︽ᠤᠯᠠᠭᠠᠨᠬᠠᠳᠠ ᠲᠦᠩᠯᠢᠶᠣᠤ ᠶᠢᠨ ︿ᠬᠤᠤᠰ ᠣᠳᠣᠨ ᠣᠷᠣᠨ﹀ ᠠᠳᠠᠯ ᠦᠢᠯᠡᠰ ᠴᠣᠭᠴᠠᠯᠠᠬᠤ ᠤᠷᠤᠯᠳᠤᠭᠠᠨ ᠵᠢᠴᠢ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠬᠦ ᠲᠤᠬᠠᠶ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/28
      ᠨᠢᠭᠡ᠂ ᠨᠡᠶᠢᠲᠡᠯᠡᠭᠰᠡᠨ ᠠᠬᠤᠶ ᠪᠠᠶᠢᠳᠠᠯ ᠵᠢᠴᠢ ᠵᠣᠷᠢᠯᠭ᠎ᠠ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢᠨ ᠠᠵᠢᠯ ᠤᠨ ᠲᠤᠬᠠᠶ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠭᠦᠨᠵᠡᠭᠡᠶ ᠠᠬᠢᠭᠤᠯᠤᠨ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠤᠯᠠᠭᠠᠨᠬᠠᠳᠠ᠂ ᠲᠦᠩᠯᠢᠶᠣᠤ ᠶᠢᠨ ᠣᠷᠣᠨ ᠪᠦᠰᠡ ᠶᠢᠨ ᠴᠢᠨᠠᠷᠲᠠᠶ ᠳᠠᠪᠠᠭᠤᠯᠢᠭ ᠢ ᠭᠦᠢᠴᠡᠳ ᠠᠰᠢᠭᠯᠠᠨ᠂ ᠤᠯᠠᠭᠠᠨᠬᠠᠳᠠ᠂ ᠲᠦᠩᠯᠢᠶᠣᠤ ᠶᠢᠨ ︽ᠬᠤᠤᠰ ᠣᠳᠣᠨ ᠣᠷᠣᠨ︾ ᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠬᠤ ᠶᠢᠨ ᠲᠤᠰᠠᠳᠠ᠂ 2022 ᠣᠨ ᠤ ᠠᠩᠬᠠᠳᠤᠭᠠᠷ ᠬᠤᠭᠤᠴᠠᠭᠠᠨ ᠤ ᠲᠦᠩᠯᠢᠶᠣᠤ ᠤᠯᠠᠭᠠᠨᠬᠠᠳᠠ ᠶᠢᠨ ︽ᠬᠤᠤᠰ ᠣᠳᠣᠨ ᠣᠷᠣᠨ︾ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠲᠦᠩᠯᠢᠶᠣᠤ ᠬᠤᠲᠠ ᠳᠤ ᠡᠷᠭᠢᠯᠡᠵᠦ᠂ ᠮᠠᠨ ᠤ ᠬᠤᠲᠠ ᠶᠢᠨ ᠠᠳᠠᠯ ᠦᠢᠯᠡᠰ ᠴᠣᠭᠴᠠᠯᠠᠬᠤ 42 ᠪᠦᠯᠬᠦᠮ ᠨᠡᠶᠢᠲᠡ ᠨᠢ ᠬᠤᠰᠢᠭᠤ ᠰᠢᠶᠠᠨ ᠲᠠᠨᠢᠯᠴᠠᠭᠤᠯᠬᠤ ᠪᠠ ᠤᠯᠠᠭᠠᠨᠬᠠᠳᠠ ᠬᠤᠲᠠ ᠶᠢᠨ ᠠᠩᠬᠠᠨ ᠤ ᠤᠷᠤᠯᠳᠤᠭᠠᠨ ᠢᠶᠠᠷ ᠳᠡᠮᠵᠢᠨ᠂ ᠲᠦᠩᠯᠢᠶᠣᠤ ᠤᠯᠠᠭᠠᠨᠬᠠᠳᠠ ᠶᠢᠨ ︽ᠬᠤᠤᠰ ᠣᠳᠣᠨ ᠣᠷᠣᠨ︾ ᠠᠳᠠᠯ ᠦᠢᠯᠡᠰ  ᠴᠣᠭᠴᠠᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠤ ᠲᠤᠬᠠᠢ ᠶᠢᠨ ᠲᠠᠯᠠᠪᠠᠢ ᠳᠤ ᠣᠷᠣᠯᠴᠠᠭᠠᠳ ᠮᠡᠳᠡᠭᠳᠡᠮ᠎ᠡ ᠦᠷ᠎ᠡ ᠪᠦᠲᠦᠮᠵᠢ ᠣᠯᠪᠠ᠃      ᠤᠯᠠᠭᠠᠨᠬᠠᠳᠠ᠂ ᠲᠦᠩᠯᠢᠶᠣᠤ ᠶᠢᠨ ︽ᠬᠤᠤᠰ ᠣᠳᠣᠨ ᠣᠷᠣᠨ︾ ᠤ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠬᠤᠤᠰ ᠬᠤᠲᠠ︾ ᠪᠠᠷ ᠬᠥᠲᠥᠯᠥᠨ ᠳᠠᠭᠠᠭᠤᠯᠬᠤ ᠶᠢ ᠳᠣᠪᠤᠶᠢᠯᠭᠠᠨ᠂ ︽ᠬᠤᠤᠰ ᠬᠤᠲᠠ︾ ᠶᠢᠨ ᠬᠠᠷᠢᠯᠴᠠᠨ ᠦᠢᠯᠡᠳᠦᠯᠴᠡᠬᠦ ᠶᠢ ᠴᠢᠩᠭᠠᠳᠬᠠᠵᠤ᠂ ᠬᠤᠶᠠᠷ ᠭᠠᠵᠠᠷ ᠤᠨ ᠠᠳᠠᠯ ᠦᠢᠯᠡᠰ ᠴᠣᠭᠴᠠᠯᠠᠬᠤ ᠪᠦᠯᠬᠦᠮ ᠨᠡᠶᠢᠲᠡ ᠶᠢᠨ ᠬᠠᠷᠢᠯᠴᠠᠨ ᠦᠢᠯᠡᠳᠦᠯᠴᠡᠬᠦ ᠰᠣᠯᠢᠯᠴᠠᠭ᠎ᠠ ᠶᠢ ᠴᠢᠩᠭᠠᠳᠬᠠᠬᠤ ᠶᠢᠨ ᠲᠥᠯᠥᠭᠡ᠂ ᠮᠠᠨ ᠤ ᠬᠤᠲᠠ 2023 ᠣᠨ ᠤ 4 ᠰᠠᠷ᠎ᠠ ᠳᠤ ᠲᠦᠩᠯᠢᠶᠣᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠨ ᠬᠤᠶᠠᠳᠤᠭᠠᠷ ᠬᠤᠭᠤᠴᠠᠭᠠᠨ ᠤ ᠤᠯᠠᠭᠠᠨᠬᠠᠳᠠ ᠲᠦᠩᠯᠢᠶᠣᠤ ᠶᠢᠨ ︽ᠬᠤᠤᠰ ᠣᠳᠣᠨ ᠣᠷᠣᠨ︾ ᠠᠳᠠᠯ ᠦᠢᠯᠡᠰ ᠴᠣᠭᠴᠠᠯᠠᠬᠤ ᠤᠷᠤᠯᠳᠤᠭᠠᠨ ᠵᠢᠴᠢ ᠤᠯᠠᠭᠠᠨᠬᠠᠳᠠ ᠬᠤᠲᠠ ᠶᠢᠨ ᠳᠣᠯᠣᠳᠤᠭᠠᠷ ᠬᠤᠭᠤᠴᠠᠭᠠᠨ ᠤ ᠠᠳᠠᠯ ᠦᠢᠯᠡᠰ ᠴᠣᠭᠴᠠᠯᠠᠬᠤ ᠤᠷᠤᠯᠳᠤᠭᠠᠨ ᠢ ᠡᠷᠭᠢᠯᠡᠵᠦ᠂ ᠤᠷᠤᠯᠳᠤᠭᠠᠨ ᠢᠶᠠᠷ ᠰᠣᠯᠢᠯᠴᠠᠭ᠎ᠠ ᠶᠢ ᠠᠬᠢᠭᠤᠯᠤᠨ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠵᠤ᠂ ᠤᠷᠤᠯᠳᠤᠭᠠᠨ ᠢᠶᠠᠷ ᠪᠤᠶᠢᠵᠢᠯᠲᠠ ᠶᠢ ᠠᠬᠢᠭᠤᠯᠬᠤ ᠪᠠᠷ ᠲᠣᠭᠲᠠᠪᠠ᠃      ᠬᠤᠶᠠᠷ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠦᠨᠳᠦᠰᠦᠯᠡᠯ      1 . ︽︿ᠠᠳᠠᠯ ᠦᠢᠯᠡᠰ ᠴᠣᠭᠴᠠᠯᠠᠬᠤ ᠥᠪᠥᠷ ᠮᠣᠩᠭᠤᠯ ᠤᠨ ᠠᠵᠢᠯᠯᠠᠭᠠᠨ ᠤ ᠬᠡᠷᠡᠭᠵᠢᠭᠦᠯᠬᠦ ᠲᠥᠰᠦᠯ ︵2022-2025 ᠣᠨ︶﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 31 ᠳ᠋ᠦ᠋ᠭᠡᠷ ᠲᠣᠭᠠᠲᠤ︶᠃      2 .︽︿ᠠᠳᠠᠯ ᠦᠢᠯᠡᠰ ᠴᠣᠭᠴᠠᠯᠠᠬᠤ ᠤᠯᠠᠭᠠᠨᠬᠠᠳᠠ ᠶᠢᠨ ᠠᠵᠢᠯᠯᠠᠭᠠᠨ ᠤ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠤᠯᠠᠭᠠᠨᠬᠠᠳᠠ ᠵᠠᠰᠠᠭ ᠠᠯᠪᠠᠨ ᠲᠠᠷᠬᠠᠭᠠᠭᠰᠠᠨ ﹇2021﹈ 16 ᠳ᠋ᠤᠭᠠᠷ ᠲᠣᠭᠠᠲᠤ︶᠃      ᠭᠤᠷᠪᠠ᠂ ᠭᠤᠣᠯ ᠠᠭᠤᠯᠭ᠎ᠠ      1 . ᠤᠷᠤᠯᠳᠤᠭᠠᠨ ᠤ ᠭᠤᠣᠯ ᠰᠡᠳᠦᠪ᠄ ᠤᠯᠠᠭᠠᠨᠬᠠᠳᠠ ᠲᠥᠩᠯᠢᠶᠣᠣ ᠬᠤᠤᠰ ᠣᠳᠣᠨ ᠭᠢᠯᠠᠯᠵᠠᠵᠤ᠂ ᠪᠦᠭᠦᠳᠡᠭᠡᠷ ᠢᠶᠠᠨ ᠥᠪᠥᠷ ᠮᠣᠩᠭᠤᠯ ᠤᠨ ᠵᠡᠭᠦᠨ ᠬᠡᠰᠡᠭ ᠲᠤ ᠤᠴᠠᠷᠠᠶ᠎ᠠ᠃      2 . ᠤᠷᠤᠯᠳᠤᠭᠠᠨ ᠢ 2 ᠰᠠᠷ᠎ᠠ ᠠᠴᠠ ᠡᠬᠢᠯᠡᠭᠦᠯᠵᠦ᠂ ᠡᠯ᠎ᠡ ᠬᠤᠰᠢᠭᠤ ᠰᠢᠶᠠᠨ ᠲᠣᠭᠤᠷᠢᠭ᠂ ᠶᠡᠭᠡ ᠳᠡᠭᠡᠳᠦ ᠰᠤᠷᠭᠠᠭᠤᠯᠢ ᠠᠴᠠ ᠦᠢᠯᠡᠰ ᠴᠣᠭᠴᠠᠯᠠᠬᠤ ᠤᠷᠤᠯᠳᠤᠭᠠᠨ ᠤ ᠤᠷᠢᠳᠴᠢᠯᠠᠨ ᠰᠣᠩᠭᠤᠬᠤ ᠤᠷᠤᠯᠳᠤᠭᠠᠨ ᠢ ᠵᠣᠬᠢᠶᠠᠨ ᠪᠠᠶᠢᠭᠤᠯᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠤᠷᠤᠯᠳᠤᠭᠠᠨ ᠤ ᠵᠠᠮ ᠪᠦᠷᠢ ᠠᠴᠠ 2 - 6 ᠰᠢᠯᠢᠳᠡᠭ ᠦᠢᠯᠡᠰ ᠴᠣᠭᠴᠠᠯᠠᠬᠤ ᠲᠥᠷᠥᠯ ᠵᠦᠢᠯ ᠢ ᠲᠠᠨᠢᠯᠴᠠᠭᠤᠯᠵᠤ᠂ ᠡᠯ᠎ᠡ ᠶᠡᠭᠡ ᠳᠡᠭᠡᠳᠦ ᠰᠤᠷᠭᠠᠭᠤᠯᠢ ᠠᠴᠠ 2 - 8 ᠰᠢᠯᠢᠳᠡᠭ ᠦᠢᠯᠡᠰ ᠴᠣᠭᠴᠠᠯᠠᠬᠤ ᠲᠥᠷᠥᠯ ᠵᠦᠢᠯ ᠢ ᠲᠠᠨᠢᠯᠴᠠᠭᠤᠯᠵᠤ ᠬᠤᠶᠠᠳᠠᠬᠢ ᠤᠷᠤᠯᠳᠤᠭᠠᠨ ᠳᠤ ᠣᠷᠤᠯᠴᠠᠭᠤᠯᠤᠨ᠎ᠠ᠃ 4 ᠰᠠᠷ᠎ᠠ ᠶᠢᠨ 13 ᠤ ᠡᠳᠦᠷ ᠠᠴᠠ ᠡᠮᠦᠨ᠎ᠡ᠂ ᠤᠯᠠᠭᠠᠨᠬᠠᠳᠠ᠂ ᠲᠦᠩᠯᠢᠶᠣᠤ ᠲᠣᠰ ᠭᠠᠵᠠᠷ ᠣᠷᠣᠨ ᠤ ᠠᠳᠠᠯ ᠦᠢᠯᠡᠰ ᠴᠣᠭᠴᠠᠯᠠᠬᠤ ᠤᠷᠤᠯᠳᠤᠭᠠᠨ ᠤ ᠬᠤᠶᠠᠳᠠᠬᠢ ᠤᠷᠤᠯᠳᠤᠭᠠᠨ ᠢ ᠲᠣᠰ ᠲᠣᠰ ᠲᠠᠭᠠᠨ ᠪᠡᠶᠡᠯᠡᠭᠦᠯᠵᠦ᠂ ᠡᠯ᠎ᠡ ᠤᠷᠤᠯᠳᠤᠭᠠᠨ ᠤ ᠵᠠᠮ ᠤᠨ ᠡᠮᠦᠨ᠎ᠡ 10 ᠳᠤ ᠵᠢᠭᠰᠠᠭᠠᠭᠳᠠᠭᠰᠠᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠨᠢ ᠰᠢᠢᠳᠪᠦᠷᠢᠲᠦ ᠤᠷᠤᠯᠳᠤᠭᠠᠨ ᠳᠤ ᠣᠷᠤᠯᠴᠠᠨ᠎ᠠ ᠃ ᠰᠢᠢᠳᠪᠦᠷᠢᠲᠦ ᠤᠷᠤᠯᠳᠤᠭᠠᠨ ᠤ ᠴᠠᠭ ᠢ 4 ᠰᠠᠷ᠎ᠠ ᠶᠢᠨ 20 ᠤ ᠡᠳᠦᠷ᠂ 21 ᠤ ᠡᠳᠦᠷ ᠪᠠᠷ ᠲᠣᠭᠲᠠᠭᠠᠵᠤ᠂ ᠤᠷᠤᠯᠳᠤᠭᠠᠨ ᠳᠤ ᠣᠷᠣᠯᠴᠠᠬᠤ ᠡᠯ᠎ᠡ ᠪᠥᠯᠬᠦᠮ ᠨᠡᠶᠢᠲᠡ ᠨᠢ ᠤᠯᠠᠭᠠᠨᠬᠠᠳᠠ ᠬᠤᠲᠠ ᠳᠤ ᠦᠢᠯᠡᠰ ᠴᠣᠭᠴᠠᠯᠠᠬᠤ ᠤᠷᠤᠯᠳᠤᠭᠠᠨ ᠤ ᠰᠢᠢᠳᠪᠦᠷᠢᠲᠦ ᠤᠷᠤᠯᠳᠤᠭᠠᠨ ᠶᠠᠪᠤᠭᠤᠯᠵᠤ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ᠂ ᠰᠢᠯᠢᠳᠡᠭ ᠲᠥᠷᠥᠯ ᠵᠦᠢᠯ ᠤᠨ ᠱᠠᠩᠨᠠᠯ ᠢ ᠲᠣᠭᠲᠠᠭᠠᠬᠤ ᠶᠢᠨ ᠬᠠᠮᠲᠤ ᠱᠠᠩᠨᠠᠯ ᠣᠯᠭᠤᠬᠤ ᠶᠣᠰᠣᠯᠠᠯ ᠶᠠᠪᠤᠭᠤᠯᠤᠨ᠎ᠠ᠃      3 . ᠤᠷᠤᠯᠳᠤᠭᠠᠨ ᠨᠢ ᠤᠯᠠᠭᠠᠨᠬᠠᠳᠠ᠂ ᠲᠦᠩᠯᠢᠶᠣᠤ ᠬᠤᠶᠠᠷ ᠭᠠᠵᠠᠷ ᠤᠨ ᠱᠠᠩᠨᠠᠯ ᠣᠯᠤᠭᠰᠠᠨ ᠲᠥᠷᠥᠯ ᠵᠦᠢᠯ ᠳᠤ ᠲᠤᠰᠪᠤᠷᠢ ᠱᠠᠩᠨᠠᠯ ᠣᠯᠭᠤᠵᠤ᠂ ᠡᠯ᠎ᠡ ᠤᠷᠤᠯᠳᠤᠭᠠᠨ ᠤ ᠵᠠᠮ ᠠᠴᠠ ᠨᠢᠭᠡᠳᠦᠭᠡᠷ ᠳᠡᠰ ᠤᠨ ᠱᠠᠩᠨᠠᠯ ᠲᠤᠰᠪᠤᠷᠢ 1 ᠨᠡᠷ᠎ᠡ᠂ ᠱᠠᠩᠨᠠᠯ ᠤᠨ ᠮᠥᠩᠭᠦ 5 ᠲᠦᠮᠡᠨ ᠲᠥᠭᠦᠷᠢᠭ︔ ᠬᠤᠶᠠᠳᠤᠭᠠᠷ ᠳᠡᠰ ᠤᠨ ᠱᠠᠩᠨᠠᠯ ᠲᠤᠰᠪᠤᠷᠢ 2 ᠨᠡᠷ᠎ᠡ᠂ ᠱᠠᠩᠨᠠᠯ ᠤᠨ ᠮᠥᠩᠭᠦ 3 ᠲᠦᠮᠡᠨ ᠲᠥᠭᠦᠷᠢᠭ᠂ ᠭᠤᠷᠪᠠᠳᠤᠭᠠᠷ ᠳᠡᠰ ᠤᠨ ᠱᠠᠩᠨᠠᠯ ᠲᠤᠰᠪᠤᠷᠢ 3 ᠨᠡᠷ᠎ᠡ᠂ ᠱᠠᠩᠨᠠᠯ ᠤᠨ ᠮᠥᠩᠭᠦ 1.5 ᠲᠦᠮᠡᠨ ᠲᠥᠭᠦᠷᠢᠭ᠂ ᠰᠢᠯᠢᠳᠡᠭ ᠱᠠᠩᠨᠠᠯ ᠲᠤᠰᠪᠤᠷᠢ 4 ᠨᠡᠷ᠎ᠡ᠂ ᠱᠠᠩᠨᠠᠯ ᠤᠨ ᠮᠥᠩᠭᠦ 0.5 ᠲᠦᠮᠡᠨ ᠲᠥᠭᠦᠷᠢᠭ ᠢ ᠰᠢᠯᠭᠠᠷᠠᠭᠤᠯᠤᠨ ᠭᠠᠷᠭᠠᠨ᠎ᠠ︔ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠳᠡᠰ ᠤᠨ ᠱᠠᠩᠨᠠᠯ ᠣᠯᠤᠭᠰᠠᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠵᠢᠯᠣᠭᠤᠳᠬᠤ ᠪᠠᠭᠰᠢ ︵ᠳᠠᠪᠬᠤᠷᠳᠠᠭᠤᠯᠤᠨ ᠭᠥᠷᠳᠡᠬᠦ ᠥᠬᠡᠶ︶ ᠶᠢᠨ ᠱᠠᠩᠨᠠᠯ ᠤᠨ ᠮᠥᠩᠭᠦ ᠨᠢ 0.2 ᠲᠦᠮᠡᠨ ᠲᠥᠭᠦᠷᠢᠭ ᠪᠣᠯᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ