠠᠪᠤᠨ ᠵᠢᠯ﹀ ᠤᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ᠪᠠᠷ ᠶᠡᠷᠦᠩᠬᠡᠶᠢᠯᠡᠨ ᠵᠢᠯᠣᠭᠤᠳᠣᠭᠤᠯᠵᠤ᠂ | ᠬᠠᠮᠢᠶ᠎ᠠ ᠪᠥᠬᠦᠶ ᠰᠠᠯᠠᠭ᠎ᠠ ᠮᠥᠴᠢᠷ ᠤᠨ ᠲᠤᠰᠬᠠᠶ ᠲᠥᠯᠥᠪᠵᠢᠭᠦᠯᠭᠡ ᠲᠠᠢ ᠤᠶᠠᠯᠳᠤᠭᠤᠯᠪᠠ᠃ | | ᠭᠤᠷᠪᠠ᠂ ᠭᠤᠣᠯ ᠠᠭᠤᠯᠭ᠎ᠠ | ︽ᠲᠥᠯᠥᠪᠵᠢᠭᠦᠯᠭᠡ︾ ᠶᠢᠨ ᠭᠤᠣᠯ ᠠᠭᠤᠯᠭ᠎ᠠ ᠶᠢ ᠨᠡᠶᠢᠳᠡ ᠲᠦᠷᠪᠡᠨ ᠬᠡᠰᠡᠭ ᠲᠤ ᠬᠤᠪᠢᠶᠠᠨ᠎ᠠ᠃ | ᠨᠢᠭᠡᠳᠦᠭᠡᠷ ᠬᠡᠰᠡᠭ᠂ ᠬᠥᠭᠵᠢᠯᠲᠡ ᠶᠢᠨ ᠰᠠᠭᠤᠷᠢ᠂ ᠬᠥᠭᠵᠢᠯᠲᠡ ᠶᠢᠨ ᠣᠷᠴᠢᠨ ᠨᠥᠬᠦᠴᠡᠯ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠬᠤᠭᠤᠴᠠᠭᠠᠨ ᠳᠠᠬᠢ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠮᠵᠢᠯᠲᠠ ᠶᠢ ᠳ᠋ᠦᠩᠨᠡᠪᠡ᠃ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠬᠤᠭᠤᠴᠠᠭᠠᠨ ᠳᠤ ᠮᠠᠨ ᠤ ᠬᠤᠲᠠ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ︽ᠬᠤᠤᠰ ᠣᠷᠴᠢᠯ︾ ᠤᠨ ᠰᠢᠨ᠎ᠡ ᠬᠥᠭᠵᠢᠯᠲᠡ ᠶᠢᠨ ᠪᠠᠶᠢᠷᠢᠰᠢᠯ | ᠲᠦᠷᠭᠡᠨ ᠪᠦᠷᠢᠯᠳᠦᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠥᠷᠨᠢᠨ ᠬᠥᠭᠵᠢᠵᠦ᠂ ᠣᠷᠣᠨ ᠪᠦᠰᠡ ᠶᠢᠨ | ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠥᠬᠦ ᠲᠠᠯ᠎ᠠ ᠪᠠᠷ ᠠᠭᠢᠵᠤ᠂ ᠦᠢᠯᠡᠳᠬᠦ ᠦᠢᠯᠡᠰ ᠪᠠ ᠦᠢᠯᠡᠴᠢᠯᠡᠭᠡᠨ ᠤ ᠦᠢᠯᠡᠰ ᠭᠦᠨᠵᠡᠭᠡᠶ | ᠠᠭᠤᠰᠤᠯᠴᠠᠭᠰᠠᠨ ᠬᠥᠭᠵᠢᠯᠲᠡ ᠶᠢᠨ ᠠᠵᠠ ᠲᠣᠬᠢᠶᠠᠯ ᠢ ᠵᠢᠭᠠᠵᠤ ᠭᠠᠷᠭᠠᠪᠠ᠃ ᠡᠭᠦᠨ ᠤ ᠬᠠᠮᠲᠤ᠂ ᠤᠯᠤᠰ ᠤᠨ ᠳᠣᠲᠣᠭᠠᠳᠤ ᠶᠢᠨ ᠠᠵᠤ ᠠᠬᠤᠶ ᠶᠢᠨ | ᠪᠦᠲᠦᠴᠡ ᠳᠤ ᠭᠦᠨᠵᠡᠭᠡᠶ ᠲᠣᠬᠢᠷᠠᠭᠤᠯᠤᠯᠲᠠ ᠬᠢᠬᠦ᠂ ᠪᠡᠭᠡᠵᠢᠩ ᠲᠢᠶᠠᠨᠵᠢᠨ ᠾᠧᠪᠧᠢ ᠶᠢᠨ ᠰᠣᠷᠣᠭᠤᠯ ᠤᠨ ᠦᠵᠡᠭᠳᠡᠯ ᠲᠣᠪᠤᠶᠢᠮ᠎ᠠ ᠢᠯᠡᠷᠡᠬᠦ᠂ ᠣᠷᠣᠨ ᠪᠦᠰᠡ ᠶᠢᠨ | ᠬᠤᠭᠤᠷᠣᠨᠳᠣᠬᠢ ᠥᠷᠢᠰᠥᠯᠳᠦᠭᠡᠨ ᠰᠢᠷᠦᠭᠦᠰᠬᠦ ᠰᠣᠷᠢᠯᠲᠠ ᠳᠤ ᠲᠤᠯᠭᠠᠷᠠᠵᠤ ᠪᠠᠶᠢᠨ᠎ᠠ᠃ | ᠬᠤᠶᠠᠳᠤᠭᠠᠷ ᠬᠡᠰᠡᠭ᠂ ᠶᠡᠷᠦᠩᠬᠡᠢ ᠰᠡᠳᠬᠢᠴᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠮᠠᠨ ᠤ ᠬᠤᠲᠠ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠲᠣᠳᠤᠷᠬᠠᠶᠢᠯᠠᠪᠠ᠃ | ᠬᠥᠭᠵᠢᠯᠲᠡ ᠶᠢᠨ ᠭᠤᠣᠯ ᠬᠠᠷᠠᠯᠲᠠ ᠪᠣᠯ᠄ 2025 ᠣᠨ ᠪᠣᠯᠬᠤ ᠳᠤ᠂ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠢ 1200 ᠳ᠋ᠦᠩᠰᠢᠭᠤᠷ ᠣᠷᠴᠢᠮ | ᠬᠦᠷᠭᠡᠵᠦ᠂ ᠵᠢᠯ ᠪᠦᠷᠢ ᠳᠤᠮᠳᠠᠴᠢ ᠪᠠᠷ 6% ᠣᠷᠴᠢᠮ ᠨᠡᠮᠡᠭᠳᠡᠭᠦᠯᠵᠦ᠂ GDP ᠳᠤ ᠡᠵᠡᠯᠡᠬᠦ ᠬᠤᠪᠢ ᠶᠢᠨ ᠵᠢᠩ ᠢ 52% ᠠᠴᠠ ᠳᠡᠭᠡᠭᠰᠢ ᠳᠤ ᠬᠦᠷᠦᠭᠦᠯᠦᠨ᠎ᠡ︔ | ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 800 ᠳ᠋ᠦᠩᠰᠢᠭᠤᠷ ᠲᠥᠭᠦᠷᠢᠭ ᠣᠷᠴᠢᠮ ᠬᠦᠷᠭᠡᠵᠦ᠂ ᠵᠢᠯ ᠪᠦᠷᠢ | ᠳᠤᠮᠳᠠᠴᠢ ᠪᠠᠷ 7% ᠣᠷᠴᠢᠮ ᠨᠡᠮᠡᠭᠳᠡᠭᠦᠯᠦᠨ᠎ᠡ︔ ᠦᠢᠯᠡᠴᠢᠯᠡᠭᠡᠨ ᠤ ᠦᠢᠯᠡᠰ ᠤᠨ ᠠᠵᠢᠯ ᠡᠷᠭᠢᠯᠡᠭᠰᠡᠳ ᠤᠨ ᠲᠤᠭ᠎ᠠ ᠨᠢ ᠪᠥᠬᠦ ᠨᠡᠶᠢᠭᠡᠮ ᠤᠨ ᠠᠵᠢᠯ | ᠡᠷᠭᠢᠯᠡᠭᠰᠡᠳ ᠤᠨ ᠳᠣᠲᠣᠷ᠎ᠠ ᠡᠵᠡᠯᠡᠬᠦ ᠬᠤᠪᠢ ᠶᠢᠨ ᠵᠢᠩ ᠢ 3 ᠵᠠᠭᠤᠨ ᠤ ᠨᠢᠭᠡᠴᠢ ᠳᠡᠭᠡᠭᠰᠢᠯᠡᠭᠦᠯᠦᠨ᠎ᠡ︔ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠲᠠᠬᠢ | ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠨᠡᠮᠡᠭᠳᠡᠯ ᠥᠷᠲᠡᠭ ᠤᠨ ᠡᠵᠡᠯᠡᠬᠦ ᠬᠤᠪᠢ ᠶᠢᠨ ᠵᠢᠩ ᠢ 6 ᠵᠠᠭᠤᠨ ᠤ ᠨᠢᠭᠡᠴᠢ ᠳᠡᠭᠡᠭᠰᠢᠯᠡᠭᠦᠯᠦᠨ᠎ᠡ᠃ | ᠭᠤᠷᠪᠠᠳᠤᠭᠠᠷ ᠬᠡᠰᠡᠭ᠂ ᠬᠥᠭᠵᠢᠯᠲᠡ ᠶᠢᠨ ᠪᠠᠶᠢᠷᠢᠯᠠᠭᠤᠯᠤᠯᠲᠠ ᠪᠠ ᠭᠤᠣᠯᠳᠠᠯᠭ᠎ᠠ ᠲᠠᠢ ᠠᠷᠭ᠎ᠠ ᠬᠡᠮᠵᠢᠶ᠎ᠡ᠃ ᠲᠤᠬᠠᠶᠢᠯᠠᠪᠠᠯ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠯᠦᠭ ᠪᠣᠯᠤᠨ᠎ᠠ᠃ ᠲᠤᠰ ᠲᠤᠰ ᠣᠷᠣᠨ ᠵᠠᠢ ᠶᠢᠨ ᠪᠠᠶᠢᠷᠢᠰᠢᠯ᠂ ᠭᠤᠣᠯᠳᠠᠯᠭ᠎ᠠ ᠲᠠᠢ ᠠᠵᠢᠯ ᠲᠦᠷᠦᠯ ᠤᠨ ᠬᠥᠭᠵᠢᠯᠲᠡ ᠪᠠ ᠵᠢᠷᠭᠤᠭᠠᠨ ᠶᠡᠭᠡ | ᠭᠤᠣᠯᠳᠠᠯᠭ᠎ᠠ ᠲᠠᠢ ᠢᠨᠵᠧᠨᠧᠷᠢᠩ ᠤᠨ ᠲᠠᠯ᠎ᠠ ᠠᠴᠠ ᠲᠣᠳᠣᠷᠬᠠᠶᠢᠯᠠᠨ ᠦᠭᠦᠯᠡᠪᠡ᠃ ᠭᠤᠷᠪᠠᠳᠤᠭᠠᠷ ᠪᠦᠯᠦᠭ ᠲᠤ ︽ᠨᠢᠭᠡ ᠲᠥᠪ ᠨᠢᠭᠡ ᠴᠠᠭᠠᠷᠢᠭ ᠨᠢᠭᠡ ᠪᠦᠰᠡ︾ | ᠶᠢᠨ 345 ᠣᠷᠣᠨ ᠵᠠᠢ ᠶᠢᠨ ᠪᠠᠶᠢᠷᠢᠰᠢᠯ ᠢ ᠪᠠᠶᠢᠭᠤᠯᠤᠨ᠎ᠠ ᠭᠡᠵᠦ ᠳᠤᠷᠠᠳᠪᠠ᠃ ᠤᠯᠠᠭᠠᠨᠬᠠᠳᠠ ᠬᠤᠲᠠ ᠶᠢᠨ ᠭᠤᠣᠯ ᠬᠤᠲᠠ ᠲᠣᠭᠤᠷᠢᠭ ︵ᠬᠤᠩᠱᠠᠨ ᠲᠣᠭᠤᠷᠢᠭ | ᠂ ᠰᠦᠩᠱᠠᠨ ᠲᠣᠭᠤᠷᠢᠭ᠂ ᠶᠤᠸᠠᠨ ᠪᠦᠦ ᠱᠠᠨ ᠲᠣᠭᠤᠷᠢᠭ ᠪᠠ ᠬᠠᠷᠠᠴᠢᠨ ᠬᠤᠰᠢᠭᠤᠨ ᠤ ᠾᠧ ᠮᠧᠢ ᠬᠦᠷᠢᠶᠡᠯᠡᠩ ᠲᠣᠭᠤᠷᠢᠭ︶ ᠢᠶᠠᠷ ᠣᠳᠣ ᠦᠶ᠎ᠡ ᠶᠢᠨ | ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠣᠯ ᠲᠣᠭᠤᠷᠢᠭ ᠪᠣᠯᠭᠠᠭᠰᠠᠨ᠂ ᠭᠤᠣᠯ ᠬᠤᠲᠠ ᠲᠣᠭᠤᠷᠢᠭ ᠢ ᠲᠣᠭᠤᠷᠢᠭᠰᠠᠨ 4 ᠬᠤᠰᠢᠭᠤ ᠰᠢᠶᠠᠨ ︵ | ᠬᠠᠷᠠᠴᠢᠨ ᠬᠤᠰᠢᠭᠤ᠂ ᠨᠢᠩᠴᠧᠩ ᠰᠢᠶᠠᠨ᠂ ᠠᠤᠬᠠᠨ ᠬᠤᠰᠢᠭᠤ᠂ ᠣᠩᠨᠢᠭᠤᠳ ᠬᠤᠰᠢᠭᠤ︶ ᠢᠶᠠᠷ ᠬᠠᠮᠵᠢᠯᠴᠠᠨ ᠬᠥᠭᠵᠢᠬᠦ ᠴᠠᠭᠠᠷᠢᠭ ᠪᠣᠯᠭᠠᠭᠰᠠᠨ᠂ ᠤᠮᠠᠷᠠᠲᠤ | ᠬᠡᠰᠡᠭ ᠤᠨ 5 ᠬᠤᠰᠢᠭᠤ ᠰᠢᠶᠠᠨ ︵ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠯᠢᠨᠰᠢ ᠰᠢᠶᠠᠨ᠂ ᠬᠡᠰᠢᠭᠲᠡᠨ | ᠬᠤᠰᠢᠭᠤ︶ ᠢᠶᠠᠷ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠬᠦ ᠪᠦᠰᠡ ᠪᠣᠯᠭᠠᠭᠰᠠᠨ ︽ᠨᠢᠭᠡ ᠲᠥᠪ ᠨᠢᠭᠡ ᠴᠠᠭᠠᠷᠢᠭ ᠨᠢᠭᠡ ᠪᠦᠰᠡ︾ ᠶᠢᠨ | ᠦᠢᠯᠡᠴᠢᠯᠡᠭᠡᠨ ᠤ ᠦᠢᠯᠡᠰ ᠤᠨ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ ᠳᠥᠷᠪᠡᠳᠦᠭᠡᠷ ᠪᠦᠯᠦᠭ ᠲᠤ ᠦᠢᠯᠡᠴᠢᠯᠡᠭᠡᠨ ᠤ ᠦᠢᠯᠡᠰ ᠤᠨ | ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ ᠭᠡᠵᠦ ᠳᠤᠷᠠᠳᠪᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ | ᠤᠯᠠᠭᠠᠨᠬᠠᠳᠠ ᠬᠤᠲᠠ ᠶᠢᠨ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠲᠥᠪ ᠬᠤᠲᠠ᠂ ᠤᠯᠤᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ | ᠠᠪᠬᠤ ᠬᠠᠮᠲᠤᠷᠠᠯᠴᠠᠭᠠᠨ ᠤ ᠵᠢᠱᠢᠶ᠎ᠡ ᠦᠵᠡᠭᠦᠯᠬᠦ ᠣᠷᠣᠨ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠮᠠᠶ᠋ᠢᠭ ᠤᠨ ᠤᠯᠤᠰ ᠤᠨ ᠪᠠᠷᠠᠭ᠎ᠠ ᠶᠢᠨ ᠭᠦᠢᠯᠭᠡᠭᠡᠨ ᠤ | ᠬᠦᠢᠰᠦ ᠬᠤᠲᠠ᠂ ᠤᠯᠤᠰ ᠤᠨ ᠣᠨᠴᠠᠯᠢᠭᠲᠤ ᠰᠣᠶᠣᠯ ᠵᠢᠭᠤᠯᠴᠢᠯᠠᠯ ᠪᠠ ᠠᠮᠢ ᠠᠬᠤᠶ ᠶᠢᠨ ᠰᠡᠯᠡᠭᠦᠴᠡᠯ ᠠᠮᠠᠷᠠᠯᠲᠠ ᠶᠢᠨ ᠰᠠᠭᠤᠷᠢᠨ ᠭᠠᠵᠠᠷ᠂ ᠳᠤᠮᠳᠠᠳᠤ | ᠤᠯᠤᠰ ᠤᠨ ᠤᠮᠠᠷᠠᠲᠤ ᠶᠢᠨ ᠴᠢᠬᠤᠯᠠ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠤᠨ | ᠲᠠᠪᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠬᠦᠴᠦᠯᠡᠨ ᠪᠦᠲᠦᠭᠡᠨ ᠪᠠᠶᠢᠭᠤᠯᠵᠤ᠂ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠪᠠ | ᠠᠮᠢᠳᠤᠷᠠᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠰᠢᠯᠢᠳᠡᠭᠵᠢᠭᠦᠯᠦᠨ ᠪᠠᠶᠢᠷᠢᠰᠢᠭᠤᠯᠵᠤ᠂ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠦᠢᠯᠡᠴᠢᠯᠡᠭᠡ᠂ | ᠠᠷᠠᠯᠵᠢᠶ᠎ᠠ ᠬᠤᠳᠠᠯᠳᠤᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠮᠥᠩᠭᠦᠨ ᠭᠦᠢᠯᠭᠡᠭᠡ ᠬᠤᠳᠠᠯᠳᠤᠭᠠᠨ ᠤ ᠶᠠᠪᠤᠳᠠᠯ᠂ ᠠᠷᠠᠳ ᠤᠨ ᠠᠮᠢᠳᠤᠷᠠᠯ ᠤᠨ ᠦᠢᠯᠡᠴᠢᠯᠡᠭᠡ | ᠵᠡᠷᠭᠡ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠤᠤᠯᠳᠠᠯᠭ᠎ᠠ ᠲᠠᠢ ᠬᠦᠷᠢᠶ᠎ᠡ ᠶᠢ ᠲᠣᠪᠤᠶᠢᠮ᠎ᠠ ᠬᠥᠭᠵᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠪᠠ | ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠴᠢᠨᠠᠷ ᠰᠠᠶᠢᠲᠠᠶ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠰᠢᠰᠲ᠋ᠧᠮ ᠢ ᠪᠠᠶᠢᠭᠤᠯᠤᠨ᠎ᠠ | ᠃ ᠲᠠᠪᠤᠳᠤᠭᠠᠷ ᠪᠦᠯᠦᠭ ᠲᠤ ᠵᠢᠷᠭᠤᠭᠠᠨ ᠶᠡᠭᠡ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠬᠦ ᠪᠠᠷ ᠳᠤᠷᠠᠳᠪᠠ᠃ ᠤᠯᠠᠭᠠᠨᠬᠠᠳᠠ ᠬᠤᠲᠠ ᠶᠢᠨ ᠣᠲᠣ | ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠲᠣᠭᠠᠴᠢᠯᠠᠭᠰᠠᠨ ᠴᠢᠳᠠᠪᠤᠷᠢ ᠣᠯᠭᠤᠬᠤ᠂ ᠶᠠᠰᠤ ᠴᠢᠨᠠᠷ | ᠦᠷ᠎ᠡ ᠠᠰᠢᠭ ᠢ ᠳᠡᠭᠡᠭᠰᠢᠯᠡᠭᠦᠯᠬᠦ᠂ ᠠᠭᠤᠰᠤᠯᠴᠠᠨ ᠬᠥᠭᠵᠢᠬᠦ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ᠂ ᠨᠡᠭᠡᠭᠡᠯᠲᠡ ᠬᠢᠵᠦ ᠬᠠᠮᠵᠢᠯᠴᠠᠬᠤ᠂ ᠴᠢᠬᠤᠯᠠ | ᠡᠯᠧᠮᠧᠨ᠋ᠲ ᠢᠶᠠᠷ ᠲᠤᠯᠭᠠᠭᠤᠷᠢᠯᠠᠬᠤ ᠵᠡᠷᠭᠡ ᠵᠢᠷᠭᠤᠭᠠᠨ ᠶᠡᠭᠡ ᠭᠤᠤᠯᠳᠠᠯᠭ᠎ᠠ ᠲᠠᠢ ᠡᠭᠦᠷᠭᠡ ᠶᠢ ᠬᠦᠴᠦ ᠪᠠᠨ ᠲᠥᠪᠯᠡᠷᠡᠭᠦᠯᠦᠨ ᠬᠡᠷᠡᠭᠵᠢᠭᠦᠯᠵᠦ᠂ ᠦᠢᠯᠡᠴᠢᠯᠡᠭᠡᠨ ᠤ | ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ | ᠳᠥᠷᠪᠡᠳᠦᠭᠡᠷ ᠬᠡᠰᠡᠭ᠂ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠳᠥᠷᠪᠡᠳᠦᠭᠡᠷ ᠬᠡᠰᠡᠭ ᠨᠢ ᠳᠠᠷᠤᠶ ᠵᠢᠷᠭᠤᠳᠤᠭᠠᠷ ᠪᠦᠯᠦᠭ ᠪᠣᠯᠤᠨ᠎ᠠ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠪᠦᠷᠢᠨᠰᠢᠭᠦᠯᠬᠦ᠂ ᠡᠵᠡᠩᠨᠡᠯᠲᠡ ᠠᠷᠠᠯᠵᠢᠶᠠᠨ ᠤ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠲᠡᠭᠦᠯᠳᠡᠷᠵᠢᠭᠦᠯᠬᠦ᠂ ᠲᠥᠷᠥᠯ ᠵᠦᠢᠯ ᠢ ᠣᠷᠣᠭᠤᠯᠤᠨ ᠠᠪᠴᠢᠷᠠᠵᠤ ᠪᠥᠲᠥᠭᠡᠨ | ᠪᠠᠶᠢᠭᠤᠯᠬᠤ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ᠳᠤᠮᠳᠠᠬᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠨ᠎ᠠ ᠭᠡᠵᠦ ᠳᠤᠷᠠᠳᠪᠠ᠃ | | ᠳᠥᠷᠪᠡ᠂ ᠬᠡᠷᠡᠭᠵᠢᠭᠦᠯᠬᠦ ᠠᠴᠢ ᠬᠤᠯᠪᠣᠭᠳᠠᠯ | ︽ᠲᠥᠯᠥᠪᠵᠢᠭᠦᠯᠭᠡ︾ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠤᠯᠠᠭᠠᠨᠬᠠᠳᠠ ᠬᠤᠲᠠ ᠶᠢᠨ ᠦᠢᠯᠡᠴᠢᠯᠡᠭᠡᠨ ᠤ ᠦᠢᠯᠡᠰ ᠤᠨ | ᠬᠥᠭᠵᠢᠯᠲᠡ ᠶᠢᠨ ᠦᠨᠳᠦᠰᠦᠨ ᠣᠶᠢᠯᠠᠭᠠᠭᠳᠠᠬᠤᠨ ᠪᠠ ᠲᠡᠮᠡᠴᠡᠬᠦ ᠬᠠᠷᠠᠯᠲᠠ ᠶᠢ ᠳᠤᠷᠠᠳᠴᠤ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠤᠯ ᠡᠭᠦᠷᠭᠡ | ᠪᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠲᠣᠳᠤᠷᠬᠠᠶᠢᠯᠠᠨ᠂ ᠪᠥᠬᠦ ᠬᠤᠲᠠ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ | ᠨᠡᠮᠡᠭᠳᠡᠭᠦᠯᠬᠦ ᠶᠢ ᠲᠦᠷᠭᠡᠳᠬᠡᠨ ᠠᠬᠢᠭᠤᠯᠬᠤ᠂ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠬᠢ ᠶᠢᠨ ᠲᠦᠪᠰᠢᠨ ᠢ ᠳᠡᠭᠡᠭᠰᠢᠯᠡᠭᠦᠯᠬᠦ ᠳᠤ ᠴᠢᠬᠤᠯᠠ | ᠦᠨᠳᠦᠰᠦᠯᠡᠯ ᠪᠠ ᠠᠵᠢᠯᠯᠠᠭᠠᠨ ᠤ ᠵᠦᠭᠯᠡᠭᠦᠷ ᠬᠠᠩᠭᠠᠵᠤ᠂ ᠤᠯᠠᠭᠠᠨᠬᠠᠳᠠ ᠬᠤᠲᠠ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠪᠡᠶᠡᠯᠡᠭᠦᠯᠬᠦ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠲᠠᠯ᠎ᠠ ᠪᠠᠷ ᠴᠢᠬᠤᠯᠠ | ᠦᠢᠯᠡᠳᠦᠯ ᠦᠵᠡᠭᠦᠯᠦᠨ᠎ᠡ᠃ |