︽ᠤᠯᠠᠭᠠᠨᠬᠠᠳᠠ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ︵2022 ᠣᠨ ᠤ ᠬᠡᠪᠯᠡᠯ︶︾ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/2/6
      ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ      ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠬᠤᠲᠠ ᠶᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠦᠨ ᠠᠮᠠ 85 ᠲᠦᠮᠡ ᠪᠠᠶᠢᠵᠤ᠂ ᠪᠥᠬᠦ ᠬᠥᠮᠦᠨ ᠠᠮᠠ ᠶᠢᠨ 21.05 % ᠶᠢ ᠡᠵᠡᠯᠡᠵᠦ᠂ ᠮᠠᠨ ᠤ ᠬᠤᠲᠠ ᠨᠢᠭᠡᠨᠲᠡ ᠬᠥᠮᠦᠨ ᠠᠮᠠ ᠶᠢᠨ ᠨᠠᠰᠤᠵᠢᠯᠲᠠ ᠶᠢᠨ ᠨᠡᠶᠢᠭᠡᠮ ᠳᠤ ᠤᠷᠤᠭᠰᠠᠨ ᠪᠥᠭᠡᠳ ᠨᠠᠰᠤᠵᠢᠯᠲᠠ ᠶᠢᠨ ᠬᠥᠮᠦᠨ ᠠᠮᠠ ᠶᠢᠨ ᠬᠡᠪᠴᠢᠶ᠎ᠡ ᠡᠳᠦᠷ ᠢᠷᠡᠬᠦᠶ᠎ᠡ ᠥᠷᠭᠡᠳᠴᠦ ᠂ ᠨᠠᠰᠤᠵᠢᠯᠲᠠ ᠶᠢᠨ ᠬᠡᠮᠵᠢᠶ᠎ᠡ ᠡᠳᠦᠷ ᠢᠷᠡᠬᠦᠶ᠎ᠡ ᠭᠦᠨᠵᠡᠭᠡᠶᠢᠷᠡᠵᠦ ᠪᠠᠶᠢᠨ᠎ᠠ᠃ ᠬᠥᠮᠦᠨ ᠠᠮᠠ ᠶᠢᠨ ᠨᠠᠰᠤᠵᠢᠯᠲᠠ ᠶᠢ ᠪᠦᠲᠦᠮᠵᠢᠲᠡᠶ ᠠᠷᠭᠠᠴᠠᠬᠤ ᠨᠢ ᠬᠥᠭᠵᠢᠯᠲᠡ ᠶᠢᠨ ᠪᠥᠬᠦ ᠲᠠᠯ᠎ᠠ ᠪᠠ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠨᠠᠰᠤᠵᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠠᠴᠠ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠶᠢ ᠤᠯᠤᠰ ᠤᠨ ᠪᠠᠶᠢᠯᠳᠤᠬᠤ ᠪᠣᠳᠣᠯᠭ᠎ᠠ ᠪᠠᠷ ᠲᠣᠭᠲᠠᠭᠠᠵᠤ᠂ ᠶᠡᠷᠦᠩᠬᠡᠶ ᠱᠦᠵᠢ ᠰᠢ ᠶᠢᠨ ᠫᠢᠩ ᠨᠠᠰᠤᠵᠢᠯᠲᠠ ᠶᠢᠨ ᠠᠵᠢᠯ ᠳᠤ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠨᠠᠰᠤᠵᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠬᠤ ᠶᠢᠨ ᠬᠠᠮᠲᠤ ᠠᠵᠢᠯ ᠢᠶᠠᠨ ᠦᠨᠡᠨᠬᠦ ᠰᠠᠶᠢᠲᠤᠷ ᠬᠢᠵᠦ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠦᠷᠢᠨᠰᠢᠬᠦᠯᠵᠦ᠂ ᠨᠠᠰᠤᠲᠠᠶᠢᠴᠤᠳ ᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠭᠦᠯᠵᠦ᠂ ᠥᠲᠡᠯᠦᠭᠡ ᠨᠠᠰᠤ ᠪᠠᠨ ᠵᠣᠯ ᠵᠢᠷᠭᠠᠯ ᠲᠠᠢ ᠥᠩᠭᠡᠷᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠥᠮᠦᠨ ᠠᠮᠠ ᠶᠢᠨ ᠨᠠᠰᠤᠵᠢᠯᠲᠠ ᠶᠢᠨ ᠰᠢᠨ᠎ᠡ ᠪᠠᠶᠢᠳᠠᠯ ᠰᠢᠨ᠎ᠡ ᠣᠨᠴᠠᠯᠢᠭ ᠲᠤ ᠴᠢᠭᠯᠡᠭᠦᠯᠦᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠠᠷ ᠪᠥᠬᠦ ᠲᠠᠯ᠎ᠠ ᠪᠠᠷ ᠲᠤᠤᠱᠯᠠᠭᠤᠯᠤᠨ᠂ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ᠂ ᠡᠷᠡᠭᠦᠯ ᠮᠡᠨᠳᠦ᠂ ᠣᠶᠤᠨ ᠤ ᠰᠣᠶᠣᠯ ᠤᠨ ᠠᠮᠢᠳᠤᠷᠠᠯ᠂ ᠨᠡᠶᠢᠭᠡᠮ ᠤᠨ ᠣᠷᠣᠯᠴᠠᠭ᠎ᠠ ᠵᠡᠷᠭᠡ ᠲᠠᠯ᠎ᠠ ᠶᠢᠨ ︽ᠪᠠᠴᠢᠮᠳᠠᠯ᠂ ᠬᠦᠴᠢᠷᠳᠡᠯ᠂ ᠵᠣᠪᠠᠨᠢᠯ᠂ ᠬᠦᠰᠡᠯ︾ ᠢ ᠬᠦᠴᠦᠯᠡᠨ ᠰᠢᠢᠳᠪᠦᠷᠢᠯᠡᠵᠦ᠂ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨᠬᠦ ᠨᠡᠮᠡᠭᠳᠡᠭᠦᠯᠵᠦ᠂ ᠴᠠᠭ ᠲᠤᠨᠢ ᠲᠣᠬᠢᠷᠠᠭᠤᠯᠤᠨ ︽ᠤᠯᠠᠭᠠᠨᠬᠠᠳᠠ ᠬᠤᠲᠠ ᠶᠢᠨ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠨᠠᠷᠢᠨ ᠲᠠᠩᠰᠠ︾ ᠶᠢ ᠨᠡᠶᠢᠲᠡᠯᠡᠪᠡ᠃      ᠬᠤᠶᠠᠷ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ      ︽ᠰᠢᠨ᠎ᠡ ᠴᠠᠭ ᠦᠶ᠎ᠡ ᠶᠢᠨ ᠨᠠᠰᠤᠵᠢᠯᠲᠠ ᠶᠢᠨ ᠠᠵᠢᠯ ᠢ ᠴᠢᠩᠭᠠᠳᠬᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽  ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠤᠨ ᠨᠠᠰᠤᠵᠢᠯᠲᠠ ᠶᠢᠨ ᠦᠢᠯᠡᠰ ᠤᠨ ᠬᠥᠭᠵᠢᠯᠲᠡ ᠪᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠲᠥᠯᠥᠪᠵᠢᠭᠦᠯᠭᠡ ᠶᠢ ᠳᠠᠷᠤᠮᠠᠯᠯᠠᠨ ᠲᠠᠷᠬᠠᠭᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠮᠡᠳᠡᠭᠳᠡᠯ︾ ︵ᠲᠥᠷᠥ ᠲᠠᠷᠬᠠᠭᠠᠭᠰᠠᠨ ﹇2021﹈35 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠬᠥᠭᠵᠢᠯᠲᠡ ᠶᠢᠨ ᠲᠥᠯᠥᠪᠵᠢᠭᠦᠯᠭᠡ︾ ︵ᠥᠪᠥᠷ ᠠᠷᠠᠳ ᠵᠠᠰᠠᠭ ᠲᠠᠷᠬᠠᠭᠠᠭᠰᠠᠨ ﹇2021﹈ 116 ᠳ᠋ᠤᠭᠠᠷ ᠲᠣᠭᠠᠲᠤ︶ ᠶᠢᠨ ᠵᠣᠷᠢᠭ ᠰᠠᠨᠠᠭ᠎ᠠ᠂ ᠵᠢᠴᠢ ︽ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠨᠠᠮ ᠠᠯᠪᠠᠨ ᠲᠠᠷᠬᠠᠭᠠᠭᠰᠠᠨ ﹇2022﹈ 28 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠤᠭᠠᠷ᠂ ᠤᠯᠠᠭᠠᠨᠬᠠᠳᠠ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠤᠯᠠᠭᠠᠨᠬᠠᠳᠠ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ︾ ᠶᠢ ᠲᠣᠭᠲᠠᠭᠠᠪᠠ᠃      ᠭᠤᠷᠪᠠ᠂ ᠦᠨᠳᠦᠰᠦᠨ ᠲᠥᠯᠥᠪ ᠪᠣᠯᠤᠨ ᠭᠤᠣᠯ ᠠᠭᠤᠯᠭ᠎ᠠ      ︽ᠤᠯᠠᠭᠠᠨᠬᠠᠳᠠ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ︵2022 ᠣᠨ ᠤ ᠬᠡᠪᠯᠡᠯ︶︾ ᠳᠤ ᠪᠣᠳᠠᠰ ᠤᠨ ᠬᠠᠪᠰᠤᠷᠤᠯᠭ᠎ᠠ᠂ ᠬᠠᠷᠠᠭᠠᠯᠵᠠᠨ ᠠᠰᠠᠷᠠᠬᠤ ᠦᠢᠯᠡᠴᠢᠯᠡᠭᠡ᠂ ᠨᠠᠰᠤᠲᠠᠶᠢᠴᠤᠳ ᠤᠨ ᠬᠠᠷᠠᠭᠠᠯᠵᠠᠯ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠡᠮᠵᠢᠯᠭᠡ ᠵᠡᠷᠭᠡ 4 ᠲᠥᠷᠥᠯ ᠤᠨ ᠦᠢᠯᠡᠴᠢᠯᠡᠭᠡᠨ ᠤ ᠲᠥᠷᠥᠯ ᠵᠦᠢᠯ ᠪᠠᠭᠲᠠᠵᠤ᠂ ᠨᠡᠶᠢᠲᠡ 28 ᠪᠣᠳᠠᠲᠠᠶ ᠲᠥᠷᠥᠯ ᠵᠦᠢᠯ ᠪᠣᠶ᠃      ᠨᠠᠷᠢᠨ ᠲᠠᠩᠰᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ︵2022 ᠣᠨ ᠤ ᠬᠡᠪᠯᠡᠯ︶︾ ᠶᠢᠨ ᠪᠥᠬᠦ ᠠᠭᠤᠯᠭ᠎ᠠ ᠶᠢ ᠪᠠᠭᠲᠠᠭᠠᠭᠰᠠᠨ ᠤ ᠬᠠᠮᠲᠤ ᠮᠠᠨ ᠤ ᠬᠤᠲᠠ ᠶᠢᠨ ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠳᠤ ᠴᠢᠭᠯᠡᠭᠦᠯᠦᠭᠰᠡᠨ ᠠᠷᠠᠳ ᠲᠤ ᠠᠰᠢᠭ ᠬᠦᠷᠲᠡᠭᠡᠬᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠡᠮᠬᠢᠯᠡᠨ ᠳᠢᠭᠯᠡᠵᠦ᠂ ᠪᠠᠶᠠᠯᠢᠭᠵᠢᠭᠤᠯᠤᠨ ᠲᠡᠭᠦᠯᠳᠡᠷᠵᠢᠭᠦᠯᠪᠡ᠃ ᠨᠠᠷᠢᠨ ᠲᠠᠩᠰᠠ ᠳᠤ ᠮᠠᠨ ᠤ ᠬᠤᠲᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ᠂ ᠦᠢᠯᠡᠴᠢᠯᠡᠬᠦ ᠡᠲᠡᠭᠡᠳ᠂ ᠦᠢᠯᠡᠴᠢᠯᠡᠬᠦ ᠠᠭᠤᠯᠭ᠎ᠠ ᠵᠢᠴᠢ ᠪᠠᠷᠢᠮᠵᠢᠶ᠎ᠠ᠂ ᠦᠢᠯᠡᠴᠢᠯᠡᠬᠦ ᠬᠡᠯᠪᠡᠷᠢ᠂ ᠬᠠᠷᠢᠭᠤᠴᠠᠯᠭᠠᠲᠤ ᠨᠢᠭᠡᠴᠡ᠂ ᠲᠥᠷᠥ ᠶᠢᠨ ᠪᠣᠳᠣᠯᠭ᠎ᠠ ᠶᠢᠨ ᠦᠨᠳᠦᠰᠦᠯᠡᠯ ᠢ ᠲᠣᠳᠣᠷᠬᠠᠶᠢᠯᠠᠪᠠ᠃      ᠨᠢᠭᠡᠳᠦᠭᠡᠷ ᠲᠥᠷᠥᠯ᠄ ᠪᠣᠳᠠᠰ ᠤᠨ ᠬᠠᠪᠰᠤᠷᠤᠯᠭ᠎ᠠ᠃ ᠡᠭᠦᠨ ᠳᠤ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠣᠯᠭᠤᠮᠵᠢ᠂ ᠥᠨᠳᠥᠷ ᠨᠠᠰᠤᠨ ᠤ ᠨᠡᠮᠡᠭᠦᠷᠢ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠥᠬᠦᠪᠥᠷᠢ᠂ ᠠᠵᠤ ᠠᠬᠤᠶ ᠨᠢ ᠬᠦᠴᠢᠷᠳᠡᠯᠲᠡᠶ ᠨᠠᠰᠤᠲᠠᠶᠢᠴᠤᠳ ᠤᠨ ᠰᠤᠪᠢᠯᠠᠯᠲᠠ ᠶᠢᠨ ᠨᠥᠬᠦᠪᠥᠷᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠦᠷ ᠴᠠᠭ ᠠᠪᠤᠷᠠᠨ ᠲᠤᠰᠠᠯᠠᠬᠤ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ᠂ ᠲᠥᠯᠥᠪᠯᠡᠭᠡᠲᠦ ᠦᠷᠡᠵᠢᠯ ᠤᠨ ᠣᠨᠴᠣᠭᠤᠶ ᠭᠡᠷ ᠪᠦᠯᠢ ᠶᠢᠨ ᠣᠨᠴᠣᠭᠤᠶ ᠲᠡᠳᠬᠦᠨ ᠲᠤᠰᠠᠯᠠᠬᠤ ᠮᠥᠩᠭᠦ᠂ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠨᠥᠬᠦᠪᠥᠷᠢ ᠪᠠ ᠬᠦᠨᠳᠦ ᠵᠡᠮᠳᠡᠭᠴᠦᠳ ᠢ ᠰᠤᠪᠢᠯᠠᠬᠤ ᠨᠥᠬᠦᠪᠥᠷᠢ᠂ ᠲᠡᠨᠦᠭᠦᠴᠢᠯᠡᠨ ᠭᠤᠶᠢᠷᠠᠨᠴᠢᠯᠠᠵᠤ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠵᠡᠷᠭᠡ ᠪᠠᠭᠲᠠᠨ᠎ᠠ᠃      ᠬᠤᠶᠠᠳᠤᠭᠠᠷ ᠲᠥᠷᠥᠯ᠄ ᠬᠠᠷᠠᠭᠠᠯᠵᠠᠨ ᠠᠰᠠᠷᠠᠬᠤ ᠦᠢᠯᠡᠴᠢᠯᠡᠭᠡ᠃ ᠡᠭᠦᠨ ᠳᠤ ᠣᠨᠴᠠ ᠬᠦᠴᠢᠷᠳᠡᠯᠲᠡᠶ ᠨᠠᠰᠤᠲᠠᠶᠢᠴᠤᠳ ᠤᠨ ᠬᠡᠷ ᠲᠡᠭᠡᠨ ᠰᠠᠭᠤᠬᠤ ᠳᠤ ᠳᠣᠭᠢᠷᠠᠬᠤ ᠨᠠᠰᠤᠵᠢᠯᠲᠠ ᠶᠢᠨ ᠥᠭᠡᠷᠡᠴᠢᠯᠡᠯᠲᠡ᠂ ᠬᠡᠷ ᠪᠦᠯᠢ ᠶᠢᠨ ᠨᠠᠰᠤᠵᠢᠯ ᠤᠨ ᠠᠰᠠᠷᠠᠮᠵᠢ ᠶᠢᠨ ᠳᠡᠮᠵᠢᠯᠭᠡ ᠶᠢᠨ ᠦᠢᠯᠡᠴᠢᠯᠡᠭᠡ᠂ ᠨᠠᠰᠤᠲᠠᠶᠢᠴᠤᠳ ᠤᠨ ᠴᠢᠳᠠᠪᠤᠷᠢ ᠶᠢ ᠶᠡᠷᠦᠩᠬᠡᠶᠢᠯᠡᠨ ᠦᠨᠡᠯᠡᠨ ᠵᠢᠱᠢᠬᠦ᠂ ᠲᠥᠪᠯᠡᠷᠡᠭᠦᠯᠦᠨ ᠠᠰᠠᠷᠠᠨ ᠲᠡᠵᠢᠭᠡᠬᠦ ᠦᠢᠯᠡᠴᠢᠯᠡᠭᠡ᠂ ᠲᠥᠯᠥᠪᠯᠡᠭᠡᠲᠦ ᠦᠷᠡᠵᠢᠯ ᠤᠨ ᠣᠨᠴᠠᠭᠠᠶ ᠬᠡᠷ ᠪᠦᠯᠢ ᠶᠢᠨ ᠨᠠᠰᠤᠲᠠᠶᠢᠴᠤᠳ ᠤᠨ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢ ᠤᠷᠢᠳᠠᠪᠠᠷ ᠭᠥᠷᠳᠡᠬᠦ ᠵᠡᠷᠭᠡ ᠪᠠᠭᠲᠠᠨ᠎ᠠ᠃      ᠭᠤᠷᠪᠠᠳᠤᠭᠠᠷ ᠲᠥᠷᠥᠯ᠄ ᠨᠠᠰᠤᠲᠠᠶᠢᠴᠤᠳ ᠤᠨ ᠬᠠᠷᠠᠭᠠᠯᠵᠠᠯ᠃ ᠡᠭᠦᠨ ᠳᠤ ᠣᠨᠴᠠ ᠬᠦᠴᠢᠷᠳᠡᠯᠲᠡᠶ ᠨᠠᠰᠤᠲᠠᠶᠢᠴᠤᠳ ᠢ ᠲᠣᠭᠤᠷᠢᠨ ᠦᠵᠡᠵᠦ ᠬᠠᠯᠠᠮᠵᠢᠯᠠᠨ ᠬᠠᠶᠢᠷᠠᠯᠠᠬᠤ᠂ ᠨᠠᠰᠤᠲᠠᠶᠢᠴᠤᠳ ᠤᠨ ᠭᠡᠨᠡᠲᠠᠯ ᠰᠢᠷᠠᠭᠳᠤᠯ ᠤᠨ ᠳᠠᠭᠠᠳᠬᠠᠯ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ ᠨᠠᠰᠤᠲᠠᠶᠢᠴᠤᠳ ᠤᠨ ᠵᠢᠭᠤᠯᠴᠢᠯᠠᠯ ᠰᠡᠯᠡᠭᠦᠴᠡᠯ ᠰᠣᠶᠣᠯ ᠤᠨ ᠠᠵᠢᠯᠯᠠᠭᠠᠨ ᠤ ᠬᠠᠷᠠᠭᠠᠯᠵᠠᠯ᠂ ᠨᠠᠰᠤᠲᠠᠶᠢᠴᠤᠳ ᠤᠨ ᠵᠠᠮ ᠬᠠᠷᠢᠯᠴᠠᠭᠠᠨ ᠤ ᠬᠠᠷᠠᠭᠠᠯᠵᠠᠯ᠂ ᠬᠠᠤᠯᠢ ᠴᠠᠭᠠᠵᠠ ᠶᠢᠨ ᠲᠤᠰᠠᠯᠠᠮᠵᠢ᠂ ᠠᠯᠪᠠᠨ ᠭᠡᠷᠡᠴᠢᠯᠡᠭᠡ ᠶᠢᠨ ᠦᠢᠯᠡᠴᠢᠯᠡᠭᠡ ᠵᠡᠷᠭᠡ ᠪᠠᠭᠲᠠᠨ᠎ᠠ᠃      ᠳᠥᠷᠪᠡᠳᠦᠭᠡᠷ ᠲᠥᠷᠥᠯ᠄ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠡᠮᠵᠢᠯᠭᠡ᠃ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠨᠥᠬᠦᠪᠥᠷᠢ᠂ ᠨᠡᠶᠢᠭᠡᠮ ᠲᠣᠭᠤᠷᠢᠭ ᠤᠨ ᠬᠡᠷ ᠲᠡᠭᠡᠨ ᠨᠠᠰᠤᠵᠢᠯ ᠤᠨ ᠠᠰᠠᠷᠠᠮᠵᠢ ᠬᠦᠷᠲᠡᠬᠦ ᠦᠢᠯᠡᠴᠢᠯᠡᠭᠡᠨ ᠤ ᠲᠥᠬᠦᠭᠡᠷᠦᠮᠵᠢ ᠶᠢ ᠲᠥᠬᠦᠷᠵᠢᠭᠦᠯᠦᠨ ᠪᠠᠶᠢᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠡᠷᠭᠢᠯᠡᠭᠰᠡᠳ ᠤᠨ ᠪᠣᠯᠪᠠᠰᠤᠷᠠᠯ᠂ ᠨᠠᠰᠤᠵᠢᠯ ᠤᠨ ᠪᠠᠶᠢᠭᠤᠯᠤᠮᠵᠢ ᠶᠢᠨ ᠭᠠᠶᠢᠯᠢ ᠰᠦᠢᠳᠬᠡᠯ ᠢ ᠬᠠᠰᠤᠵᠤ ᠭᠡᠯᠳᠦᠷᠢᠭᠦᠯᠬᠦ ᠵᠡᠷᠭᠡ ᠪᠠᠭᠲᠠᠨ᠎ᠠ᠃      ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ ᠬᠤᠲᠠ ᠶᠢᠨ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠬᠥᠮᠦᠨ ᠠᠮᠠ 85 ᠲᠦᠮᠡ ᠪᠠᠶᠢᠵᠤ᠂ ᠪᠥᠬᠦ ᠬᠥᠮᠦᠨ ᠠᠮᠠ ᠶᠢᠨ 21.05 % ᠶᠢ ᠡᠵᠡᠯᠡᠵᠦ᠂ ᠥᠪᠡᠷᠲᠡᠭᠡᠨ ᠵᠠᠰᠠᠬᠤ ᠣᠷᠣᠨ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠠᠪᠠᠪᠠ᠃ ᠨᠠᠷᠢᠨ ᠲᠠᠩᠰᠠ ᠶᠢ ᠨᠡᠶᠢᠲᠡᠯᠡᠬᠦ ᠨᠢ ᠮᠠᠨ ᠤ ᠬᠤᠲᠠ ᠶᠢᠨ ᠵᠠᠰᠠᠭ ᠤᠨ ᠣᠷᠳᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ ᠬᠠᠮᠲᠤ᠂ ᠬᠡᠷ ᠪᠦᠯᠢ ᠪᠣᠯᠤᠨ ᠦᠷ᠎ᠡ ᠬᠡᠦᠬᠡᠳ ᠤᠨ ᠠᠰᠠᠷᠠᠨ ᠲᠡᠵᠢᠭᠡᠬᠦ ᠡᠭᠦᠷᠭᠡ ᠪᠠᠨ ᠰᠠᠶᠢᠲᠤᠷ ᠭᠦᠢᠴᠡᠳᠭᠡᠬᠦ ᠶᠢ ᠰᠢᠮᠳᠠᠭᠤᠯᠵᠤ᠂ ᠪᠥᠬᠦ ᠨᠡᠶᠢᠭᠡᠮ ᠢᠶᠠᠷ ᠢᠶᠠᠨ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠠᠷᠭᠠᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠨᠠᠰᠤᠲᠠᠨ ᠢ ᠠᠰᠠᠷᠠᠬᠤ᠂ ᠨᠠᠰᠤᠲᠠᠨ ᠢᠶᠠᠨ ᠠᠴᠢᠯᠠᠬᠤ ᠂ ᠨᠠᠰᠤᠲᠠᠨ ᠢᠶᠠᠨ ᠬᠦᠨᠳᠦᠯᠡᠬᠦ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠠᠰᠢᠭᠲᠠᠶ ᠶᠤᠮ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ