| ᠨᠢᠭᠡ᠂ ︽ᠬᠡᠷᠡᠭᠵᠢᠭᠦᠯᠬᠦ ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠥᠪᠥᠷ ᠮᠣᠩᠭᠤᠯ ᠣᠷᠣᠨ ᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠪᠠᠶᠢᠭᠤᠯᠤᠯ | ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠪᠥᠬᠦ ᠨᠡᠶᠢᠭᠡᠮ ᠤᠨ ᠬᠦᠴᠦᠨ ᠢ ᠳᠠᠶᠢᠴᠢᠯᠠᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠣᠯᠴᠠᠭᠤᠯᠵᠤ᠂ | ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ | ᠣᠷᠤᠯᠴᠠᠬᠤ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2023﹈ 14 ᠳ᠋ᠦ᠋ᠭᠡᠷ ᠲᠣᠭᠠᠲᠤ | ᠂ ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠪᠡ᠃ | | ᠬᠤᠶᠠᠷ᠂ ︽ᠬᠡᠷᠡᠭᠵᠢᠭᠦᠯᠬᠦ ᠰᠠᠨᠠᠯ︾ ᠤᠨ ᠭᠤᠣᠯ ᠠᠭᠤᠯᠭ᠎ᠠ | ︽ᠬᠡᠷᠡᠭᠵᠢᠭᠦᠯᠬᠦ ᠰᠠᠨᠠᠯ︾ ᠢ ᠨᠡᠶᠢᠲᠡ 4 ᠬᠡᠰᠡᠭ 24 ᠵᠦᠢᠯ ᠬᠤᠪᠢᠶᠠᠪᠠ᠃ | ︵ᠨᠢᠭᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠭᠤᠣᠯᠳᠠᠯᠭ᠎ᠠ ᠲᠠᠢ ᠬᠦᠷᠢᠶ᠎ᠡ ᠶᠢ ᠲᠣᠳᠣᠷᠬᠠᠶᠢᠯᠠᠪᠠ᠃ | | ︽ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠵᠣᠷᠢᠭᠵᠢᠭᠤᠯᠬᠤ ᠪᠠ ᠳᠡᠮᠵᠢᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 40 ᠳ᠋ᠦ᠋ᠭᠡᠷ ᠲᠣᠭᠠᠲᠤ︶ ᠢ ᠦᠨᠳᠦᠰᠦᠯᠡᠨ ᠲᠣᠭᠲᠠᠭᠠᠭᠰᠠᠨ | ᠭᠤᠣᠯᠳᠠᠯᠭ᠎ᠠ ᠲᠠᠢ ᠬᠦᠷᠢᠶ᠎ᠡ᠂ ︽ᠪᠥᠬᠦ ᠤᠯᠤᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠤᠨ | ᠶᠡᠷᠦᠩᠬᠡᠢ ᠲᠥᠯᠦᠪᠵᠢᠭᠦᠯᠭᠡ ︵2021 ︱ 2035 ᠣᠨ︶︾ ᠪᠠᠷ ᠥᠪᠡᠷᠲᠡᠭᠡᠨ ᠵᠠᠰᠠᠬᠤ ᠣᠷᠣᠨ ᠤ ︽ᠨᠢᠭᠡ ᠣᠷᠣᠨ ᠬᠤᠶᠠᠷ ᠪᠦᠰᠡ︾ ᠲᠠᠢ ᠬᠤᠯᠪᠣᠭᠳᠠᠬᠤ | ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢ ᠶᠢᠨ ᠣᠷᠣᠨ ᠪᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ | ᠲᠥᠯᠦᠪᠵᠢᠭᠦᠯᠭᠡ ᠳᠤ ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠢ ᠶᠢᠨ ᠰᠡᠷᠭᠦᠭᠡᠯᠲᠡ ᠶᠢᠨ ᠣᠷᠣᠨ ᠪᠦᠰᠡ ᠶᠢ ᠲᠣᠳᠣᠷᠬᠠᠶᠢᠯᠠᠵᠤ᠂ ᠣᠢ ᠰᠢᠭᠤᠢ ᠨᠤᠲᠤᠭ | ᠪᠡᠯᠴᠢᠭᠡᠷ᠂ ᠡᠯᠡᠰᠦᠷᠬᠡᠭᠵᠢᠭᠰᠡᠨ ᠭᠠᠵᠠᠷ ᠰᠢᠷᠣᠢ᠂ ᠭᠤᠣᠯ ᠮᠥᠷᠡᠨ ᠨᠠᠭᠤᠷ ᠴᠥᠭᠦᠷᠥᠮ ᠨᠣᠶᠢᠲᠠᠨ ᠭᠠᠵᠠᠷ᠂ ᠠᠭᠤᠷᠬᠠᠢ ᠶᠢᠨ ᠣᠷᠣᠨ᠂ ᠲᠠᠷᠢᠶᠠᠨ ᠭᠠᠵᠠᠷ᠂ ᠬᠤᠲᠠ | ᠪᠠᠯᠭᠠᠰᠤ᠂ ᠠᠮᠢ ᠠᠬᠤᠢ ᠶᠢᠨ ᠠᠵᠤ ᠦᠢᠯᠡᠰ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ 7 ᠭᠤᠣᠯᠳᠠᠯᠭ᠎ᠠ ᠲᠠᠢ ᠬᠦᠷᠢᠶ᠎ᠡ ᠶᠢ ᠲᠣᠭᠲᠠᠭᠠᠪᠠ᠃ | ︵ᠬᠤᠶᠠᠷ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠪᠡ᠃ | ︽ᠬᠡᠨ ᠰᠡᠷᠭᠦᠭᠡᠪᠡᠯ ᠬᠡᠨ ᠠᠰᠢᠭ ᠭᠥᠷᠳᠡᠬᠦ︾ ᠵᠠᠷᠴᠢᠮ ᠶᠣᠰᠣᠭᠠᠷ᠂ ᠲᠥᠷᠥᠯ ᠵᠦᠢᠯ ᠢ ᠪᠠᠶᠢᠭᠤᠯᠬᠤ᠂ ᠬᠡᠷᠡᠭᠵᠢᠭᠦᠯᠬᠦ᠂ ᠰᠢᠯᠭᠠᠨ ᠬᠤᠷᠢᠶᠠᠵᠤ ᠠᠪᠬᠤ᠂ | ᠬᠠᠮᠢᠶᠠᠷᠴᠤ ᠬᠠᠮᠠᠭᠠᠯᠠᠬᠤ᠂ ᠡᠷᠬᠡ ᠠᠰᠢᠭ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠦᠬᠦ ᠶᠠᠪᠤᠴᠠ ᠳᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ | ᠰᠡᠷᠭᠦᠭᠡᠬᠦ ᠠᠵᠢᠯ ᠳᠤ ᠣᠷᠤᠯᠴᠠᠬᠤ 8 ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ᠂ ᠪᠣᠳᠠᠲᠠᠢ ᠠᠷᠭ᠎ᠠ ᠵᠠᠮ ᠪᠠ ᠬᠤᠯᠪᠣᠭᠳᠠᠯ ᠪᠦᠬᠦᠢ ᠱᠠᠭᠠᠷᠳᠠᠯᠭ᠎ᠠ ᠶᠢ ᠳᠤᠷᠠᠳᠴᠤ᠂ | ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠠᠭᠤᠯᠭ᠎ᠠ᠂ ᠣᠷᠤᠯᠴᠠᠬᠤ ᠠᠷᠭ᠎ᠠ ᠬᠡᠯᠪᠡᠷᠢ᠂ ᠣᠷᠤᠯᠴᠠᠬᠤ ᠶᠠᠪᠤᠴᠠ ᠶᠢ | ᠵᠢᠭᠠᠨ ᠲᠣᠳᠣᠷᠬᠠᠶᠢᠯᠠᠵᠤ᠂ ᠲᠣᠳᠣᠷᠬᠠᠢ ᠠᠷᠭ᠎ᠠ ᠵᠠᠮ ᠢ ᠲᠣᠭᠲᠠᠭᠠᠵᠤ᠂ ᠬᠠᠮᠢᠶᠠᠷᠤᠯᠲᠠ ᠶᠢᠨ ᠵᠢᠷᠤᠮᠵᠢᠯ ᠢ ᠲᠣᠳᠣᠷᠬᠠᠶᠢᠯᠠᠨ᠂ ᠨᠡᠶᠢᠭᠡᠮ ᠤᠨ ᠬᠥᠷᠥᠩᠭᠡ ᠶᠢᠨ ᠠᠮᠢ | ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠰᠢᠨᠵᠢᠯᠡᠬᠦ ᠤᠬᠠᠭᠠᠨᠴᠢᠯᠠᠭᠰᠠᠨ᠂ ᠳᠦᠷᠢᠮᠵᠢᠭᠰᠡᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠲᠠᠢ | ᠪᠣᠯᠭᠠᠬᠤ ᠶᠢ ᠪᠠᠲᠤᠯᠠᠵᠠᠢ᠃ | ︵ᠭᠤᠷᠪᠠ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠬᠠᠮᠢᠶ᠎ᠠ ᠪᠦᠬᠦᠢ ᠳᠡᠮᠵᠢᠯᠭᠡ ᠶᠢᠨ ᠲᠥᠷᠥ ᠶᠢᠨ | ᠪᠣᠳᠣᠯᠭ᠎ᠠ ᠶᠢ ᠪᠣᠳᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃ | ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠭᠠᠵᠠᠷ ᠰᠢᠷᠣᠢ ᠶᠢ ᠵᠦᠷᠢᠶᠡᠵᠢᠬᠦᠯᠦᠨ ᠬᠡᠷᠡᠭᠯᠡᠬᠦ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠬᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠴᠢᠯᠦᠭᠡᠲᠡᠢ ᠭᠦᠢᠯᠭᠡᠭᠡᠬᠦ᠂ ᠰᠢᠷᠣᠢ ᠴᠢᠯᠠᠭᠤᠨ ᠮᠠᠲ᠋ᠧᠷᠢᠶᠠᠯ ᠢ ᠵᠦᠢ | ᠵᠣᠬᠢᠰᠲᠠᠢ ᠠᠰᠢᠭᠯᠠᠬᠤ᠂ ᠣᠶ ᠮᠣᠳᠣᠨ ᠤ ᠬᠠᠮᠢᠶᠠᠷᠤᠯᠲᠠ ᠶᠢᠨ ᠲᠣᠭᠲᠠᠴᠠ ᠳᠤ ᠰᠢᠨ᠎ᠡ ᠶᠢ ᠡᠭᠦᠳᠬᠦ᠂ ᠨᠡᠭᠦᠷᠡᠰᠦᠲᠥ᠋ᠷᠥᠭᠴᠢ ᠶᠢ ᠬᠤᠷᠠᠭᠤᠯᠬᠤ ᠦᠢᠯᠡᠳᠬᠦᠨ ᠤ | ᠥᠷᠲᠡᠭ ᠢ ᠪᠡᠶᠡᠯᠡᠭᠦᠯᠬᠦ ᠵᠠᠭᠪᠤᠷ ᠢ ᠬᠠᠶᠢᠨ ᠰᠦᠪᠡᠭᠴᠢᠯᠡᠬᠦ᠂ ᠡᠳ᠋ ᠤᠨ ᠵᠠᠰᠠᠭ ᠤᠨ ᠬᠥᠲᠥᠯᠥᠨ ᠵᠢᠯᠤᠭᠤᠳᠬᠤ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠵᠡᠷᠭᠡ | 6 ᠲᠠᠯ᠎ᠠ ᠪᠠᠷ ᠨᠠᠷᠢᠯᠢᠭᠵᠢᠭᠤᠯᠤᠭᠰᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠨᠡᠶᠢᠭᠡᠮ ᠤᠨ ᠬᠥᠷᠥᠩᠭᠡ ᠶᠢᠨ ᠠᠮᠢ ᠠᠬᠤᠢ ᠢ | ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ ᠳᠡᠮᠵᠢᠬᠦ ᠳᠤ ᠲᠥᠷᠥ ᠶᠢᠨ ᠪᠣᠳᠣᠯᠭ᠎ᠠ ᠶᠢᠨ ᠪᠣᠳᠠᠲᠠᠢ ᠵᠢᠯᠣᠭᠤᠳᠤᠯᠭ᠎ᠠ ᠬᠠᠩᠭᠠᠪᠠ᠃ | ︵ᠳᠥᠷᠪᠡ︶ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠠᠵᠢᠯ ᠳᠤ ᠣᠷᠤᠯᠴᠠᠬᠤ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠪᠠ᠃ | ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠪᠣᠯᠣᠨ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠲᠤᠬᠠᠶᠢᠯᠠᠭᠰᠠᠨ | ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠨᠡᠶᠢᠭᠡᠮ ᠤᠨ ᠬᠥᠷᠥᠩᠭᠡ ᠶᠢᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠳᠤ ᠣᠷᠤᠯᠴᠠᠬᠤ ᠶᠢ | ᠥᠷᠨᠢᠭᠦᠯᠬᠦ ᠶᠠᠪᠤᠴᠠ ᠳᠠᠬᠢ ᠦᠢᠯᠡᠴᠢᠯᠡᠭᠡᠨ ᠤ ᠪᠠᠲᠤᠯᠠᠭ᠎ᠠ ᠶᠢᠨ ᠱᠠᠭᠠᠷᠳᠠᠯᠭ᠎ᠠ ᠶᠢ ᠳᠤᠷᠠᠳᠴᠤ᠂ ᠵᠣᠬᠢᠴᠠᠭᠤᠯᠬᠤ ᠲᠣᠭᠲᠠᠴᠠ ᠶᠢ ᠪᠠᠶᠢᠭᠤᠯᠬᠤ᠂ ᠵᠢᠱᠢᠶ᠎ᠡ | ᠦᠵᠡᠭᠦᠯᠦᠨ ᠬᠥᠲᠥᠯᠥᠨ ᠳᠠᠭᠠᠭᠤᠯᠬᠤ ᠶᠢ ᠴᠢᠩᠭᠠᠷᠠᠭᠤᠯᠬᠤ᠂ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠶᠢ ᠴᠢᠩᠭᠠᠳᠬᠠᠬᠤ ᠭᠡᠬᠦ 3 ᠲᠠᠯ᠎ᠠ ᠠᠴᠠ ᠪᠣᠳᠠᠲᠠᠢ | ᠱᠠᠭᠠᠷᠳᠠᠯᠭ᠎ᠠ ᠳᠤᠷᠠᠳᠪᠠ᠃ | | ᠭᠤᠷᠪᠠ᠂ ︽ᠬᠡᠷᠡᠭᠵᠢᠭᠦᠯᠬᠦ ᠰᠠᠨᠠᠯ︾ ᠤᠨ ᠣᠨᠴᠠᠯᠢᠭ ᠪᠦᠬᠦᠢ ᠭᠢᠯᠠᠰ ᠴᠡᠭ | ︽ᠬᠡᠷᠡᠭᠵᠢᠭᠦᠯᠬᠦ ᠰᠠᠨᠠᠯ︾ ᠳᠤ ᠨᠡᠶᠢᠭᠡᠮ ᠨᠡᠶᠢᠲᠡ ᠪᠠᠷ ᠢᠶᠠᠨ ᠨᠡᠶᠢᠳᠡᠮ ᠠᠩᠬᠠᠷᠴᠤ ᠪᠠᠶᠢᠭ᠎ᠠ ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ ᠵᠠᠬ᠎ᠠ | ᠳᠡᠯᠭᠡᠭᠦᠷᠴᠢᠯᠡᠨ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ ᠰᠢᠷᠣᠢ ᠴᠢᠯᠠᠭᠤᠨ ᠮᠠᠲ᠋ᠧᠷᠢᠶᠠᠯ ᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠢ ᠡᠵᠡᠯᠡᠬᠦ ᠪᠠ ᠨᠥᠬᠦᠪᠦᠷᠢᠯᠡᠬᠦ ᠶᠢ ᠲᠡᠩᠴᠡᠭᠦᠷᠢᠲᠡᠢ ᠠᠰᠢᠭᠯᠠᠬᠤ᠂ ᠠᠮᠢ ᠠᠬᠤᠢ ᠶᠢ ᠰᠡᠷᠭᠦᠭᠡᠬᠦ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠠᠰᠢᠭᠯᠠᠬᠤ ᠵᠡᠷᠭᠡ ᠠᠮᠢ ᠠᠬᠤᠢ ᠶᠢ ᠬᠠᠮᠠᠭᠠᠯᠠᠨ ᠰᠡᠷᠭᠦᠭᠡᠬᠦ | ᠭᠤᠣᠯ ᠴᠣᠭᠴᠠ ᠶᠢᠨ ᠡᠷᠬᠡ ᠠᠰᠢᠭ ᠢ ᠪᠡᠶᠡᠯᠡᠭᠦᠯᠬᠦ ᠭᠤᠣᠯᠳᠠᠯᠭ᠎ᠠ ᠲᠠᠢ ᠠᠷᠭ᠎ᠠ ᠵᠠᠮ ᠳᠤ ᠪᠥᠬᠦ ᠴᠤᠪᠤᠷᠠᠯ ᠤᠨ ᠲᠥᠷᠥ ᠶᠢᠨ ᠪᠣᠳᠣᠯᠭ᠎ᠠ ᠶᠢᠨ ᠪᠣᠭᠤᠵᠢᠯᠠᠯ ᠬᠢᠵᠦ᠂ | ᠡᠭᠦᠨ ᠤ ᠬᠠᠮᠲᠤ 4 ᠯᠠᠪᠯᠠᠯᠲᠠ ᠶᠢᠨ ᠲᠣᠪᠴᠢ ᠶᠢ ᠳᠠᠭᠠᠯᠳᠤᠭᠤᠯᠤᠨ᠂ ᠰᠡᠷᠭᠦᠭᠡᠬᠦ ᠲᠥᠰᠥᠯ ᠲᠠᠢ ᠬᠠᠮᠲᠤ ᠴᠣᠬᠤᠯᠠᠪᠤᠷᠢᠯᠠᠨ ᠬᠡᠷᠡᠭᠵᠢᠭᠦᠯᠵᠦ᠂ ᠳᠠᠭᠢᠵᠤ ᠲᠤᠰᠠᠭᠠᠷ | ᠬᠢᠨᠠᠨ ᠵᠥᠪᠰᠢᠶᠡᠷᠡᠬᠦ ᠦᠭᠡᠢ ᠪᠣᠯᠭᠠᠵᠤ᠂ ᠨᠡᠶᠢᠭᠡᠮ ᠤᠨ ᠬᠥᠷᠥᠩᠭᠡ ᠶᠢᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠶ ᠪᠠᠲᠤᠯᠠᠭᠰᠠᠨ ᠰᠠᠭᠤᠷᠢᠨ ᠳᠡᠭᠡᠷ᠎ᠡ᠂ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠭᠦᠢᠴᠡᠳ ᠪᠠᠳᠠᠷᠠᠭᠤᠯᠪᠠ᠃ | | |