︽ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠭᠡᠷ ᠪᠦᠯᠢ ᠶᠢᠨ ᠡᠶ᠎ᠡ ᠵᠣᠬᠢᠴᠠᠯ ᠲᠣᠭᠲᠠᠭᠤᠨ ᠢ ᠠᠬᠢᠭᠤᠯᠬᠤ︾ ᠵᠢᠴᠢ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/10
     3 ᠰᠠᠷ᠎ᠠ ᠶᠢᠨ 8 ᠤ ᠡᠳᠦᠷ᠂ ᠤᠯᠠᠭᠠᠨᠬᠠᠳᠠ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠪᠣᠯᠤᠨ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠤᠭ᠎ᠠ ︽ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ ᠬᠡᠷ ᠪᠦᠯᠢ ᠶᠢᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠠᠬᠢᠭᠤᠯᠬᠤ︾ ᠭᠤᠤᠯ ᠰᠡᠳᠦᠪᠲᠦ ᠵᠢᠴᠢ ᠬᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠲᠠᠨ ᠠᠴᠠ ᠬᠠᠮᠢᠶ᠎ᠠ ᠪᠦᠬᠦᠢ ᠬᠦᠷᠢᠶᠡᠨ ᠤ ᠪᠣᠳᠠᠲᠠᠢ ᠠᠵᠢᠯ ᠤᠨ ᠪᠠᠶᠢᠳᠠᠯ ᠪᠠ ᠳᠠᠷᠠᠭ᠎ᠠ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠲᠠᠨᠢᠯᠴᠠᠭᠤᠯᠪᠠ᠃     ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠤᠯᠠᠭᠠᠨᠬᠠᠳᠠ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠤᠳᠠᠯ ᠥᠬᠡᠶ ᠨᠡᠶᠢᠲᠡᠯᠡᠬᠦ ᠭᠡᠵᠦ ᠪᠠᠶᠢᠭ᠎ᠠ ︽ᠤᠯᠠᠭᠠᠨᠬᠠᠳᠠ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠴᠠᠭᠠᠨ ᠭᠠᠳᠠᠷᠳᠤ ᠪᠢᠴᠢᠭ︾ ᠢᠶᠠᠷ ᠠᠴᠢᠶᠠᠯᠠᠪᠤᠷᠢ ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠪᠦᠬᠦ ᠬᠤᠲᠠ ᠶᠢᠨ ᠰᠢᠭᠦᠬᠦ ᠬᠤᠷᠢᠶᠠᠨ ᠤ ᠣᠶᠢᠷ᠎ᠠ ᠶᠢᠨ ᠭᠤᠷᠪᠠᠨ ᠵᠢᠯ ᠤᠨ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠠᠵᠢᠯ ᠤᠨ ᠪᠠᠶᠢᠳᠠᠯ ᠢ ᠨᠡᠶᠢᠲᠡᠯᠡᠵᠦ᠂ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠳᠤ ᠢᠯᠡᠷᠡᠭᠰᠡᠨ ᠰᠢᠨ᠎ᠡ ᠬᠤᠪᠢᠷᠠᠯᠲᠠ᠂ ᠰᠢᠨ᠎ᠡ ᠣᠨᠴᠠᠯᠢᠭ ᠲᠠᠢ ᠤᠶᠠᠯᠳᠤᠭᠤᠯᠤᠨ᠂ ᠪᠦᠬᠦ ᠬᠤᠲᠠ ᠶᠢᠨ ᠰᠢᠭᠦᠬᠦ ᠬᠤᠷᠢᠶᠠᠨ ᠤ ᠭᠡᠷ ᠤᠨ ᠶᠠᠪᠤᠳᠠᠯ ᠤᠨ ᠰᠢᠭᠦᠨ ᠲᠠᠰᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠭᠡᠷ ᠪᠦᠯᠢ ᠶᠢᠨ ᠡᠶ᠎ᠡ ᠵᠣᠬᠢᠴᠠᠯ ᠪᠠ ᠨᠡᠶᠢᠭᠡᠮ ᠤᠨ ᠠᠮᠤᠷ ᠲᠣᠭᠲᠠᠭᠤᠨ ᠢ ᠠᠬᠢᠭᠤᠯᠬᠤ ᠳᠤ ᠨᠠᠩ ᠣᠯᠠᠨ ᠴᠢᠷᠮᠠᠶᠢᠯᠭ᠎ᠠ ᠭᠠᠷᠭᠠᠬᠤ ᠪᠣᠯᠤᠨ᠎ᠠ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮᠡᠭᠲᠡᠶᠢᠴᠦᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠰᠤᠷᠭᠠᠨ ᠬᠥᠮᠦᠵᠢᠯ ᠢ ᠠᠬᠢᠭᠤᠯᠬᠤ ᠲᠦᠷᠢᠮ︾ ᠤᠨ ᠬᠤᠶᠠᠷ ᠬᠠᠤᠯᠢ ᠴᠠᠭᠠᠵᠠ ᠪᠠ ᠲᠦᠷᠢᠮ ᠢ ᠵᠠᠯᠭᠠᠭ᠎ᠠ ᠪᠠᠷ ᠬᠡᠷᠡᠭᠵᠢᠭᠦᠯᠬᠦ ᠲᠠᠰᠢᠷᠠᠮ ᠳᠤ᠂ ᠤᠯᠠᠭᠠᠨᠬᠠᠳᠠ ᠬᠤᠲᠠ ᠶᠢᠨ ᠡᠮᠡᠭᠲᠡᠶᠢᠴᠦᠳ ᠤᠨ ᠬᠤᠯᠪᠣᠭ᠎ᠠ ᠰᠠᠯᠠᠭ᠎ᠠ ᠮᠥᠴᠢᠷ ᠤᠨ ᠬᠠᠮᠵᠢᠯᠴᠠᠨ ᠬᠥᠳᠡᠯᠦᠯᠴᠡᠬᠦ ᠶᠢ ᠴᠢᠩᠭᠠᠳᠬᠠᠬᠤ ᠠᠴᠠ᠂ ᠡᠮᠡᠭᠲᠡᠶᠢᠴᠦᠳ ᠬᠡᠦᠬᠡᠳ ᠤᠨ ᠣᠷᠣᠰᠢᠨ ᠲᠣᠭᠲᠠᠨᠢᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠰᠢᠯᠤᠭᠤᠳᠬᠠᠵᠤ᠂ ᠣᠷᠤᠭ ᠬᠡᠷ ᠪᠦᠯᠢ ᠶᠢ ᠵᠢᠯᠣᠭᠤᠳᠬᠤ ᠦᠢᠯᠡᠴᠢᠯᠡᠭᠡ ᠥᠷᠨᠢᠭᠦᠯᠵᠦ᠂ ᠣᠷᠤᠭ ᠰᠢᠯᠵᠢᠭᠦᠯᠦᠯᠲᠡ ᠶᠢᠨ ᠵᠥᠪᠯᠡᠯ ᠤᠨ ᠪᠠᠶᠢᠭᠤᠯᠤᠯᠲᠠ ᠶᠢ ᠠᠬᠢᠭᠤᠯᠤᠨ᠂ ᠣᠷᠤᠭ ᠰᠢᠯᠵᠢᠭᠦᠯᠦᠯᠲᠡ ᠶᠢᠨ ᠲᠤᠰᠬᠠᠶ ᠦᠢᠯᠡᠴᠢᠯᠡᠭᠡ ᠥᠷᠨᠢᠭᠦᠯᠵᠦ᠂ ᠲᠣᠭᠲᠠᠴᠠ ᠶᠢ ᠲᠡᠭᠦᠯᠳᠡᠷᠵᠢᠭᠦᠯᠦᠨ᠂ ᠢᠵᠢ ᠪᠦᠷᠢᠳᠦᠭᠦᠯᠬᠦ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠨᠠᠷᠢᠨ ᠲᠠᠨᠢᠯᠴᠠᠭᠤᠯᠵᠤ᠂ ᠲᠠᠷᠠᠭᠠᠴᠢ ᠶᠢᠨ ᠠᠯᠬᠤᠮ ᠳᠤ ᠡᠮᠡᠭᠲᠡᠶᠢᠴᠦᠳ ᠬᠡᠦᠬᠡᠳ ᠤᠨ ᠬᠠᠤᠯᠢ ᠶᠣᠰᠣᠨ ᠤ ᠡᠷᠬᠡ ᠠᠰᠢᠭ ᠢ ᠦᠷᠭᠦᠯᠵᠢᠯᠡᠨ ᠬᠠᠮᠠᠭᠠᠯᠠᠨ᠂ ᠭᠡᠷ ᠪᠦᠯᠢ ᠶᠢᠨ ᠡᠶ᠎ᠡ ᠵᠣᠬᠢᠴᠠᠯ ᠲᠣᠭᠲᠠᠭᠤᠨ ᠪᠠᠶᠢᠬᠤ ᠶᠢ ᠠᠬᠢᠭᠤᠯᠬᠤ ᠪᠠᠷ ᠭᠤᠣᠯᠳᠠᠯᠭ᠎ᠠ ᠪᠣᠯᠭᠠᠵᠤ᠂ ᠦᠷᠭᠦᠯᠵᠢᠯᠡᠨ ᠭᠡᠷ ᠪᠦᠯᠢ ᠶᠢᠨ ᠵᠣᠯ ᠵᠢᠷᠭᠠᠯ ᠢ ᠠᠬᠢᠭᠤᠯᠬᠤ᠂ ᠨᠡᠶᠢᠭᠡᠮ ᠤᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ ᠢᠳᠡᠪᠬᠢᠲᠡᠶ ᠦᠢᠯᠡᠳᠦᠯ ᠢᠶᠠᠨ ᠪᠠᠳᠠᠷᠠᠭᠤᠯᠤᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ