| ᠬᠤᠲᠠ ᠶᠢᠨ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠨᠠᠢᠳᠠᠪᠤᠷᠢᠵᠢᠭᠤᠯᠬᠤ᠂ ︽ᠭᠠᠵᠠᠷ ᠰᠢᠷᠣᠢ ᠶᠢᠨ ᠦᠨ᠎ᠡ ᠶᠢ ᠲᠣᠭᠲᠠᠪᠤᠷᠢᠵᠢᠭᠤᠯᠬᠤ᠂ ᠭᠡᠷ | ᠪᠠᠶᠢᠰᠢᠩ ᠤᠨ ᠦᠨ᠎ᠡ ᠶᠢ ᠲᠣᠭᠲᠠᠪᠤᠷᠢᠵᠢᠭᠤᠯᠬᠤ᠂ ᠵᠢᠱᠢᠯᠲᠡ ᠶᠢ ᠲᠣᠭᠲᠠᠪᠤᠷᠢᠵᠢᠭᠤᠯᠬᠤ︾ ᠬᠠᠷᠠᠯᠲᠠ ᠶᠢ ᠪᠡᠶᠡᠯᠡᠭᠦᠯᠵᠦ᠂ ᠭᠡᠷ ᠪᠠᠶᠢᠰᠢᠩ ᠭᠠᠵᠠᠷ ᠰᠢᠷᠣᠢ ᠶᠢᠨ | ᠬᠥᠷᠥᠩᠭᠡ ᠶᠢᠨ ᠵᠠᠬ᠎ᠠ ᠳᠡᠯᠭᠡᠭᠦᠷ ᠤᠨ ᠤᠷᠲᠤ ᠬᠤᠭᠤᠴᠠᠭᠠᠨ ᠤ ᠪᠦᠲᠦᠮᠵᠢᠲᠡᠢ ᠲᠣᠬᠢᠷᠠᠭᠤᠯᠤᠯ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠮᠠᠨ ᠤ | ᠬᠤᠲᠠ ᠶᠢᠨ ᠭᠤᠣᠯ ᠬᠤᠲᠠ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ | ᠬᠥᠭᠵᠢᠬᠦ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ᠂ ᠡᠯ᠎ᠡ ᠲᠠᠯ᠎ᠠ ᠶᠢᠨ ᠰᠠᠨᠠᠯ ᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ ᠭᠤᠤᠯ ᠬᠤᠲᠠ | ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ︽ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ ᠵᠠᠬ᠎ᠠ | ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ ᠣᠯᠠᠨ ᠲᠦᠮᠡᠨ ᠤ ᠣᠷᠣᠨ ᠰᠠᠭᠤᠴᠠ ᠶᠢᠨ ᠵᠦᠶ ᠵᠣᠬᠢᠰᠲᠠᠶ ᠬᠡᠷᠡᠭᠴᠡᠭᠡ ᠶᠢ | ᠬᠠᠩᠭᠠᠬᠤ ᠲᠤᠬᠠᠶ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠰᠠᠨᠠᠯ ᠤᠳ︾ ᠤᠨ ᠰᠠᠭᠤᠷᠢᠨ ᠳᠡᠭᠡᠷ᠎ᠡ᠂ ︽ᠤᠯᠠᠭᠠᠨᠬᠠᠳᠠ | ᠬᠤᠲᠠ ᠶᠢᠨ ᠭᠤᠤᠯ ᠬᠤᠲᠠ ᠲᠣᠭᠤᠷᠢᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ | ᠲᠤᠬᠠᠶ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠤᠭᠤᠷᠪᠢᠪᠠ᠃ ᠲᠣᠰ ︽ᠰᠠᠨᠠᠯ︾ ᠳᠤ ᠶᠠᠮᠠᠷ ᠠᠰᠠᠭᠤᠳᠠᠯ ᠪᠠᠶᠢᠪᠠᠯ ᠶᠠᠮᠠᠷ ᠠᠰᠠᠭᠤᠳᠠᠯ ᠢ | ᠰᠢᠢᠳᠪᠦᠷᠢᠯᠡᠬᠦ ᠵᠠᠷᠴᠢᠮ ᠢ ᠦᠨᠳᠦᠰᠦᠯᠡᠨ᠂ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠠᠪᠴᠤ ᠮᠠᠨ ᠤ ᠬᠤᠲᠠ ᠶᠢᠨ ᠬᠡᠷ ᠪᠠᠶᠢᠰᠢᠩ ᠭᠠᠵᠠᠷ ᠬᠥᠷᠥᠩᠭᠡ ᠶᠢᠨ ᠠᠵᠢᠯ | ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠠᠶᠢᠨ ᠰᠠᠶᠢᠬᠠᠨ ᠬᠥᠭᠵᠢᠯᠲᠡ ᠶᠢᠨ ᠵᠠᠮ ᠳᠤ ᠣᠷᠣᠭᠤᠯᠪᠠ᠃ | ︽ᠰᠠᠨᠠᠯ︾ ᠨᠢ ᠨᠡᠶᠢᠲᠡ 12 ᠵᠣᠷᠪᠤᠰ᠂ ᠡᠭᠦᠨ ᠳᠤ ᠱᠠᠭᠠᠷᠳᠠᠯᠭ᠎ᠠ ᠶᠢᠨ ᠲᠥᠷᠥᠯ 2 ᠵᠣᠷᠪᠤᠰ᠂ ᠡᠭᠦᠨ ᠳᠤ ᠣᠯᠠᠨ ᠨᠡᠶᠢᠲᠡ ᠶᠢᠨ ᠢᠵᠢ ᠪᠦᠷᠢᠳᠦᠭᠦᠯᠬᠦ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ᠂ ᠵᠢᠷᠤᠭ ᠲᠥᠯᠥᠪᠯᠡᠭᠡ ᠶᠢᠨ ᠵᠢᠷᠤᠮᠵᠢᠯ ᠵᠡᠷᠭᠡ ᠪᠠᠭᠲᠠᠨ᠎ᠠ︔ ᠳᠡᠮᠵᠢᠬᠦ ᠲᠥᠷᠥᠯ 10 ᠵᠤᠷᠪᠤᠰ᠂ ᠡᠭᠦᠨ ᠳᠤ ᠣᠷᠣᠨ | ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ᠂ ᠣᠯᠠᠨ ᠬᠡᠦᠬᠡᠳ ᠠᠪᠤᠭᠰᠠᠨ ᠬᠡᠷ ᠪᠦᠯᠢ ᠶᠢᠨ ᠲᠥᠷᠥ ᠶᠢᠨ ᠪᠣᠳᠣᠯᠭ᠎ᠠ ᠶᠢᠨ | ᠳᠡᠮᠵᠢᠯᠭᠡ᠂ ᠮᠥᠩᠭᠦᠨ ᠭᠦᠢᠯᠭᠡᠭᠡᠨ ᠤ ᠳᠡᠮᠵᠢᠯᠭᠡ᠂ ᠪᠣᠬᠢᠷᠲᠤᠯ ᠥᠬᠡᠶ ᠪᠠᠷᠢᠯᠭ᠎ᠠ᠂ ᠲᠡᠷᠭᠡ ᠵᠣᠭᠰᠣᠬᠤ ᠪᠠᠶᠢᠷᠢ ᠶᠢᠨ ᠲᠣᠬᠢᠷᠠᠭᠤᠯᠤᠯᠲᠠ ᠬᠠᠷᠢᠴᠠᠯ᠂ ᠲᠤᠰᠢᠶᠠᠨ | ᠥᠭᠬᠦ ᠬᠤᠭᠤᠴᠠᠭ᠎ᠠ ᠶᠢ ᠤᠷᠳᠤᠳᠬᠠᠬᠤ᠂ ᠬᠢᠨᠠᠨ ᠬᠠᠮᠢᠶᠠᠷᠬᠤ ᠪᠠᠯᠠ ᠮᠥᠩᠭᠦ ᠶᠢ ᠠᠮᠢᠳᠤᠯᠢᠭ ᠢᠶᠠᠷ ᠬᠡᠷᠡᠭᠯᠡᠬᠦ᠂ ᠡᠮᠦᠨᠡᠬᠢ ᠬᠤᠭᠤᠴᠠᠭᠠᠨ ᠤ ᠲᠥᠯᠥᠪᠵᠢᠭᠦᠯᠭᠡ᠂ | ᠢᠵᠢ ᠪᠥᠷᠢᠳᠦᠭᠦᠯᠬᠦ ᠬᠤᠳᠠᠯᠳᠤᠭᠠᠨ ᠤ ᠬᠡᠪᠴᠢᠶ᠎ᠡ ᠶᠢ ᠳᠡᠭᠡᠭᠰᠢᠯᠡᠭᠦᠯᠬᠦ᠂ ᠭᠠᠵᠠᠷ ᠰᠢᠷᠣᠶ ᠠᠪᠤᠮᠠᠭᠴᠠ ᠠᠵᠢᠯ ᠡᠬᠢᠯᠡᠭᠦᠯᠬᠦ ᠵᠡᠷᠭᠡ ᠪᠠᠭᠲᠠᠨ᠎ᠠ᠃ | ᠨᠢᠭᠡᠳᠦᠭᠡᠷ ᠵᠣᠷᠪᠤᠰ ︽ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠡᠮᠵᠢᠯᠭᠡ︾ ᠨᠢ ᠬᠡᠷ ᠪᠠᠶᠢᠰᠢᠩ ᠬᠤᠳᠠᠯᠳᠤᠨ ᠠᠪᠤᠭᠴᠢ ᠶᠢᠨ ᠳᠠᠷᠤᠭᠠᠰᠤ ᠶᠢ | ᠬᠥᠩᠭᠡᠷᠡᠭᠦᠯᠵᠦ᠂ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠬᠤ ᠶᠢᠨ ᠲᠥᠯᠥᠭᠡ ᠶᠤᠮ᠃ | ᠬᠤᠶᠠᠳᠤᠭᠠᠷ ᠵᠣᠷᠪᠤᠰ ︽ᠬᠤᠶᠠᠳᠤᠭᠠᠷ ᠢᠵᠢ ᠲᠠᠸᠠᠷ ᠤᠨ ᠣᠷᠣᠨ ᠰᠠᠭᠤᠴᠠ ᠶᠢ ᠠᠩᠬ᠎ᠠ ᠢᠵᠢ ᠶᠢᠨ ᠲᠥᠷᠥ ᠶᠢᠨ ᠪᠣᠳᠣᠯᠭ᠎ᠠ ᠪᠠᠷ ᠬᠡᠷᠡᠭᠵᠢᠭᠦᠯᠬᠦ︾ ᠨᠢ | ᠬᠤᠶᠠᠷ ᠬᠡᠦᠬᠡᠳ ᠵᠢᠴᠢ ᠲᠡᠭᠦᠨ ᠠᠴᠠ ᠠᠷᠪᠢᠨ ᠬᠡᠦᠬᠡᠳ ᠲᠠᠢ ᠬᠡᠷ ᠪᠦᠯᠢ ᠶᠢᠨ ᠣᠯᠠᠨ ᠢᠵᠢ ᠲᠠᠸᠠᠷ ᠤᠨ ᠣᠷᠣᠨ ᠰᠠᠭᠤᠴᠠ ᠬᠤᠳᠠᠯᠳᠤᠨ ᠠᠪᠬᠤ ᠳᠠᠷᠤᠭᠠᠰᠤ ᠶᠢ | ᠬᠥᠩᠭᠡᠷᠡᠭᠦᠯᠬᠦ ᠶᠢᠨ ᠲᠥᠯᠥᠭᠡ ᠶᠤᠮ᠃ | ᠭᠤᠷᠪᠠᠳᠤᠭᠠᠷ ᠵᠣᠷᠪᠤᠰ ︽ᠡᠷᠭᠢᠨ ᠲᠣᠭᠤᠷᠢᠨ ᠳᠠᠬᠢ ᠬᠤᠲᠠ ᠶᠢᠨ ᠲᠥᠬᠦᠷᠵᠢᠭᠦᠯᠦᠯᠲᠡ︾ ᠨᠢ ᠭᠡᠷ ᠬᠤᠳᠠᠯᠳᠤᠨ ᠠᠪᠤᠭᠴᠢ ᠶᠢᠨ ᠣᠷᠣᠨ ᠰᠠᠭᠤᠴᠠ ᠶᠢᠨ | ᠰᠠᠭᠤᠷᠢ ᠬᠡᠷᠡᠭᠴᠡᠭᠡ ᠶᠢ ᠪᠠᠲᠤᠯᠠᠬᠤ ᠶᠢᠨ ᠲᠥᠯᠥᠭᠡ ᠶᠤᠮ᠃ | ᠳᠥᠷᠪᠡᠳᠦᠭᠡᠷ ᠵᠣᠷᠪᠤᠰ ︽ᠨᠡᠶᠢᠯᠡᠮᠡᠯ ᠵᠢᠭᠡᠯᠡᠯᠭᠡ︾ ᠨᠢ ᠭᠡᠷ ᠬᠤᠳᠠᠯᠳᠤᠨ ᠠᠪᠤᠭᠴᠢ ᠶᠢᠨ ᠳᠠᠷᠤᠭᠠᠰᠤ ᠶᠢ ᠬᠥᠩᠭᠡᠷᠡᠭᠦᠯᠵᠦ᠂ ᠵᠠᠬ᠎ᠠ ᠳᠡᠯᠭᠡᠭᠦᠷ ᠢ | ᠬᠥᠭᠵᠢᠶᠡᠨ ᠲᠠᠢ ᠪᠣᠯᠭᠠᠬᠤ ᠶᠢᠨ ᠲᠥᠯᠥᠭᠡ ᠶᠤᠮ᠃ | ᠲᠠᠪᠤᠳᠤᠭᠠᠷ ᠵᠣᠷᠪᠤᠰ ︽ᠪᠣᠬᠢᠷᠲᠤᠯ ᠥᠬᠡᠶ ᠪᠠᠷᠢᠯᠭ᠎ᠠ︾ ᠨᠢ ᠶᠡᠭᠡ ᠲᠠᠯᠠᠪᠠᠢ ᠲᠠᠢ ᠣᠷᠣᠨ ᠰᠠᠭᠤᠴᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠬᠤ ᠶᠢ | ᠵᠣᠷᠢᠭᠵᠢᠭᠤᠯᠬᠤ ᠶᠢᠨ ᠲᠥᠯᠥᠭᠡ ᠶᠤᠮ᠃ | ᠵᠢᠷᠭᠤᠳᠤᠭᠠᠷ ᠵᠣᠷᠪᠤᠰ ︽ᠲᠡᠷᠭᠡ ᠵᠣᠭᠰᠣᠬᠤ ᠪᠠᠶᠢᠷᠢ ᠶᠢᠨ ᠲᠣᠬᠢᠷᠠᠭᠤᠯᠤᠯᠲᠠ ᠬᠠᠷᠢᠴᠠᠯ︾ ᠨᠢ ᠭᠤᠤᠯᠳᠠᠭᠤ ᠣᠷᠣᠨ ᠪᠠᠶᠢᠷᠢ ᠶᠢᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠲᠡᠷᠭᠡ ᠵᠣᠭᠰᠣᠬᠤ ᠪᠠᠶᠢᠷᠢ ᠶᠢ ᠵᠦᠶ ᠵᠣᠬᠢᠰᠲᠠᠶ ᠬᠠᠷᠢᠴᠠᠯ ᠲᠠᠢ ᠲᠣᠬᠢᠷᠠᠭᠤᠯᠬᠤ ᠶᠢᠨ ᠲᠥᠯᠦᠭᠡ᠃ | ᠳᠣᠯᠣᠳᠤᠭᠠᠷ ᠵᠣᠷᠪᠤᠰ ᠨᠢ ᠬᠢᠵᠢᠭ ᠤᠨ ᠪᠠᠶᠢᠳᠠᠯ ᠠᠴᠠ ᠪᠣᠯᠤᠭᠰᠠᠨ ᠶᠡᠭᠡ ᠬᠡᠪᠴᠢᠶᠡᠨ ᠤ ᠭᠡᠷ᠎ᠡ ᠠᠴᠠ ᠵᠥᠷᠢᠴᠡᠵᠦ ᠬᠡᠷ ᠪᠠᠶᠢᠰᠢᠩ ᠲᠤᠰᠢᠶᠠᠬᠤ ᠶᠢ | ᠨᠠᠮᠳᠠᠭᠤᠯᠬᠤ ᠶᠢᠨ ᠲᠥᠯᠥᠭᠡ ᠶᠤᠮ᠃ | ᠨᠠᠢᠮᠠᠳᠤᠭᠠᠷ ᠵᠣᠷᠪᠤᠰ ︽ᠪᠠᠲᠤᠯᠠᠭ᠎ᠠ ᠶᠢᠨ ᠪᠢᠴᠢᠭ ᠪᠢᠴᠢᠵᠦ ᠥᠭᠬᠦ︾ ᠨᠢ ᠠᠵᠤ ᠠᠬᠤᠶᠢᠯᠠᠯ ᠤᠨ ᠪᠠᠯᠠ ᠮᠥᠩᠭᠦ ᠶᠢᠨ ᠳᠠᠷᠤᠯᠲᠠ ᠶᠢ ᠬᠥᠩᠭᠡᠷᠡᠭᠦᠯᠬᠦ ᠶᠢᠨ | ᠲᠥᠯᠥᠭᠡ ᠶᠤᠮ᠃ | ᠶᠢᠰᠦᠳᠦᠭᠡᠷ ᠵᠣᠷᠪᠤᠰ ︽ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ︾ ᠨᠢ ᠬᠤᠲᠠ ᠶᠢᠨ ᠬᠡᠷᠡᠭᠴᠡᠭᠡ ᠶᠢ ᠦᠨᠳᠦᠰᠦᠯᠡᠨ ᠠᠮᠢᠳᠤᠯᠢᠭ ᠢᠶᠠᠷ ᠨᠡᠭᠡᠭᠡᠨ | ᠬᠥᠭᠵᠢᠭᠦᠯᠵᠦ ᠪᠥᠲᠥᠭᠡᠨ ᠪᠠᠶᠢᠭᠤᠯᠬᠤ ᠶᠢᠨ ᠲᠥᠯᠥᠭᠡ ᠶᠤᠮ᠃ | ᠠᠷᠪᠠᠳᠤᠭᠠᠷ ᠵᠣᠷᠪᠤᠰ ᠨᠢ ᠢᠵᠢ ᠪᠦᠷᠢᠳᠦᠭᠦᠯᠬᠦ ᠬᠤᠳᠠᠯᠳᠤᠭᠠᠨ ᠤ ᠬᠡᠪᠴᠢᠶ᠎ᠡ ᠶᠢ ᠵᠦᠶ ᠵᠣᠬᠢᠰᠲᠠᠶ ᠬᠢᠵᠠᠭᠠᠷᠯᠠᠬᠤ ᠶᠢᠨ ᠲᠥᠯᠥᠭᠡ ᠶᠤᠮ᠃ | ᠠᠷᠪᠠᠨ ᠨᠢᠭᠡᠳᠦᠭᠡᠷ ᠵᠣᠷᠪᠤᠰ ᠨᠢ ᠣᠷᠣᠨ ᠰᠠᠭᠤᠴᠠ ᠶᠢᠨ ᠠᠰᠠᠷ ᠤᠨ ᠪᠠᠷᠢᠯᠭ᠎ᠠ ᠶᠢᠨ ᠥᠷᠭᠡᠴᠡ᠂ ᠭᠠᠵᠠᠷ ᠳᠤᠤᠷᠠᠬᠢ ᠥᠷᠥᠭᠡ ᠳᠤ ᠪᠠᠶᠢᠷᠢᠯᠠᠭᠤᠯᠤᠭᠰᠠᠨ | ᠴᠣᠩᠬᠤ᠂ ᠬᠠᠳᠠᠭᠠᠯᠠᠬᠤ ᠥᠷᠥᠭᠡ ᠵᠢᠴᠢ ᠲᠡᠭᠦᠨ ᠤ ᠲᠠᠰᠤᠯᠠᠬᠤ ᠬᠡᠯᠪᠡᠷᠢ ᠳᠤ ᠤᠯᠠᠮ ᠨᠢᠭᠡ ᠠᠯᠬᠤᠮ ᠱᠠᠭᠠᠷᠳᠠᠯᠭ᠎ᠠ ᠲᠠᠯᠪᠢᠬᠤ ᠶᠢᠨ ᠲᠥᠯᠦᠭᠡ ᠶᠤᠮ᠃ | ᠠᠷᠪᠠᠨ ᠬᠤᠶᠠᠳᠤᠭᠠᠷ ᠵᠣᠷᠪᠤᠰ ︽ᠲᠥᠯᠥᠪᠵᠢᠭᠦᠯᠭᠡ ᠶᠢᠨ ᠲᠥᠰᠦᠯ︾ ᠨᠢ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠵᠢᠷᠤᠭᠯᠠᠨ | ᠲᠥᠯᠥᠪᠯᠡᠬᠦ ᠶᠢ ᠳᠡᠮᠵᠢᠵᠦ᠂ ᠬᠡᠷ ᠪᠠᠶᠢᠰᠢᠩ ᠤᠨ ᠪᠠᠷᠢᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃ | | |