ᠬᠤᠪᠢ ᠬᠦᠮᠦᠨ ᠤ ᠬᠡᠷᠡᠭ ᠡᠷᠬᠢᠯᠡᠬᠦ᠄ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠬᠡᠷᠡᠭ ᠢ ᠬᠢᠨᠠᠨ ᠵᠥᠪᠰᠢᠶᠡᠷᠡᠬᠦ
ᠨᠡᠶᠢᠲᠡᠯᠡᠭᠰᠡᠨ ᠴᠠᠭ᠄
2023/2/17
ᠦᠨᠳᠦᠰᠦᠨ ᠮᠡᠳᠡᠭᠡ ᠵᠠᠩᠭᠢ
行政法律援助案件审批.jpg
ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ᠄       ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠬᠥᠮᠦᠰᠲᠣᠭᠳᠠᠭᠠᠭᠰᠠᠨ ᠦᠨᠳᠦᠰᠦᠯᠡᠯ᠄      ︽ᠬᠠᠤᠯᠢ ᠴᠠᠭᠠᠵᠠ ᠶᠢᠨ ᠲᠤᠰᠠᠯᠠᠮᠵᠢ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 385 ᠳ᠋ᠤᠭᠠᠷ ᠲᠣᠭᠠᠲᠤ︶      ᠠᠷᠪᠠᠨ ᠨᠠᠢᠮᠠᠳᠤᠭᠠᠷ ᠵᠣᠷᠪᠤᠰ᠄ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠣᠯᠣᠭᠰᠠᠨ ᠤ ᠲᠠᠷᠠᠭ᠎ᠠ ᠬᠢᠨᠠᠨ ᠪᠠᠶᠢᠴᠠᠭᠠᠬᠤ ᠬᠡᠷᠡᠭᠲᠡᠢ᠃ ᠭᠤᠶᠤᠴᠢᠯᠠᠭᠴᠢ ᠶᠢᠨ ᠳᠡᠪᠰᠢᠭᠦᠯᠦᠭᠰᠡᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠢ ᠪᠦᠷᠢᠨ ᠭᠦᠢᠴᠡᠳ ᠪᠢᠰᠢ ᠭᠡᠵᠦ ᠦᠵᠡᠪᠡᠯ᠂ ᠴᠢᠬᠤᠯᠠ ᠪᠦᠬᠦᠢ ᠨᠥᠬᠦᠪᠦᠷᠢ ᠪᠤᠶᠤ ᠲᠣᠳᠣᠷᠬᠠᠶᠢᠯᠠᠯᠲᠠ ᠬᠢᠯᠭᠡᠬᠦ ᠪᠠᠷ ᠭᠤᠶᠤᠴᠢᠯᠠᠭᠴᠢ ᠳᠤ ᠱᠠᠭᠠᠷᠳᠠᠵᠤ ᠪᠣᠯᠣᠨ᠎ᠠ᠂ ᠭᠤᠶᠤᠴᠢᠯᠠᠭᠴᠢ ᠱᠠᠭᠠᠷᠳᠠᠯᠭ᠎ᠠ ᠶᠣᠰᠣᠭᠠᠷ ᠨᠥᠬᠦᠪᠦᠷᠢ ᠪᠤᠶᠤ ᠲᠣᠳᠣᠷᠬᠠᠶᠢᠯᠠᠯᠲᠠ ᠬᠢᠭᠰᠡᠨ ᠦᠭᠡᠢ ᠪᠠᠶᠢᠪᠠᠯ᠂ ᠭᠤᠶᠤᠴᠢᠯᠠᠯ ᠢᠶᠠᠨ ᠬᠦᠴᠦᠨ ᠦᠭᠡᠢ ᠪᠣᠯᠭᠠᠭᠰᠠᠨ ᠢᠶᠠᠷ ᠪᠤᠳᠤᠨ᠎ᠠ᠃ ᠭᠤᠶᠤᠴᠢᠯᠠᠭᠴᠢ ᠶᠢᠨ ᠲᠤᠰᠢᠶᠠᠭᠰᠠᠨ ᠦᠨᠡᠮᠯᠡᠯ᠂ ᠭᠡᠷᠡᠴᠢᠯᠡᠬᠦ ᠮᠠᠲ᠋ᠧᠷᠢᠶᠠᠯ ᠢ ᠪᠠᠶᠢᠴᠠᠭᠠᠨ ᠲᠣᠳᠣᠯᠠᠬᠤ ᠴᠢᠬᠤᠯᠠᠲᠠᠢ ᠭᠡᠵᠦ ᠦᠵᠡᠪᠡᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠤᠯᠪᠣᠭᠳᠠᠯ ᠪᠦᠬᠦᠢ ᠪᠠᠶᠢᠭᠤᠯᠭ᠎ᠠ᠂ ᠨᠢᠭᠡᠴᠡ ᠳᠤ ᠪᠠᠶᠢᠴᠠᠭᠠᠨ ᠲᠣᠳᠣᠯᠠᠨ᠎ᠠ᠃      ᠬᠠᠤᠯᠢ ᠴᠠᠭᠠᠵᠠ ᠶᠢᠨ ᠲᠤᠰᠠᠯᠠᠮᠵᠢ ᠦᠵᠡᠭᠦᠯᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠠᠴᠠ ᠬᠠᠤᠯᠢ ᠴᠠᠭᠠᠵᠠ ᠶᠢᠨ ᠲᠤᠰᠠᠯᠠᠮᠵᠢ ᠬᠠᠩᠭᠠᠬᠤ ᠪᠠᠷ ᠴᠠᠭ ᠲᠤᠬᠠᠢ ᠳᠤᠨᠢ ᠲᠣᠭᠲᠠᠭᠠᠵᠤ᠂ ᠬᠠᠤᠯᠢ ᠴᠠᠭᠠᠵᠠ ᠶᠢᠨ ᠲᠤᠰᠠᠯᠠᠮᠵᠢ ᠶᠢᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠭᠤᠶᠤᠴᠢᠯᠠᠭᠴᠢ ᠳᠤ ᠤᠴᠢᠷ ᠰᠢᠯᠲᠠᠭᠠᠨ ᠢᠶᠠᠨ ᠪᠢᠴᠢᠭ ᠢᠶᠠᠷ ᠮᠡᠳᠡᠭᠳᠡᠬᠦ ᠬᠡᠷᠡᠭᠲᠡᠢ᠃ᠰᠦᠢᠳᠬᠡᠯ ᠬᠤᠷᠢᠶᠠᠬᠤ ᠪᠠᠷᠢᠮᠵᠢᠶ᠎ᠠ ᠪᠣᠯᠤᠨ ᠦᠨᠳᠦᠰᠦᠯᠡᠯ᠄      ᠰᠦᠢᠳᠬᠡᠯ ᠬᠤᠷᠢᠶᠠᠬᠤ ᠪᠠᠷᠢᠮᠵᠢᠶ᠎ᠠ ᠪᠠ ᠦᠨᠳᠦᠰᠦᠯᠡᠯ ᠲᠦᠷ ᠪᠠᠶᠢᠬᠤ ᠦᠭᠡᠢ᠃ᠭᠦᠢᠴᠡᠳᠭᠡᠬᠦ ᠭᠠᠵᠠᠷ᠄       ᠰᠢᠨ᠎ᠡ ᠬᠤᠲᠠ ᠲᠣᠭᠤᠷᠢᠭ ᠤᠨ ᠯᠢᠨ ᠬᠤᠸᠠᠩ ᠶᠡᠭᠡ ᠵᠡᠭᠡᠯᠢ ᠶᠢᠨ 25 ᠳ᠋ᠤᠭᠠᠷ ᠨᠣᠮᠧᠷ᠂ ᠵᠢᠦ ᠲᠢᠶᠠᠨ ᠵᠢᠶᠠᠨ ᠬᠤᠸᠠ ᠪᠦᠯᠦᠭᠯᠡᠯ ᠤᠨ ᠳᠡᠳ᠋ ᠠᠰᠠᠷ ᠤᠨ ᠪᠠᠷᠠᠭᠤᠨ ᠠᠰᠠᠷ᠂ ᠤᠯᠠᠭᠠᠨᠬᠠᠳᠠ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠨᠢᠭᠡᠳᠦᠭᠡᠷ ᠳᠠᠪᠬᠤᠷᠯᠢᠭ ᠤᠨ ᠮᠥᠩᠬᠡ ᠰᠤᠪᠠᠭ ᠶᠡᠷᠥᠩᠬᠡᠢ ᠬᠦᠯᠢᠶᠡᠨ ᠠᠪᠬᠤ ᠴᠣᠩᠬᠤᠷᠤᠭ ᠤᠨ 1204᠂1206᠂1208᠂1210᠂1212᠂1213 ᠳ᠋ᠤᠭᠠᠷ ᠴᠣᠩᠬᠤᠷᠤᠭᠭᠦᠢᠴᠡᠳᠭᠡᠬᠦ ᠴᠠᠭ᠄       ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 2᠄ 30 — 5᠄ 30 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠪᠠ ᠠᠮᠠᠷᠠᠯᠲᠠ ᠶᠢᠨ ᠡᠳᠦᠷ ᠠᠴᠠ ᠭᠠᠳᠠᠨ᠎ᠠ︶ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ᠄       37 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠢ ᠳᠤ ᠪᠠᠭᠤᠭᠠᠳ 621 ᠮᠧᠲᠷ ᠠᠯᠬᠤᠨ᠎ᠠ᠃ 66 ᠳ᠋ᠤᠭᠠᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ K99 ᠳ᠋ᠦ᠋ᠭᠡᠷ ᠵᠠᠮ ᠤᠨ ᠲᠡᠷᠭᠡᠨ ᠳᠤ ᠰᠠᠭᠤᠵᠤ ᠮᠦᠽᠧᠶ ᠳᠤ ᠪᠠᠭᠤᠭᠠᠳ 621 ᠮᠧᠲᠷ ᠠᠯᠬᠤᠨ᠎ᠠ︔ 35 ᠳ᠋ᠤᠭᠠᠷ ᠵᠠᠮ ᠤᠨ ᠲᠡᠷᠭᠡᠨ ᠳᠤ ᠰᠠᠭᠤᠵᠤ ᠹᠦ᠋ ᠰᠢᠩ ᠳ᠋ᠦᠩ ᠹᠠᠩ ᠪᠠᠭᠤᠳᠠᠯ ᠳᠤ ᠪᠠᠭᠤᠭᠠᠳ 947 ᠮᠧᠲᠷ ᠠᠯᠬᠤᠨ᠎ᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ