| ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ︵ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 740 ᠳ᠋ᠦ᠋ᠭᠡᠷ ᠲᠣᠭᠠᠲᠤ︶ ᠢ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ | ᠵᠢᠷᠤᠮᠵᠢᠭᠤᠯᠤᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠠᠴᠠ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ ︵ᠲᠤᠷᠰᠢᠨ | ᠬᠡᠷᠡᠭᠵᠢᠭᠦᠯᠬᠦ︶︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ | ᠳᠣᠣᠷᠠᠬᠢ ᠮᠡᠲᠦ ᠲᠠᠶᠢᠯᠪᠤᠷᠢᠯᠠᠪᠠ᠃ | | ᠨᠢᠭᠡ᠂ ︽ᠠᠷᠭ᠎ᠠ︾ ᠶᠢ ᠲᠣᠭᠲᠠᠭᠠᠭᠰᠠᠨ ᠠᠬᠤᠢ ᠪᠠᠶᠢᠳᠠᠯ ᠨᠢ ᠶᠠᠭᠤ ᠪᠤᠢ︖ | 2021 ᠣᠨ ᠤ 4 ᠳ᠋ᠦ᠋ᠭᠡᠷ ᠰᠠᠷ᠎ᠠ ᠳᠤ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠮᠤ ᠪᠤᠳᠠᠭᠠᠨ ᠤ | ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠢ ᠨᠡᠶᠢᠲᠡᠯᠡᠨ ᠬᠡᠷᠡᠭᠵᠢᠭᠦᠯᠵᠦ᠂ ︽ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ | ᠵᠠᠰᠠᠭ ᠤᠨ ᠣᠷᠳᠣᠨ ᠤ ᠠᠮᠤ ᠪᠤᠳᠠᠭ᠎ᠠ ᠪᠠ ᠨᠥᠭᠡᠴᠡᠯᠡᠯᠲᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠮᠤ ᠪᠤᠳᠠᠭ᠎ᠠ ᠬᠤᠳᠠᠯᠳᠤᠨ | ᠠᠪᠬᠤ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠢ᠂ ᠪᠣᠳᠠᠲᠠᠢ | ᠬᠠᠮᠢᠶᠠᠷᠤᠯᠲᠠ ᠶᠢᠨ ᠠᠷᠭ᠎ᠠ ᠶᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠲᠣᠭᠲᠠᠭᠠᠨ᠎ᠠ︾ | ᠭᠡᠵᠦ ᠳᠤᠷᠠᠳᠤᠨ ᠭᠠᠷᠭᠠᠪᠠ᠃ ︽ᠠᠷᠭ᠎ᠠ︾ ᠨᠢ ᠮᠠᠨ ᠤ ᠣᠷᠣᠨ ᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠥᠷᠥ ᠶᠢᠨ | ᠵᠣᠭᠰᠣᠴᠠ ᠳᠤ ᠰᠠᠭᠤᠷᠢᠯᠠᠵᠤ᠂ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠲᠤᠭᠤᠰᠢᠯᠠᠭᠤᠯᠤᠨ | ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ | ᠪᠣᠳᠠᠲᠠᠶᠢᠵᠢᠭᠤᠯᠵᠤ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠠᠮᠤ ᠪᠤᠳᠠᠭ᠎ᠠ | ᠦᠢᠯᠡᠳᠪᠦᠷᠢᠯᠡᠭᠴᠢᠳ᠂ ᠬᠤᠳᠠᠯᠳᠤᠨ ᠠᠪᠤᠭᠴᠢᠳ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠳᠦᠷᠢᠮ ᠤᠨ ᠪᠠᠲᠤᠯᠠᠭ᠎ᠠ ᠬᠠᠩᠭᠠᠵᠤ | ᠂ ᠮᠠᠨ ᠤ ᠣᠷᠣᠨ ᠤ ᠠᠮᠤ ᠪᠤᠳᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠤᠨ ᠡᠮᠬᠢ ᠵᠢᠷᠤᠮ ᠲᠠᠢ ᠡᠷᠡᠭᠦᠯ ᠢᠶᠠᠷ ᠬᠥᠭᠵᠢᠬᠦ ᠶᠢ ᠦᠨᠡᠨ ᠬᠦ ᠪᠠᠲᠤᠯᠠᠨ᠎ᠠ᠃ | | ᠬᠤᠶᠠᠷ᠂ ︽ᠠᠷᠭ᠎ᠠ︾ ᠶᠢ ᠲᠣᠭᠲᠠᠭᠠᠭᠰᠠᠨ ᠦᠨᠳᠦᠰᠦᠯᠡᠯ ᠨᠢ ᠶᠠᠭᠤ ᠪᠤᠢ︖ | ︵ᠨᠢᠭᠡ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ︵ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠢᠭ 740 ᠳ᠋ᠦ᠋ᠭᠡᠷ ᠲᠣᠭᠠᠲᠤ︶ | | ︵ᠬᠤᠶᠠᠷ︶ ︽ᠠᠮᠤ ᠪᠤᠳᠠᠭᠠᠨ ᠤ ᠭᠦᠢᠯᠭᠡᠭᠡᠨ ᠤ ᠬᠠᠮᠢᠶᠠᠷᠤᠯᠲᠠ ᠶᠢᠨ ᠳᠦᠷᠢᠮ︾ ᠤᠨ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠤᠨ ᠵᠥᠪᠰᠢᠶᠡᠷᠡᠯ ᠢ | ᠬᠦᠴᠦᠨ ᠦᠭᠡᠢ ᠪᠣᠯᠭᠠᠬᠤ ᠬᠤᠯᠪᠣᠭᠳᠠᠯ ᠪᠦᠬᠦᠢ ᠵᠦᠢᠯᠡᠰ ᠢ ᠬᠢᠨᠠᠮᠠᠭᠠᠢ ᠨᠠᠶᠢᠳᠠᠪᠤᠷᠢᠵᠢᠭᠤᠯᠬᠤ ᠲᠤᠬᠠᠢ ᠤᠯᠤᠰ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ | ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ ︵ᠲᠦᠷᠦ ᠠᠮᠤ ᠪᠤᠳᠠᠭ᠎ᠠ ᠠᠯᠪᠠᠨ ᠠᠮᠤ 〔2021〕 100 ᠳ᠋ᠤᠭᠠᠷ ᠲᠣᠭᠠᠲᠤ︶ ᠢᠶᠠᠷ ᠦᠨᠳᠦᠰᠦᠯᠡᠯ ᠪᠣᠯᠭᠠᠨ᠎ᠠ᠃ | | ᠭᠤᠷᠪᠠ᠂ ︽ᠠᠷᠭ᠎ᠠ︾ ᠶᠢᠨ ᠭᠤᠣᠯ ᠠᠭᠤᠯᠭ᠎ᠠ ᠨᠢ ᠶᠠᠭᠤ ᠪᠤᠢ︖ | ︽ᠠᠷᠭ᠎ᠠ︾ ᠳᠤ ᠲᠤᠯᠤᠭᠠᠨ ᠪᠦᠯᠦᠭ ᠳᠥᠴᠢᠨ ᠲᠠᠪᠤᠨ ᠵᠦᠢᠯ ᠪᠠᠭᠲᠠᠨ᠎ᠠ᠃ ᠨᠢᠭᠡᠳᠦᠭᠡᠷ ᠪᠦᠯᠦᠭ ᠨᠢ ᠶᠡᠷᠦᠩᠬᠡᠢ ᠳᠦᠷᠢᠮ᠂ ᠨᠡᠶᠢᠲᠡ 6 ᠵᠦᠢᠯ ᠪᠠᠶᠢᠵᠤ᠂ | ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠭᠤᠣᠯ ᠴᠣᠭᠴᠠ᠂ ᠵᠢᠷᠤᠮᠯᠠᠬᠤ ᠵᠠᠷᠴᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠡᠭᠦᠷᠭᠡ | ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠢ ᠲᠣᠭᠲᠠᠭᠠᠵᠠᠢ᠃ ᠬᠤᠶᠠᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠢ | ᠪᠦᠷᠢᠳᠬᠡᠨ ᠳᠠᠩᠰᠠᠯᠠᠭᠤᠯᠬᠤ᠂ ᠨᠡᠶᠢᠳᠡ 11 ᠵᠦᠢᠯ ᠪᠠᠶᠢᠵᠤ᠂ ᠬᠤᠳᠠᠯᠳᠤᠨ ᠠᠪᠬᠤ ᠠᠵᠤ ᠠᠬᠤᠶᠢᠯᠠᠯ ᠤᠨ ᠳᠠᠩᠰᠠᠯᠠᠭᠤᠯᠬᠤ ᠠᠷᠭ᠎ᠠ ᠮᠠᠶ᠋ᠢᠭ᠂ ᠳᠠᠩᠰᠠᠯᠠᠭᠤᠯᠬᠤ | ᠮᠠᠲ᠋ᠧᠷᠢᠶᠠᠯ᠂ ᠳᠠᠩᠰᠠᠯᠠᠭᠤᠯᠬᠤ ᠶᠠᠪᠤᠴᠠ ᠵᠢᠴᠢ ᠳᠠᠩᠰᠠᠯᠠᠬᠤ ᠪᠠᠶᠢᠭᠤᠯᠭ᠎ᠠ ᠶᠢᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠪᠠ᠃ ᠭᠤᠷᠪᠠᠳᠤᠭᠠᠷ ᠪᠦᠯᠦᠭ ᠨᠢ ᠠᠮᠤ | ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢᠨ ᠵᠢᠷᠤᠮᠵᠢᠯ᠂ ᠨᠡᠶᠢᠳᠡ 9 ᠵᠦᠢᠯ ᠪᠠᠶᠢᠵᠤ᠂ ᠬᠤᠳᠠᠯᠳᠤᠨ ᠠᠪᠤᠭᠴᠢ ᠶᠢᠨ ᠪᠦᠷᠢᠯᠳᠦᠭᠦᠯᠪᠡᠰᠦ ᠵᠣᠬᠢᠬᠤ ᠨᠥᠬᠦᠴᠡᠯ | ᠵᠢᠴᠢ ᠬᠤᠯᠪᠣᠭᠳᠠᠯ ᠪᠦᠬᠦᠢ ᠠᠵᠢᠯᠯᠠᠭ᠎ᠠ ᠶᠢᠨ ᠵᠢᠷᠤᠮᠵᠢᠯ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃ ᠳᠥᠷᠪᠡᠳᠦᠭᠡᠷ ᠪᠦᠯᠦᠭ ᠨᠢ ᠠᠮᠤ ᠪᠤᠳᠠᠭ᠎ᠠ ᠬᠤᠳᠠᠯᠳᠤᠨ | ᠠᠪᠬᠤ ᠶᠠᠰᠤ ᠴᠢᠨᠠᠷ ᠤᠨ ᠬᠠᠮᠢᠶᠠᠷᠤᠯᠲᠠ᠂ ᠨᠡᠶᠢᠳᠠ 5 ᠵᠦᠢᠯ ᠪᠠᠶᠢᠵᠤ᠂ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ᠂ ᠰᠢᠯᠭᠠᠨ ᠪᠠᠶᠢᠴᠠᠭᠠᠯᠲᠠ᠂ | ᠬᠠᠮᠢᠶᠠᠷᠤᠯᠲᠠ ᠶᠢᠨ ᠲᠦᠢᠷᠢᠮ ᠵᠡᠷᠭᠡ ᠶᠢ ᠲᠣᠳᠣᠷᠬᠠᠶᠢᠯᠠᠪᠠ᠃ ᠲᠠᠪᠤᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠦᠢᠯᠡᠴᠢᠯᠡᠭᠡᠨ ᠤ ᠪᠠᠲᠤᠯᠠᠭ᠎ᠠ ᠂ | ᠨᠡᠶᠢᠳᠡ 6 ᠵᠦᠢᠯ ᠪᠠᠶᠢᠵᠤ᠂ ᠠᠮᠤ ᠪᠤᠳᠠᠭ᠎ᠠ ᠪᠣᠯᠣᠨ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠵᠣᠬᠢᠴᠠᠭᠤᠯᠵᠤ ᠪᠠᠶᠢᠭᠠᠳ ᠲᠣᠬᠢᠷᠠᠭᠤᠯᠤᠨ | ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠶᠢ ᠴᠢᠩᠭᠠᠳᠬᠠᠵᠤ᠂ ᠠᠮᠤ ᠪᠤᠳᠠᠭ᠎ᠠ ᠬᠤᠷᠢᠶᠠᠬᠤ ᠬᠥᠮᠥᠨ ᠲᠠᠢ᠂ ᠠᠮᠤ ᠪᠤᠳᠠᠭ᠎ᠠ ᠬᠤᠷᠢᠶᠠᠬᠤ ᠮᠥᠩᠭᠦ ᠲᠠᠢ᠂ | ᠠᠮᠤ ᠪᠤᠳᠠᠭ᠎ᠠ ᠲᠡᠭᠡᠭᠡᠪᠦᠷᠢᠯᠡᠬᠦ ᠮᠠᠰᠢᠨ ᠲᠠᠢ ᠪᠠᠶᠢᠬᠤ ᠶᠢ ᠦᠨᠡᠨ ᠬᠦ ᠪᠠᠲᠤᠯᠠᠵᠤ᠂ ᠱᠠᠲᠤᠴᠢ ᠴᠢᠨᠠᠷᠲᠠᠢ ︽ᠠᠮᠤ ᠪᠤᠳᠠᠭ᠎ᠠ ᠬᠤᠳᠠᠯᠳᠤᠬᠤ ᠳᠤ ᠬᠦᠴᠢᠷᠳᠡᠬᠦ︾ ᠪᠠᠶᠢᠳᠠᠯ | ᠡᠭᠦᠰᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠵᠢᠷᠭᠤᠳᠤᠭᠠᠷ ᠪᠦᠯᠦᠭ ᠨᠢ ᠠᠮᠤ ᠪᠤᠳᠠᠭ᠎ᠠ ᠬᠤᠳᠠᠯᠳᠤᠨ ᠠᠪᠬᠤ ᠶᠢ ᠬᠢᠨᠠᠯᠲᠠ ᠲᠠᠯᠪᠢᠵᠤ | ᠪᠠᠶᠢᠴᠠᠭᠠᠬᠤ᠂ ᠨᠡᠶᠢᠳᠡ 5 ᠵᠦᠢᠯ ᠪᠠᠶᠢᠵᠤ᠂ ᠠᠮᠤ ᠪᠤᠳᠠᠭ᠎ᠠ ᠪᠠ ᠨᠥᠭᠡᠴᠡᠯᠡᠬᠦ ᠵᠠᠰᠠᠭ ᠵᠠᠬᠢᠷᠭᠠᠨ ᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ | ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠶᠣᠰᠣᠭᠠᠷ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠬᠠᠮᠠᠭᠠᠯᠠᠬᠤ ᠶᠢ ᠲᠣᠳᠣᠷᠬᠠᠶᠢᠯᠠᠪᠠ᠃ ᠳᠣᠯᠣᠳᠤᠭᠠᠷ ᠪᠦᠯᠦᠭ ᠨᠢ | ᠳᠠᠭᠠᠯᠳᠤᠭᠤᠯᠤᠭᠰᠠᠨ ᠳᠦᠷᠢᠮ᠂ ᠨᠡᠶᠢᠲᠡ 3 ᠵᠦᠢᠯ ᠪᠠᠶᠢᠵᠤ᠂ ᠬᠤᠯᠪᠣᠭᠳᠠᠯ ᠪᠦᠬᠦᠢ ᠱᠠᠭᠠᠷᠳᠠᠯᠭ᠎ᠠ ᠶᠢ ᠨᠥᠬᠦᠪᠦᠷᠢᠯᠡᠨ ᠳᠤᠷᠠᠳᠪᠠ᠃ | | ᠳᠥᠷᠪᠡ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠬᠡᠵᠢᠶ᠎ᠡ ᠳᠠᠩᠰᠠᠯᠠᠭᠤᠯᠬᠤ ᠪᠤᠢ︖ | ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠠᠮᠤ ᠪᠤᠳᠠᠭ᠎ᠠ ᠬᠤᠳᠠᠯᠳᠤᠨ ᠠᠪᠬᠤ ᠠᠴᠠ ᠡᠮᠦᠨ᠎ᠡ ᠠᠮᠤ ᠪᠤᠳᠠᠭ᠎ᠠ ᠬᠤᠳᠠᠯᠳᠤᠨ ᠠᠪᠬᠤ | ᠳᠠᠩᠰᠠᠯᠠᠭᠤᠯᠤᠯᠲᠠ ᠬᠢᠬᠦ ᠬᠡᠷᠡᠭᠲᠡᠢ᠃ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠶᠢᠨ ᠠᠯᠢ ᠨᠢᠭᠡ | ᠵᠦᠢᠯ ᠳᠤ ᠬᠤᠪᠢᠷᠠᠯᠲᠠ ᠭᠠᠷᠪᠠᠯ᠂ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠠᠴᠠ ᠡᠮᠦᠨ᠎ᠡ ᠬᠤᠪᠢᠷᠠᠯᠲᠠ ᠪᠠᠨ ᠳᠠᠩᠰᠠᠯᠠᠭᠤᠯᠬᠤ ᠶᠢᠨ ᠬᠠᠮᠲᠤ | ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠢ᠃ | | ᠲᠠᠪᠤ᠂ ᠠᠮᠤ ᠪᠤᠳᠠᠭ᠎ᠠ ᠬᠤᠳᠠᠯᠳᠤᠨ ᠠᠪᠬᠤ ᠠᠵᠤ ᠠᠬᠤᠶᠢᠯᠠᠯ ᠨᠢ ᠶᠠᠮᠠᠷ ᠠᠷᠭ᠎ᠠ ᠮᠠᠶ᠋ᠢᠭ ᠢᠶᠠᠷ ᠳᠠᠩᠰᠠᠯᠠᠭᠤᠯᠬᠤ ᠪᠤᠢ︖ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠠᠮᠤ ᠪᠤᠳᠠᠭ᠎ᠠ ᠬᠤᠳᠠᠯᠳᠤᠨ ᠠᠪᠬᠤ ᠶᠢ ᠡᠷᠭᠢᠯᠡᠵᠦ | ᠪᠠᠶᠢᠭ᠎ᠠ ᠠᠵᠤ ᠠᠬᠤᠶᠢᠯᠠᠯ ᠨᠢ ᠲᠤᠬᠠᠢ ᠶᠢᠨ ᠲᠠᠯᠠᠪᠤᠷ ᠪᠠ ᠰᠦᠯᠵᠢᠶᠡᠨ ᠳᠡᠭᠡᠷ᠎ᠡ ᠭᠦᠢᠴᠡᠳᠬᠡᠬᠦ ᠵᠡᠷᠭᠡ ᠠᠷᠭ᠎ᠠ ᠮᠠᠶ᠋ᠢᠭ ᠢᠶᠠᠷ ᠳᠡᠮᠵᠢᠨ ᠳᠠᠩᠰᠠᠯᠠᠭᠤᠯᠵᠤ ᠪᠣᠯᠣᠨ᠎ᠠ᠃ | ᠪᠠᠰᠠ ᠵᠠᠬᠢᠳᠠᠯ᠂ ᠹᠠᠺᠰ᠂ ᠢᠮᠧᠯ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠠᠮᠤ ᠪᠤᠳᠠᠭ᠎ᠠ ᠬᠤᠳᠠᠯᠳᠤᠨ ᠠᠪᠬᠤ ᠪᠠᠷ ᠳᠠᠩᠰᠠᠯᠠᠭᠤᠯᠬᠤ ᠪᠠ ᠬᠤᠪᠢᠷᠠᠭᠤᠯᠬᠤ | ᠠᠵᠢᠯ ᠢ ᠥᠷᠨᠢᠭᠦᠯᠵᠦ ᠪᠣᠯᠣᠨ᠎ᠠ᠃ |