ᠬᠤᠲᠠ ᠶᠢᠨ ᠵᠠᠰᠠᠭ ᠤᠨ ᠣᠷᠳᠣᠨ 2023 ᠣᠨ ᠤ ᠠᠩᠬᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/2/7
      2 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ 2023 ᠣᠨ ᠤ ᠠᠩᠬᠠᠳᠤᠭᠠᠷ ᠤᠳᠠᠭᠠᠨ ᠤ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠬᠤᠳᠠ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023︱2025︶︾᠂ ︽ᠤᠯᠠᠭᠠᠨᠬᠠᠳᠠ ᠬᠤᠳᠠ ᠶᠢᠨ ᠨᠣᠣᠰᠣ ᠨᠣᠯᠤᠤᠷ ᠤᠨ ᠠᠵᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ ︵2023︱2025︶︾ ᠵᠡᠷᠭᠡ 15 ᠲᠥᠰᠥᠯ ᠂ ︽ᠤᠯᠠᠭᠠᠨᠬᠠᠳᠠ ᠬᠤᠲᠠ ᠶᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠶ ᠪᠥᠬᠦ ᠲᠠᠯ᠎ᠠ ᠪᠠᠷ ᠲᠤᠤᠱᠯᠠᠭᠤᠯᠵᠤ ᠨᠡᠭᠦᠷᠡᠰᠦᠲᠥ᠋ᠷᠥᠭᠴᠢ  ᠶᠢ ᠬᠤᠷᠢᠭᠯᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︽ᠤᠯᠠᠭᠠᠨᠬᠠᠳᠠ ᠬᠤᠲᠠ ᠶᠢᠨ ᠨᠡᠭᠦᠷᠡᠰᠦᠲᠥ᠋ᠷᠥᠭᠴᠢ  ᠶᠢ ᠬᠤᠷᠢᠭᠯᠠᠬᠤ ᠠᠵᠢᠯ ᠤᠨ ᠬᠡᠷᠡᠭᠵᠢᠭᠦᠯᠬᠦ ᠲᠥᠰᠥᠯ︾ ︽ᠤᠯᠠᠭᠠᠨᠬᠠᠳᠠ ᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ︾ ︽ᠤᠯᠠᠭᠠᠨᠬᠠᠳᠠ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠥᠯ︾ ︽ᠤᠯᠠᠭᠠᠨᠬᠠᠳᠠ ᠬᠤᠲᠠ ᠶᠢᠨ ︿ᠨᠢᠭᠡ ᠭᠠᠵᠠᠷ‌ᠬᠤᠶᠠᠷ ᠦᠨᠡᠮᠯᠡᠯ ﹀ ︿ᠨᠢᠭᠡ ᠭᠠᠵᠠᠷ ᠣᠯᠠᠨ ᠦᠨᠡᠮᠯᠡᠯ﹀ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠴᠡᠭ ᠤᠨ ᠠᠵᠢᠯ ᠤᠨ ᠵᠢᠯᠤᠭᠤᠳᠬᠤ ᠰᠠᠨᠠᠯ︾ ︽ᠤᠯᠠᠭᠠᠨᠬᠠᠳᠠ ᠬᠤᠲᠠ ᠶᠢᠨ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭᠠᠨ ᠤ ᠲᠥᠰᠥᠯ︾  ᠵᠡᠷᠭᠡ ᠶᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃    ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠡᠭᠦᠷᠡᠰᠦᠲᠥ᠋ᠷᠥᠭᠴᠢ  ᠶᠢ ᠬᠤᠷᠢᠭᠯᠠᠬᠤ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ  ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠡᠯ᠎ᠡ ᠬᠦᠷᠢᠶᠡᠨ ᠳᠤ ᠲᠤᠤᠱᠯᠠᠭᠤᠯᠵᠤ᠂ ᠳᠦᠷᠢᠮ ᠤᠨ ᠰᠢᠰᠲ᠋ᠥᠮ ᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠬᠠᠷᠠᠯᠲᠠ ᠡᠭᠦᠷᠭᠡ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠨᠢᠭᠡ ᠪᠦᠯᠦᠭ  ᠣᠨᠴᠠᠯᠢᠭᠲᠤ ᠴᠢᠨᠠᠷᠲᠠᠢ᠂ ᠬᠥᠲᠥᠯᠥᠨ ᠳᠠᠭᠠᠭᠤᠯᠬᠤ ᠴᠢᠨᠠᠷᠲᠠᠢ ᠵᠦᠢᠯᠡᠰ ᠢ ᠢᠳᠡᠪᠬᠢᠲᠡᠢ ᠪᠠᠷ ᠲᠥᠯᠥᠪᠵᠢᠭᠦᠯᠦᠨ ᠭᠠᠷᠭᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠬᠡᠯᠪᠡᠷᠢ ᠶᠢᠨ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠴᠢᠳᠠᠮᠵᠢ ᠶᠢ  ᠲᠡᠭᠦᠯᠳᠡᠷᠵᠢᠭᠦᠯᠵᠦ᠂ ᠣᠳᠣᠬᠢᠴᠢᠯᠠᠭᠰᠠᠨ ᠪᠣᠬᠢᠷᠳᠤᠯ ᠦᠭᠡᠢ ᠣᠶᠤᠨᠴᠢ ᠡᠳ᠋ ᠪᠠᠷᠠᠭᠠᠨ ᠤ ᠭᠦᠢᠯᠭᠡᠭᠡᠨ ᠤ   ᠬᠡᠯᠬᠢᠶ᠎ᠡ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠲᠦᠷᠭᠡᠨ ᠲᠡᠭᠦᠯᠳᠡᠷᠵᠢᠭᠦᠯᠵᠦ᠂ ᠬᠤᠯᠢᠮᠠᠭ ᠥᠮᠴᠢᠯᠡᠯ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠪᠥᠭᠡᠳ ᠯᠠᠪᠳᠠᠭᠤᠨ ᠪᠠᠷ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠵᠤ᠂ ᠴᠢᠨᠠᠷ ᠰᠠᠶᠢᠲᠠᠢ ᠠᠵᠤ ᠠᠬᠤᠶᠢᠯᠠᠯ ᠤᠨ ᠬᠠᠮᠢᠶᠠᠷᠤᠯᠲᠠ ᠶᠢᠨ ᠡᠵᠡᠩᠨᠡᠯᠲᠡ ᠶᠢᠨ ᠰᠢᠰᠲ᠋ᠧᠮ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ᠃ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠬᠥᠭᠵᠢᠭᠡᠵᠦ᠂ ᠬᠡᠷᠡᠭᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠵᠣᠬᠢᠴᠠᠭᠤᠯᠤᠨ ᠬᠠᠮᠲᠤᠷᠠᠯᠴᠠᠬᠤ  ᠶᠢ ᠴᠢᠩᠭᠠᠳᠬᠠᠵᠤ᠂ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠵᠢᠱᠢᠭᠰᠡᠨ ᠦᠷ᠎ᠡ ᠪᠦᠲᠦᠮᠵᠢ ᠶᠣᠰᠣ   ᠪᠠᠷ ᠢᠶᠠᠨ ᠪᠡᠶᠡᠯᠡᠭᠦᠯᠬᠦ ᠶᠢ ᠦᠨᠡᠨᠬᠦ ᠠᠬᠢᠭᠤᠯᠬᠤ ᠬᠡᠷᠡᠭᠲᠡᠢ ᠭᠡᠵᠦ  ᠴᠢᠬᠤᠯᠠᠴᠢᠯᠠᠪᠠ᠃      ᠬᠤᠷᠠᠯ ᠠᠴᠠ ᠡᠮᠦᠨ᠎ᠡ ᠪᠠᠰᠠ ᠬᠠᠤᠯᠢ ᠰᠤᠷᠬᠤ ᠠᠵᠢᠯᠯᠠᠭ᠎ᠠ ᠥᠷᠨᠢᠭᠦᠯᠵᠡᠢ᠃     ᠬᠤᠲᠠ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠵᠠᠩ ᠵᠢᠢ ᠺᠠᠩ᠂ ᠯᠢ ᠵᠢᠩ ᠵᠢᠩ᠂ ᠶᠠᠩ ᠮᠦ᠂ ᠵᠣᠣ ᡁᠢ ᠭᠠᠩ᠂ ᠹᠦ᠋ ᠱᠧᠦ ᠯᠢ᠂ ᠵᠠᠩ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃ 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ