| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 13 ᠤ ᠴᠠᠭᠢᠯᠭᠠᠨ ᠮᠡᠳᠡᠭᠡᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 13 ᠤ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ | ᠰᠤᠷᠪᠤᠯᠵᠢᠯᠠᠬᠴᠢᠳ ᠤᠨ ᠬᠤᠷᠠᠯ ᠬᠢᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠶᠡᠭᠡ ᠬᠤᠷᠠᠯ ᠤᠨ ᠥᠭᠦᠯᠡᠭᠴᠢ ᠸᠠᠩ | ᠴᠤᠤ ᠶᠢᠨ ᠤᠷᠢᠯᠭ᠎ᠠ ᠪᠠᠷ ᠰᠤᠷᠪᠤᠯᠵᠢᠯᠠᠬᠴᠢᠳ ᠤᠨ ᠬᠤᠷᠠᠯ ᠳᠤ ᠣᠷᠣᠯᠴᠠᠬᠰᠠᠨ ᠤ ᠬᠠᠮᠲᠤ ᠳᠤᠮᠳᠠᠳᠤ ᠭᠠᠳᠠᠭᠠᠳᠤ ᠶᠢᠨ ᠰᠤᠷᠪᠤᠯᠵᠢᠯᠠᠬᠴᠢᠳ ᠤᠨ ᠳᠤᠷᠠᠳᠤᠭᠰᠠᠨ | ᠠᠰᠠᠭᠤᠯᠲᠠ ᠶᠢ ᠬᠠᠷᠢᠭᠤᠯᠪᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ᠂ ᠾᠧ ᠯᠢ ᠹᠧᠩ᠂ ᠵᠠᠩ ᠭᠦᠸᠧ | ᠴᠢᠩ᠂ ᠯᠢᠦ ᠭᠦᠸᠧ ᠵᠦᠩ ᠣᠷᠣᠯᠴᠠᠵᠠᠢ᠃ | | | | | ᠰᠤᠷᠪᠤᠯᠵᠢᠯᠠᠬᠴᠢᠳ ᠤᠨ ᠬᠤᠷᠠᠯ ᠡᠭᠢᠯᠡᠭᠦ ᠦᠶ᠎ᠡ ᠳᠤ ᠯᠢ ᠴᠢᠶᠠᠩ᠂ ᠥᠨᠥᠳᠥᠷ ᠵᠠᠭᠤᠴᠢᠯᠠᠭᠤᠷ ᠤᠨ ᠨᠠᠶᠢᠵᠠ ᠨᠠᠷ ᠲᠠᠢ ᠠᠳᠡ ᠠᠭᠤᠯᠵᠠᠵᠤ ᠰᠠᠨᠠᠯ ᠢᠶᠠᠨ | ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠡᠩ ᠲᠡᠷᠢᠭᠦᠨ ᠳᠤ ᠤᠯᠠᠨ ᠤ ᠡᠨᠡ ᠤᠳᠠᠭ᠎ᠠ ᠶᠢᠨ ᠳᠤᠮᠳᠠᠳᠤ ᠤᠯᠤᠰ ᠤᠨ ᠬᠤᠶᠠᠷ ᠬᠤᠷᠠᠯ ᠢ | ᠮᠡᠳᠡᠭᠡᠯᠡᠬᠦ ᠶᠢᠨ ᠲᠥᠯᠥᠭᠡ ᠭᠠᠷᠭᠠᠭᠰᠠᠨ ᠶᠠᠳᠠᠷᠠᠯ ᠵᠦᠳᠡᠷᠡᠯ ᠳᠤ ᠲᠠᠯᠠᠷᠬᠠᠵᠤ ᠪᠠᠶᠢᠨ᠎ᠠ ᠭᠡᠵᠦ ᠬᠡᠯᠡᠪᠡ᠃ ᠯᠢ ᠴᠢᠶᠠᠩ᠂ ᠪᠢᠳᠡ ᠨᠠᠮ ᠪᠣᠯᠣᠨ ᠠᠷᠠᠳ ᠲᠦᠮᠡᠨ ᠤ | ᠢᠲᠡᠭᠡᠯ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠡᠭᠦᠷᠭᠡᠯᠡᠵᠦ ᠪᠠᠶᠢᠭ᠎ᠠ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠥᠩᠭᠡ ᠭᠡᠷᠡᠯᠲᠡᠢ ᠭᠡᠳᠡᠭ ᠢ ᠴᠦ | ᠭᠦᠨᠵᠡᠭᠡᠢ ᠣᠶᠢᠯᠠᠭᠠᠵᠤ ᠪᠠᠶᠢᠨ᠎ᠠ᠃ ᠪᠢᠳᠡ ᠯᠠᠪᠲᠠᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠥᠷᠭᠡᠨ ᠤᠯᠠᠨ ᠠᠷᠠᠳ ᠲᠦᠮᠡᠨ ᠳᠤ ᠴᠢᠩᠭ᠎ᠠ ᠲᠦᠰᠢᠭᠯᠡᠨ᠂ ᠬᠦᠴᠦᠯᠡᠨ ᠴᠢᠷᠮᠠᠶᠢᠵᠤ ᠵᠢᠳᠬᠦᠯ ᠭᠠᠷᠭᠠᠬᠤ ᠤᠶᠤᠨ ᠰᠠᠨᠠᠭᠠᠨ ᠤ | ᠳᠦᠷᠰᠦ ᠪᠠᠶᠢᠳᠠᠯ ᠪᠠ ︽ᠴᠠᠭ ᠢᠮᠠᠭᠲᠠ ᠰᠡᠳᠬᠢᠯ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠤᠬᠠᠮᠰᠠᠷ ᠢᠶᠠᠷ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ | ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠣᠮᠤᠭ ᠵᠣᠷᠢᠭ ᠪᠠᠳᠠᠷᠠᠩᠭᠤᠢ ᠪᠠᠷ ᠡᠷᠡᠮᠡᠬᠡᠶᠢᠯᠡᠨ ᠤᠷᠤᠭᠰᠢᠯᠠᠵᠤ᠂ | ᠨᠡᠶᠢᠲᠡ ᠶᠢᠨ ᠲᠥᠯᠥᠭᠡ ᠠᠷᠢᠭᠤᠨ ᠴᠢᠬᠡᠴᠢ ᠪᠠᠷ ᠵᠢᠳᠬᠦᠵᠦ᠂ ᠦᠨᠡᠨ ᠰᠡᠳᠬᠢᠯ ᠠᠴᠠ ᠪᠠᠨ ᠮᠡᠷᠡᠶᠢᠨ ᠵᠢᠳᠬᠦᠵᠦ᠂ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ | ᠦᠭᠡᠢ ᠶᠤᠮ ᠭᠡᠵᠦ ᠢᠯᠡᠳᠬᠡᠪᠡ᠃ | ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠰᠤᠷᠪᠤᠯᠵᠢᠯᠠᠬᠴᠢ᠄ ᠡᠩ ᠲᠡᠷᠢᠭᠦᠨ ᠳᠤ ᠲᠠ ᠪᠣᠯᠣᠨ ᠳᠥᠷᠪᠡᠨ ᠳᠡᠳ᠋ ᠶᠡᠷᠦᠩᠬᠡᠢ ᠰᠠᠶᠢᠳ ᠤᠨ | ᠰᠢᠨ᠎ᠡ ᠪᠠᠷ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠵᠦ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭ᠎ᠠ | ᠪᠤᠯᠬᠤ ᠢᠷᠡᠭᠡᠳᠦᠢ ᠶᠢᠨ ᠲᠠᠪᠤᠨ ᠵᠢᠯ ᠨᠢ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠤᠯᠤᠰ ᠲᠤ ᠠᠪᠴᠤ ᠬᠡᠯᠡᠪᠡᠯ | ᠡᠭᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠢᠨ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠤ ᠠᠵᠢᠯ ᠢ ᠲᠤᠶᠢᠯ ᠢᠶᠠᠷ ᠠᠩᠬᠠᠷᠴᠤ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠵᠠᠰᠠᠭ ᠶᠠᠪᠤᠭᠤᠯᠬᠤ ᠬᠠᠷᠠᠯᠲᠠ ᠨᠢ ᠶᠠᠭᠤ ᠪᠤᠶ︖ | ᠶᠠᠮᠠᠷ ᠶᠠᠮᠠᠷ ᠠᠵᠢᠯ ᠤᠨ ᠭᠤᠣᠯᠳᠠᠯᠭ᠎ᠠ ᠪᠠᠶᠢᠬᠤ ᠪᠤᠶ︖ ᠠᠵᠢᠯ ᠢᠶᠠᠨ ᠬᠡᠷᠬᠢᠨ ᠥᠷᠨᠢᠭᠦᠯᠬᠦ ᠪᠤᠢ︖ | ᠯᠢ ᠴᠢᠶᠠᠩ᠄ ᠲᠠᠨ ᠤ ᠪᠠᠶᠠᠷ ᠬᠦᠷᠭᠡᠭᠰᠡᠨ ᠳᠤ ᠲᠠᠯᠠᠷᠬᠠᠵᠤ ᠪᠠᠶᠢᠨ᠎ᠠ᠂ ᠲᠠ ᠤᠯᠠᠨ ᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ | ᠬᠠᠯᠠᠮᠵᠢᠯᠠᠵᠤ ᠪᠠᠶᠢᠭ᠎ᠠ ᠳᠤ ᠲᠠᠯᠠᠷᠬᠠᠵᠤ ᠪᠠᠶᠢᠨ᠎ᠠ᠃ | ᠨᠢᠳᠤᠨᠤᠨ ᠤ 10 ᠰᠠᠷ᠎ᠠ ᠳᠤ ᠬᠤᠷᠠᠯᠳᠤᠭᠤᠯᠤᠭᠰᠠᠨ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠨ ᠤ ᠤᠯᠤᠰ ᠤᠨ ᠬᠤᠶᠢᠰᠢᠳᠠ ᠶᠢᠨ ᠲᠠᠪᠤᠨ ᠵᠢᠯ ᠪᠠ | ᠨᠡᠩ ᠤᠷᠳᠤ ᠬᠤᠭᠤᠴᠠᠭᠠᠨ ᠤ ᠬᠥᠭᠵᠢᠯᠲᠡ ᠳᠤ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠪᠡ᠂ ᠤᠯᠠᠨ ᠢᠶᠠᠷ ᠢᠶᠠᠨ ᠨᠡᠯᠢᠶᠡᠳ ᠰᠡᠳᠬᠢᠯ | ᠲᠠᠯᠪᠢᠵᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠤᠬᠠᠢ ᠴᠥᠮ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠠᠴᠠ ᠲᠣᠳᠣᠷᠬᠠᠢ ᠬᠠᠷᠢᠭᠤᠯᠲᠠ ᠣᠯᠵᠤ | ᠴᠢᠳᠠᠬᠤ ᠶᠤᠮ᠃ | ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠢᠷᠤᠭᠯᠠᠭᠰᠠᠨ ᠠᠤᠭ᠎ᠠ | ᠵᠢᠷᠤᠭ ᠲᠥᠰᠥᠪ ᠢ ᠪᠠᠷᠢᠯᠭ᠎ᠠ ᠶᠢᠨ ᠵᠢᠷᠤᠭ ᠲᠥᠯᠥᠪᠯᠡᠭᠡ ᠪᠣᠯᠭᠠᠨ ᠬᠤᠪᠢᠷᠠᠭᠤᠯᠵᠤ᠂ ᠪᠦᠭᠦ ᠤᠯᠤᠰ ᠤᠨ ᠠᠷᠠᠳ ᠲᠦᠮᠡᠨ ᠲᠠᠢ ᠬᠠᠮᠲᠤ ᠪᠠᠷ᠂ ᠯᠠᠪᠳᠠᠭᠤᠨ | ᠪᠠᠲᠤᠲᠠᠢ ᠪᠠᠷ ᠠᠤᠭ᠎ᠠ ᠵᠢᠷᠤᠭ ᠲᠥᠰᠥᠪ ᠢ ᠰᠠᠶᠢᠨ ᠰᠠᠶᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ ᠶᠠᠪᠤᠳᠠᠯ ᠪᠣᠯᠣᠨ᠎ᠠ᠃ | ᠬᠤᠶᠢᠰᠢᠳᠠ ᠶᠢᠨ ᠠᠵᠢᠯ ᠤᠨ ᠳᠤᠮᠳᠠ᠂ ᠡᠶᠢᠮᠦ ᠬᠡᠳᠦᠨ ᠲᠠᠯ᠎ᠠ ᠶᠢ ᠪᠢᠳᠡ ᠭᠤᠣᠯᠳᠠᠯᠭ᠎ᠠ ᠲᠠᠢ ᠡᠵᠡᠮᠳᠡᠬᠦ ᠪᠣᠯᠣᠨ᠎ᠠ᠄ | ᠨᠢᠭᠡᠳᠦᠭᠡᠷ ᠲᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠨ᠎ᠠ᠃ ᠦᠨᠡᠨ ᠢ ᠬᠡᠯᠡᠪᠡᠯ᠂ ᠨᠠᠮ ᠪᠠ | ᠵᠠᠰᠠᠭ ᠤᠨ ᠣᠷᠳᠣᠨ ᠤ ᠠᠯᠢᠪᠠ ᠠᠵᠢᠯ ᠤᠨ ᠵᠣᠷᠢᠯᠲᠠ ᠪᠣᠯ ᠠᠷᠠᠳ ᠲᠦᠮᠡᠨ ᠳᠤ ᠪᠤᠶᠠᠨ ᠦᠢᠯᠡᠳᠭᠦ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ᠄ | ︽ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠪᠣᠯ ᠪᠢᠳᠡᠨ ᠤ ᠲᠡᠮᠡᠴᠡᠬᠦ ᠬᠠᠷᠠᠯᠲᠠ ᠮᠥᠨ︾ᠭᠡᠵᠦ ᠬᠡᠯᠡᠵᠦ ᠥᠩᠭᠡᠷᠡᠪᠡ᠃ ᠪᠢᠳᠡ | ᠬᠡᠵᠢᠶ᠎ᠡ ᠴᠦ ᠭᠡᠰᠡᠨ ᠠᠷᠠᠳ ᠤᠨ ᠵᠠᠰᠠᠭ ᠤᠨ ᠣᠷᠳᠣᠨ ᠤ ᠡᠮᠦᠨᠡᠬᠢ︽ᠠᠷᠠᠳ ᠲᠦᠮᠡᠨ︾ᠭᠡᠳᠡᠭ ᠦᠭᠡ ᠶᠢ ᠢᠮᠠᠭᠲᠠ ᠪᠠᠲᠤ ᠴᠡᠭᠡᠵᠢᠯᠡᠵᠦ᠂ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠢᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠪᠤᠰᠤᠳᠴᠢ ᠪᠠᠷ ᠶᠠᠷᠢᠪᠠᠯ᠂ ᠵᠣᠩᠬᠢᠯᠠᠬᠤ ᠤᠯᠠᠨ ᠲᠣᠭᠠᠨ ᠤ ᠠᠷᠠᠳ | ᠲᠦᠮᠡᠨGDP ᠶᠢᠨ ᠨᠡᠮᠡᠭᠳᠡᠯ ᠬᠡᠳᠦᠢ ᠨᠡᠮᠡᠭᠳᠡᠭᠰᠡᠨ ᠢ ᠡᠳᠦᠷᠵᠢᠨ ᠠᠩᠬᠠᠷᠴᠤ ᠦᠵᠡᠬᠦ ᠦᠭᠡᠢ ᠶᠤᠮ᠂ ᠤᠯᠠᠨ ᠢᠶᠠᠷ ᠢᠶᠠᠨ ᠣᠷᠣᠨ ᠰᠠᠭᠤᠴᠠ᠂ ᠠᠵᠢᠯ ᠣᠯᠭᠤᠯᠲᠠ | ᠂ ᠣᠷᠣᠯᠭ᠎ᠠ᠂ ᠰᠤᠷᠭᠠᠨ ᠬᠥᠮᠦᠵᠢᠯ᠂ ᠡᠪᠡᠳᠴᠢᠨ ᠦᠵᠡᠭᠦᠯᠭᠦ᠂ ᠠᠮᠢ ᠠᠬᠤᠢ ᠣᠷᠴᠢᠨ ᠲᠣᠭᠤᠷᠢᠨ ᠵᠡᠷᠭᠡ ᠳᠡᠷᠭᠡᠳᠡᠬᠢ ᠪᠣᠳᠠᠲᠠᠢ ᠶᠠᠪᠤᠳᠠᠯ ᠢᠶᠠᠨ ᠨᠡᠩ ᠠᠩᠬᠠᠷᠴᠤ | ᠪᠠᠶᠢᠳᠠᠭ᠃ ᠵᠠᠰᠠᠭ ᠤᠨ ᠣᠷᠳᠣᠨ ᠤ ᠠᠵᠢᠯ ᠪᠣᠯᠠᠷᠠᠳ ᠣᠯᠠᠨ ᠤ ᠪᠣᠳᠠᠲᠠᠢ ᠲᠥᠷᠥᠭᠳᠡᠯ ᠲᠠᠢ ᠣᠶᠢᠷᠠᠲᠤᠭᠤᠯᠵᠤ ᠪᠠᠶᠢᠭᠠᠳ ᠲᠥᠯᠥᠪᠯᠡᠭᠡ ᠬᠢᠵᠦ ᠠᠬᠢᠭᠤᠯᠵᠤ᠂ | ᠠᠷᠠᠳ ᠲᠦᠮᠡᠨ ᠬᠦᠰᠡᠯ ᠡᠷᠡᠮᠡᠯᠵᠡᠯ ᠲᠠᠢ ᠪᠠᠶᠢᠪᠠᠯ ᠵᠠᠰᠠᠭ ᠤᠨ ᠣᠷᠳᠣᠨ ᠵᠢᠳᠬᠦᠯ ᠴᠢᠷᠮᠠᠶᠢᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠶᠠᠪᠤᠳᠠᠯ ᠪᠣᠯᠣᠨ᠎ᠠ᠃ | ᠬᠤᠶᠠᠳᠤᠭᠠᠷ ᠲᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠡᠨᠡ ᠤᠳᠠᠭ᠎ᠠ ᠶᠢᠨ ᠬᠤᠶᠠᠷ ᠬᠤᠷᠠᠯ ᠤᠨ | ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠵᠢᠶᠠᠩᠰᠤ ᠶᠢᠨ ᠲᠥᠯᠥᠭᠡᠯᠡᠭᠴᠢᠳ ᠤᠨ ᠪᠦᠯᠭᠦᠮ ᠤᠨ ᠬᠢᠨᠠᠨ ᠵᠥᠪᠯᠡᠭᠦ ᠳᠤ ᠣᠷᠤᠯᠴᠠᠬᠤ ᠳᠠᠭᠠᠨ᠂ ᠴᠢᠨᠠᠷ | ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠬᠦ ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ ᠮᠠᠨ ᠤ ᠤᠯᠤᠰ ᠤᠨ | ᠠᠵᠤ ᠠᠬᠤᠢ ᠨᠡᠶᠢᠭᠡᠮ ᠤᠨ ᠬᠥᠭᠵᠢᠯᠲᠡ ᠨᠢᠭᠡᠨᠲᠡ ᠯᠤᠲᠤ ᠶᠡᠭᠡ ᠠᠮᠵᠢᠯᠲᠠ ᠪᠦᠲᠦᠮᠵᠢ ᠣᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠳᠡᠯᠡᠬᠡᠢ ᠶᠢᠨ | ᠬᠤᠶᠠᠳᠤᠭᠠᠷ ᠲᠤ ᠪᠠᠲᠤᠲᠠᠢ ᠣᠷᠣᠭᠰᠠᠨ ᠪᠤᠯᠪᠠᠴᠤ ᠬᠥᠭᠵᠢᠯᠲᠡ ᠮᠥᠨ ᠲᠡᠩᠴᠡᠭᠦᠷᠢ ᠦᠭᠡᠢ᠂ ᠭᠦᠢᠴᠡᠳ ᠪᠤᠰᠤ ᠪᠠᠶᠢᠨ᠎ᠠ᠃ ᠶᠠᠮᠠᠷᠪᠠ ᠨᠢᠭᠡ ᠶᠡᠷᠦᠩᠬᠡᠢ ᠬᠡᠮᠵᠢᠶᠡᠨ ᠤ | ᠭᠦᠢᠴᠡᠳᠬᠡᠯ ᠲᠤᠭ᠎ᠠ ᠶᠢ 14 ᠳ᠋ᠦᠩᠰᠢᠭᠤᠷ ᠭᠠᠷᠤᠢ ᠬᠥᠮᠥᠨ ᠠᠮᠠ ᠶᠢᠨ ᠰᠠᠭᠤᠷᠢ ᠲᠤᠭ᠎ᠠ ᠳᠡᠭᠡᠷ᠎ᠡ ᠨᠣᠭᠳᠠᠭᠤᠯᠪᠠᠯ᠂ ᠬᠥᠮᠥᠨ ᠳᠤᠮᠳᠠᠴᠢ ᠶᠢᠨ ᠬᠢᠷᠢ ᠬᠡᠮᠵᠢᠶ᠎ᠡ ᠨᠢ | ᠴᠥᠮ ᠨᠡᠯᠢᠶᠡᠳ ᠬᠢᠵᠠᠭᠠᠷ ᠲᠠᠢ ᠪᠠᠶᠢᠳᠠᠭ᠃ ᠤᠳᠤ᠂ ᠮᠠᠨ ᠤ ᠬᠥᠭᠵᠢᠯᠲᠡ ᠶᠢᠨ ᠣᠯᠠᠩᠬᠢ ᠨᠢ ᠵᠥᠪᠭᠡᠨ ︽ᠪᠠᠶᠢᠬᠤ ᠡᠰᠡᠬᠦ︾ᠠᠰᠠᠭᠤᠳᠠᠯ ᠢ ᠯᠠ ᠰᠢᠢᠳᠪᠦᠷᠢᠯᠡᠵᠦ | ᠪᠠᠶᠢᠨ᠎ᠠ᠂ ᠲᠠᠷᠠᠭᠠᠴᠢ ᠶᠢᠨ ᠠᠯᠬᠤᠮ ᠳᠤ ︽ᠰᠠᠶᠢᠨ ᠡᠰᠡᠬᠦ︾ᠠᠰᠠᠭᠤᠳᠠᠯ ᠢ ᠨᠡᠩ ᠴᠢᠬᠤᠯᠠᠴᠢᠯᠠᠨ ᠰᠢᠢᠳᠪᠦᠷᠢᠯᠡᠬᠦ ᠴᠢᠬᠤᠯᠠᠲᠠᠢ᠂ ᠢᠯᠠᠩᠭᠤᠶ᠎ᠠ ᠰᠢᠨᠵᠢᠯᠡᠬᠦ ᠤᠬᠠᠭᠠᠨ | ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠭᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ | ᠬᠥᠭᠵᠢᠯᠲᠡ ᠶᠢᠨ ᠠᠷᠭ᠎ᠠ ᠮᠠᠶ᠋ᠢᠭ ᠤᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠡᠷᠭᠡ ᠪᠣᠯᠣᠨ᠎ᠠ᠃ ᠶᠡᠷᠦᠩᠬᠡᠢ ᠳᠤᠨᠢ ᠠᠪᠴᠤ | ᠬᠡᠯᠡᠪᠡᠯ᠂ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠶ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠬᠡᠷᠡᠭᠲᠡᠢ᠃ | ᠭᠤᠷᠪᠠᠳᠤᠭᠠᠷ ᠲᠤ᠂ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠦᠨ᠎ᠡ᠃ ᠥᠭᠡᠷᠡᠴᠢᠯᠡᠯᠲᠡ ᠨᠡᠭᠡᠭᠡᠯᠲᠡ ᠪᠣᠯ ᠤᠳᠤ | ᠦᠶ᠎ᠡ ᠶᠢᠨ ᠳᠤᠮᠳᠠᠳᠤ ᠤᠯᠤᠰ ᠤᠨ ᠬᠤᠪᠢ ᠵᠠᠶᠠᠭ᠎ᠠ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ᠂ ᠪᠢᠳᠡ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠪᠠᠰᠠ ᠴᠤ | ︽ᠥᠭᠡᠷᠡᠴᠢᠯᠡᠯᠲᠡ ᠶᠢᠨ ᠬᠤᠭᠤᠯᠠ ᠶᠢ ᠢᠳᠡᠵᠦ᠂ ᠨᠡᠭᠡᠭᠡᠯᠲᠡ ᠶᠢᠨ ᠵᠠᠮ ᠢᠶᠠᠷ ᠵᠠᠮᠨᠠᠬᠤ︾ᠬᠡᠷᠡᠭᠲᠡᠢ᠃ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠥᠭᠡᠷᠡᠴᠢᠯᠡᠯᠲᠡ ᠶᠢᠨ ᠴᠢᠭᠯᠡᠯ ᠢ ᠪᠠᠷᠢᠮᠲᠠᠯᠠᠵᠤ᠂ ᠥᠨᠳᠥᠷ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠬᠥᠭᠵᠢᠯᠲᠡ ᠶᠢᠨ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ | ᠠᠮᠧᠷᠢᠺᠠ ᠶᠢᠨ ᠬᠡᠷᠡᠭᠯᠡᠭᠴᠢᠳ ᠤᠨ ᠰᠣᠨᠢᠨ ᠮᠡᠳᠡᠭᠡ ᠪᠣᠯᠣᠨ ᠬᠤᠳᠠᠯᠳᠤᠭᠠᠨ ᠤ ᠰᠤᠪᠠᠭ ᠤᠨ ᠰᠤᠷᠪᠤᠯᠵᠢᠯᠠᠬᠴᠢ᠄ ᠡᠨᠡ ᠵᠢᠯ ᠪᠣᠯ ᠳᠤᠮᠳᠠᠳᠤ ᠤᠯᠤᠰ ᠤᠨ | ᠬᠢᠵᠢᠭ ᠤᠨ ᠪᠠᠶᠢᠳᠠᠯ ᠤᠨ ᠤᠷᠭᠢᠯ ᠤᠨ ᠬᠤᠭᠤᠴᠠᠭ᠎ᠠ ᠥᠩᠭᠡᠷᠡᠭᠰᠡᠨ ᠤ ᠳᠠᠷᠠᠭᠠᠬᠢ ᠲᠦᠷᠦᠭᠦᠦ ᠵᠢᠯ ᠪᠣᠯᠣᠨ᠎ᠠ᠂ ᠮᠠᠰᠢ ᠤᠯᠠᠨ ᠬᠥᠮᠥᠰ ᠤᠨ ᠵᠢᠱᠢᠭᠰᠡᠨ ᠢᠶᠠᠷ ᠪᠣᠯ | ᠠᠵᠤ ᠠᠬᠤᠢ ᠣᠬᠤᠷᠬᠠᠨ ᠬᠤᠭᠤᠴᠠᠭᠠᠨ ᠳᠤ ᠲᠠᠭᠢᠨ ᠨᠡᠮᠡᠭᠳᠡᠬᠦ ᠪᠣᠯᠣᠨ᠎ᠠ᠂ ᠳᠤᠮᠳᠠᠳᠤ ᠤᠯᠤᠰ ᠶᠠᠮᠠᠷ ᠠᠷᠭ᠎ᠠ ᠬᠡᠮᠵᠢᠶ᠎ᠡ ᠠᠪᠴᠤ ᠪᠦᠭᠦ ᠵᠢᠯ ᠤᠨ ᠠᠵᠤ ᠠᠬᠤᠢ ᠶᠢᠨ | ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠪᠠᠷ ᠪᠠᠶᠢᠭ᠎ᠠ ᠪᠤᠢ︖ ᠳᠤᠮᠳᠠᠳᠤ ᠤᠯᠤᠰ ᠤᠨ ᠠᠵᠤ ᠠᠬᠤᠢ ᠡᠨᠡ ᠵᠢᠯ ᠵᠢᠴᠢ ᠳᠠᠷᠠᠭᠠᠴᠢ ᠶᠢᠨ ᠲᠠᠪᠤᠨ ᠵᠢᠯ ᠳᠤ ᠶᠠᠮᠠᠷ ᠶᠠᠮᠠᠷ | ᠠᠰᠢᠭᠲᠠᠢ ᠪᠠ ᠠᠰᠢᠭ ᠦᠭᠡᠢ ᠬᠦᠴᠦᠨ ᠵᠦᠢᠯ ᠳᠤ ᠲᠤᠯᠭᠠᠷᠠᠬᠤ ᠪᠤᠢ︖ ᠢᠷᠡᠭᠡᠳᠦᠢ ᠶᠢᠨ ᠲᠠᠪᠤᠨ ᠵᠢᠯ ᠳᠤ ᠳᠤᠮᠳᠠᠳᠤ ᠤᠯᠤᠰ ᠶᠠᠮᠠᠷ ᠲᠦᠷᠦ ᠶᠢᠨ ᠪᠣᠳᠣᠯᠭ᠎ᠠ | ᠠᠪᠴᠤ ᠦᠷᠭᠦᠯᠵᠢᠯᠡᠬᠦ᠂ ᠴᠢᠨᠠᠷ ᠰᠠᠶᠢᠲᠠᠢ ᠨᠡᠮᠡᠭᠳᠡᠯ ᠢ ᠳᠡᠮᠵᠢᠭᠦ ᠪᠠᠷ ᠲᠥᠯᠥᠪᠯᠡᠵᠦ ᠪᠠᠶᠢᠬᠤ ᠪᠤᠢ︖ ᠣᠶᠢᠷ᠎ᠠ ᠶᠢᠨ ᠬᠡᠳᠦᠨ ᠵᠢᠯ ᠳᠤ ᠳᠤᠮᠳᠠᠳᠤ ᠤᠯᠤᠰ ᠤᠨ ᠥᠷᠢ | ᠥᠭᠴᠡᠭᠡ᠂ ᠬᠥᠷᠥᠩᠭᠡ ᠶᠢᠨ ᠡᠮᠬᠢ ᠵᠠᠮᠪᠠᠷᠠᠭ᠎ᠠ ᠦᠭᠡᠢ ᠲᠡᠯᠡᠯᠲᠡ ᠵᠡᠷᠭᠡ ᠰᠢᠰᠲ᠋ᠧᠮ ᠤᠨ ᠴᠢᠨᠠᠷᠲᠠᠢ ᠲᠦᠭᠰᠢᠭᠦᠷᠢ ᠶᠢ ᠠᠷᠭᠠᠴᠠᠭᠠᠬᠤ ᠲᠠᠯ᠎ᠠ ᠪᠠᠷ ᠬᠢ ᠲᠥᠷᠥ ᠶᠢᠨ | ᠪᠣᠳᠣᠯᠭ᠎ᠠ ᠨᠢ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠶ︖ | ᠯᠢ ᠴᠢᠶᠠᠩ᠄ ᠡᠨᠡ ᠰᠤᠷᠪᠤᠯᠵᠢᠯᠠᠬᠴᠢ ᠨᠠᠶᠢᠵᠠ ᠲᠣᠭᠢᠶᠠᠯ ᠢ ᠮᠠᠰᠢ ᠰᠠᠶᠢᠨ ᠠᠳᠬᠤᠵᠤ ᠪᠠᠶᠢᠨ᠎ᠠ᠂ ᠮᠢᠨᠤ ᠲᠡᠮᠳᠡᠭᠯᠡᠭᠰᠡᠨ ᠢᠶᠠᠷ ᠲᠠ ᠨᠢᠭᠡ ᠯᠡ | ᠠᠮᠢᠰᠬᠤᠭ᠎ᠠ ᠪᠠᠷ 4 ᠠᠰᠠᠭᠤᠳᠠᠯ ᠳᠤᠷᠠᠳᠴᠤ᠂ 6 ᠲᠠᠯ᠎ᠠ ᠶᠢᠨ ᠠᠭᠤᠯᠭ᠎ᠠ ᠳᠤ ᠬᠤᠯᠪᠣᠭᠳᠠᠵᠠᠢ᠃ ᠴᠠᠭ ᠤᠨ ᠬᠠᠷᠠᠭ᠎ᠠ ᠠᠴᠠ ᠪᠣᠯᠵᠤ ᠪᠢ ᠵᠥᠪᠭᠡᠨ ᠭᠤᠣᠯᠳᠠᠯᠭ᠎ᠠ | ᠶᠢ ᠨᠢ ᠰᠣᠩᠭᠤᠵᠤ ᠬᠠᠷᠢᠭᠤᠯᠲᠠ ᠦᠭᠭᠦᠶ᠎ᠠ᠃ | ᠡᠨᠡ ᠵᠢᠯ ᠤᠨ ᠳᠡᠯᠡᠬᠡᠢ ᠶᠢᠨ ᠠᠵᠤ ᠠᠬᠤᠢ ᠶᠢᠨ ᠪᠠᠶᠢᠳᠠᠯ ᠶᠡᠷᠦᠩᠬᠡᠢ ᠳᠡᠭᠡᠨ ᠲᠡᠶᠢᠮᠦ ᠰᠠᠶᠢᠨ ᠪᠢᠰᠢ᠂ ᠲᠣᠭᠲᠠᠭᠤᠨ ᠪᠤᠰᠤ᠂ ᠲᠣᠬᠲᠠᠯᠭᠠᠳᠤ ᠪᠤᠰᠤ᠂ | ᠲᠥᠰᠥᠭᠡᠯᠡᠬᠦᠶ᠎ᠡ ᠪᠡᠷᠬᠡ ᠬᠦᠴᠦᠨ ᠵᠦᠢᠯ ᠨᠡᠯᠢᠶᠡᠳ ᠤᠯᠠᠨ ᠪᠠᠶᠢᠨ᠎ᠠ᠂ ᠨᠡᠮᠡᠭᠳᠡᠯ ᠢ ᠬᠡᠷᠬᠢᠨ ᠲᠣᠭᠲᠠᠭᠤᠨ ᠪᠠᠶᠢᠯᠭᠠᠬᠤ ᠨᠢ ᠳᠡᠯᠡᠬᠡᠢ ᠶᠢᠨ ᠡᠯ᠎ᠡ ᠤᠯᠤᠰ ᠲᠤ ᠠᠪᠴᠤ | ᠬᠡᠯᠡᠪᠡᠯ ᠴᠥᠮ ᠨᠢᠭᠡᠨ ᠰᠢᠯᠭᠠᠯᠲᠠ ᠪᠤᠯᠬᠤ ᠶᠤᠮ᠃ ᠡᠨᠡ ᠵᠢᠯ᠂ ᠳᠤᠮᠳᠠᠳᠤ ᠤᠯᠤᠰ ᠤᠨ ᠠᠵᠤ ᠠᠬᠤᠢ ᠶᠢᠨ ᠵᠢᠱᠢᠭᠰᠡᠨ ᠨᠡᠮᠡᠭᠳᠡᠯ ᠤᠨ ᠬᠠᠷᠠᠯᠲᠠ ᠶᠢ 5 % | ᠣᠷᠴᠢᠮ ᠢᠶᠠᠷ ᠲᠣᠭᠲᠠᠭᠠᠪᠠ᠂ ᠡᠭᠦᠨ ᠢ ᠪᠢᠳᠡ ᠡᠯ᠎ᠡ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠭᠰᠠᠨ ᠤ ᠲᠠᠷᠠᠭ᠎ᠠ ᠲᠣᠭᠲᠠᠭᠠᠭᠰᠠᠨ ᠶᠤᠮ᠃ | ᠬᠡᠯᠡᠯᠭᠡᠨ ᠦᠭᠡᠢ᠂ ᠳᠤᠮᠳᠠᠳᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠨᠢᠭᠡᠨᠲᠡ 120 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠠᠭᠤᠷᠢ | ᠲᠤᠭ᠎ᠠ ᠨᠢ ᠮᠠᠰᠢ ᠥᠨᠳᠥᠷ ᠪᠣᠯᠵᠠᠢ᠂ ᠡᠭᠦᠨ ᠤ ᠳᠡᠭᠡᠷ᠎ᠡ ᠡᠨᠡ ᠵᠢᠯ ᠤᠨ ᠰᠢᠨ᠎ᠡ ᠥᠷᠢᠰᠦᠯᠳᠦᠭᠡᠨ ᠪᠠᠭ᠎ᠠ ᠪᠤᠰᠤ ᠪᠠᠶᠢᠨ᠎ᠠ᠂ 5 % ᠣᠷᠴᠢᠮ ᠤᠨ ᠨᠡᠮᠡᠭᠳᠡᠯ ᠢ | ᠪᠡᠶᠡᠯᠡᠭᠦᠯᠬᠦ ᠳᠤ ᠲᠡᠶᠢᠮᠦ ᠠᠮᠠᠷᠬᠠᠨ ᠪᠢᠰᠢ᠂ ᠬᠤᠪᠢ ᠲᠠᠭᠢᠨ ᠴᠢᠷᠮᠠᠶᠢᠬᠤ ᠴᠢᠬᠤᠯᠠᠲᠠᠢ ᠶᠤᠮ᠃ | ᠬᠤᠯᠪᠣᠭᠳᠠᠯ ᠪᠦᠬᠦᠢ ᠪᠣᠳᠠᠲᠠᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠢᠳᠤᠨᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠨᠢᠭᠡᠨᠲᠡ | ᠪᠦᠭᠦ ᠲᠠᠯ᠎ᠠ ᠪᠠᠷ ᠪᠠᠶᠢᠷᠢᠯᠠᠭᠤᠯᠵᠠᠢ᠂ ᠡᠭᠦᠨ ᠳᠤ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ | ᠪᠠᠷᠢᠮᠲᠠᠯᠠᠵᠤ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠶᠢᠨ ᠰᠠᠶᠢᠵᠢᠷᠠᠯᠲᠠ ᠶᠢ ᠠᠬᠢᠭᠤᠯᠬᠤ ᠪᠣᠯ ᠦᠨᠳᠦᠰᠦᠨ ᠬᠠᠨᠳᠤᠰᠢ ᠪᠣᠯᠣᠨ᠎ᠠ᠃ ᠲᠣᠭᠲᠠᠭᠤᠨ | ᠪᠠᠶᠢᠯᠭᠠᠬᠤ ᠶᠢᠨ ᠭᠤᠣᠯᠳᠠᠯᠭ᠎ᠠ ᠨᠢ ᠨᠡᠮᠡᠭᠳᠡᠯ ᠢ ᠲᠣᠭᠲᠠᠭᠤᠨ ᠪᠠᠶᠢᠯᠭᠠᠬᠤ᠂ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠪᠠᠷᠠᠭᠠᠨ ᠤ ᠦᠨ᠎ᠡ ᠶᠢ ᠲᠣᠭᠲᠠᠭᠤᠨ | ᠪᠠᠶᠢᠯᠭᠠᠬᠤ ᠶᠠᠪᠤᠳᠠᠯ ᠪᠤᠯᠤᠨ᠎ᠠ︔ ᠤᠷᠤᠭᠰᠢᠯᠠᠨ ᠲᠠᠪᠰᠢᠬᠤ ᠳᠤ ᠵᠠᠩᠭᠢᠯᠠᠭ᠎ᠠ ᠨᠢ ᠴᠢᠨᠠᠷ ᠰᠠᠶᠢᠲᠠᠢ ᠬᠥᠭᠵᠢᠯᠲᠡ ᠶᠢᠨ ᠲᠠᠯ᠎ᠠ ᠪᠠᠷ ᠰᠢᠨ᠎ᠡ ᠲᠠᠪᠰᠢᠯᠳᠠ ᠲᠠᠢ ᠪᠤᠯᠬᠤ ᠳᠤ | ᠪᠠᠶᠢᠨ᠎ᠠ᠃ ᠪᠣᠳᠠᠲᠠᠢ ᠪᠠᠷ ᠬᠡᠯᠡᠪᠡᠯ᠂ ᠪᠢ ᠣᠨᠴᠠᠭᠠᠶᠢᠯᠠᠨ ᠬᠡᠳᠦᠨ ᠶᠠᠪᠤᠳᠠᠯ ᠢ ᠰᠠᠶᠢᠲᠤᠷ ᠬᠢᠬᠦ ᠰᠠᠨᠠᠭ᠎ᠠ ᠲᠠᠢ᠂ ᠥᠭᠡᠷ᠎ᠡ ᠪᠠᠷ ᠬᠡᠯᠡᠪᠡᠯ ᠡᠶᠢᠮᠦ ᠬᠡᠳᠦᠨ ᠬᠠᠮ ᠠᠷᠭ᠎ᠠ | ᠬᠡᠮᠵᠢᠶ᠎ᠡ ᠶᠢ ᠰᠠᠶᠢᠲᠤᠷ ᠬᠢᠨ᠎ᠡ᠄ ᠨᠢᠭᠡ ᠳᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ᠂ ᠬᠤᠶᠠᠷ ᠲᠤ᠂ ᠬᠡᠷᠡᠭᠴᠡᠭᠡ ᠶᠢ ᠥᠷᠭᠡᠳᠬᠡᠬᠦ ᠬᠠᠮ | ᠠᠷᠭ᠎ᠠ ᠬᠡᠮᠵᠢᠶ᠎ᠡ᠂ ᠭᠤᠷᠪᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠭᠦ ᠬᠠᠮ ᠠᠷᠭ᠎ᠠ ᠬᠡᠮᠵᠢᠶ᠎ᠡ᠂ ᠳᠥᠷᠪᠡ ᠳᠤ᠂ ᠠᠶᠤᠯ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠬᠠᠮ ᠠᠷᠭ᠎ᠠ ᠬᠡᠮᠵᠢᠶ᠎ᠡ ᠪᠣᠯᠣᠨ᠎ᠠ᠃ ᠡᠳᠡᠭᠡᠷ ᠬᠠᠮ ᠠᠷᠭ᠎ᠠ ᠬᠡᠮᠵᠢᠶ᠎ᠡ ᠨᠢ ᠴᠥᠮ ᠪᠣᠳᠠᠲᠠᠢ ᠠᠭᠤᠯᠤᠭᠳᠠᠬᠤᠨ ᠲᠠᠢ ᠪᠠᠶᠢᠵᠤ᠂ ᠵᠠᠷᠢᠮ ᠢ ᠨᠢ ᠪᠠᠰᠠ | ᠦᠢᠯᠡᠳᠦᠯᠭᠡ ᠶᠢᠨ ᠬᠡᠷᠡᠭᠴᠡᠭᠡ ᠶᠢ ᠦᠨᠳᠦᠰᠦᠯᠡᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠣᠬᠢᠷᠠᠭᠤᠯᠤᠨ ᠲᠡᠭᠦᠯᠳᠡᠷᠵᠢᠭᠦᠯᠦᠨ᠎ᠡ᠃ | ᠰᠠᠶ᠋ᠢᠬᠠᠨ ᠡᠨᠡ ᠰᠤᠷᠪᠤᠯᠵᠢᠯᠠᠬᠴᠢ ᠨᠠᠶᠢᠵᠠ ᠠᠰᠢᠭᠲᠠᠢ ᠪᠠ ᠠᠰᠢᠭ ᠦᠭᠡᠢ ᠬᠦᠴᠦᠨ ᠵᠦᠢᠯ ᠤᠨ ᠠᠰᠠᠭᠤᠳᠠᠯ ᠢ ᠠᠰᠠᠭᠤᠵᠠᠢ᠃ ᠳᠤᠮᠳᠠᠳᠤ ᠤᠯᠤᠰ ᠤᠨ | ᠬᠥᠭᠵᠢᠯᠲᠡ ᠳᠤ ᠦᠨᠡᠬᠡᠷ ᠮᠠᠰᠢ ᠤᠯᠠᠨ ᠳᠠᠪᠠᠭᠤᠯᠢᠭ ᠨᠥᠬᠦᠴᠡᠯ ᠪᠤᠢ᠂ ᠵᠢᠱᠢᠶᠡᠯᠡᠪᠡᠯ᠂ ᠵᠠᠬ᠎ᠠ ᠳᠡᠯᠭᠡᠭᠦᠷ ᠤᠨ ᠬᠡᠪᠴᠢᠶ᠎ᠡ ᠯᠤᠲᠤ ᠶᠡᠭᠡ᠂ ᠠᠵᠤ ᠦᠢᠯᠡᠰ ᠤᠨ | ᠰᠢᠰᠲ᠋ᠧᠮ ᠪᠦᠷᠢᠨ ᠲᠡᠭᠦᠯᠳᠡᠷ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ᠂ ᠬᠥᠭᠵᠢᠯᠲᠡ ᠶᠢᠨ ᠰᠠᠭᠤᠷᠢ ᠵᠤᠵᠠᠭᠠᠨ ᠵᠡᠷᠭᠡ ᠪᠤᠢ᠂ ᠨᠡᠩ ᠴᠢᠬᠤᠯᠠ ᠨᠢ | ᠪᠠᠶᠢᠭᠤᠯᠤᠯ ᠤᠨ ᠳᠠᠪᠠᠭᠤᠯᠢᠭ ᠢᠯᠡᠳᠲᠡ ᠪᠠᠶᠢᠬᠤ ᠶᠠᠪᠤᠳᠠᠯ ᠪᠣᠯᠣᠨ᠎ᠠ᠃ ᠬᠦᠴᠢᠷ ᠪᠡᠷᠬᠡᠰᠢᠶᠡᠯ ᠤᠨ ᠲᠤᠬᠠᠢ ᠭᠡᠪᠡᠯ ᠤᠯᠠᠨ ᠢᠶᠠᠷ ᠢᠶᠠᠨ ᠪᠦᠷ ᠬᠦᠴᠢᠷ ᠪᠡᠷᠬᠡᠰᠢᠶᠡᠯ ᠲᠠᠢ | ᠂ ᠡᠨᠡ ᠵᠢᠯ ᠴᠦ ᠪᠢᠳᠠᠨ ᠳᠤ ᠬᠦᠴᠢᠷ ᠪᠡᠷᠬᠡᠰᠢᠶᠡᠯ ᠪᠠᠭ᠎ᠠ ᠦᠭᠡᠢ ᠲᠤᠯᠭᠠᠷᠠᠬᠤ ᠶᠤᠮ᠂ ᠭᠡᠪᠡᠴᠦ ᠠᠯᠢ ᠴᠠᠭ ᠦᠶ᠎ᠡ᠂ ᠠᠯᠢ ᠵᠢᠯ ᠳᠤᠨᠢ ᠬᠦᠴᠢᠷ ᠪᠡᠷᠬᠡᠰᠢᠶᠡᠯ ᠦᠭᠡᠢ | ᠪᠤᠢ︖ ᠪᠢᠳᠠ ᠶᠡᠷᠦ ᠠᠴᠠ ᠬᠦᠴᠢᠷ ᠪᠡᠷᠬᠡᠰᠢᠶᠡᠯ ᠢ ᠢᠯᠡᠠ ᠳᠠᠪᠠᠭ᠋ᠤ ᠶᠢᠨ ᠳᠤᠮᠳᠠ ᠰᠢᠨ᠎ᠡ ᠬᠥᠭᠵᠢᠯᠲᠡ ᠶᠢ ᠲᠡᠰᠦᠷᠡᠯᠳᠠ ᠦᠭᠡᠢ ᠪᠡᠶᠡᠯᠡᠭᠦᠯᠵᠦ ᠢᠷᠡᠭᠰᠡᠨ ᠶᠤᠮ᠃ | ᠮᠠᠨ ᠤ ᠡᠨᠡ ᠦᠶ᠎ᠡ ᠶᠢᠨ ᠳᠤᠮᠳᠠᠳᠤᠴᠤᠳ ᠬᠠᠷᠠᠬᠠᠨ ᠪᠠᠭ᠎ᠠ ᠠᠴᠠ ᠪᠠᠨ ᠬᠠᠮᠤᠭ ᠤᠯᠠᠨ ᠰᠣᠨᠣᠰᠤᠭᠰᠠᠨ ᠦᠯᠢᠭᠡᠷ ᠪᠣᠯ ᠳᠠᠷᠤᠢ ᠳ᠋ᠠ ᠢᠦᠢ ᠤᠰᠤ ᠵᠠᠰᠠᠭᠰᠠᠨ᠂ | ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ᠂ ᠵᠢᠩ ᠸᠧᠢ ᠳᠠᠯᠠᠢ ᠶᠢ ᠪᠥᠭᠯᠡᠭᠰᠡᠨ᠂ ᠲᠡᠨᠡᠭ ᠡᠪᠦᠭᠡᠨ ᠨᠠᠷᠠ ᠶᠢ ᠬᠥᠭᠡᠭᠡᠭᠰᠡᠨ ᠵᠡᠷᠭᠡ ᠪᠣᠯᠣᠨ᠎ᠠ᠂ ᠪᠦᠷ ᠯᠡ ᠮᠠᠰᠢ ᠶᠡᠭᠡ | ᠤᠷᠮᠠᠰᠢᠭᠤᠯᠤᠨ ᠵᠣᠷᠢᠭᠵᠢᠭᠤᠯᠵᠤ᠂ ᠴᠥᠮ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠠᠶᠤᠯ ᠲᠦᠭᠰᠢᠭᠦᠷᠢ ᠠᠴᠠ ᠠᠶᠤᠬᠤ ᠦᠭᠡᠢ᠂ ᠵᠣᠷᠢᠭᠲᠠᠢ ᠲᠡᠮᠡᠴᠡᠵᠦ᠂ | ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠶᠢ ᠶᠠᠷᠢᠭᠰᠠᠨ ᠶᠤᠮ᠂ ᠮᠠᠨ ᠤ ᠳᠤᠮᠳᠠᠳᠤᠴᠤᠳ ᠶᠠᠮᠠᠷ ᠴᠤ ᠬᠦᠴᠢᠷ ᠪᠡᠷᠬᠡᠰᠢᠶᠡᠯ ᠳᠤ ᠳᠠᠷᠤᠭᠳᠠᠬᠤ | ᠦᠭᠡᠢ ᠶᠤᠮ᠃ | ᠣᠶᠢᠷ᠎ᠠ ᠶᠢᠨ ᠬᠤᠶᠠᠷ ᠰᠠᠷ᠎ᠠ ᠭᠠᠷᠤᠢ ᠶᠢᠨ ᠪᠠᠶᠢᠳᠠᠯ ᠠᠴᠠ ᠦᠵᠡᠪᠡᠯ᠂ᠮᠠᠨ ᠤ ᠤᠯᠤᠰ ᠤᠨ ᠠᠵᠤ ᠠᠬᠤᠢ ᠶᠢᠨ ᠠᠵᠢᠯᠯᠠᠭᠠᠨ ᠳᠤ ᠲᠣᠭᠲᠠᠪᠤᠷᠢᠵᠢᠨ | ᠳᠡᠭᠡᠭᠰᠢᠯᠡᠬᠦ ᠪᠠᠶᠢᠳᠠᠯ ᠭᠠᠷᠴᠤ᠂ ᠵᠠᠷᠢᠮ ᠣᠯᠠᠨ ᠤᠯᠤᠰ ᠤᠨ ᠵᠣᠬᠢᠶᠠᠨ ᠪᠠᠶᠢᠭᠤᠯᠤᠯᠲᠠ ᠴᠤ ᠡᠨᠡ ᠵᠢᠯ ᠤᠨ ᠳᠤᠮᠳᠠᠳᠤ ᠤᠯᠤᠰ ᠤᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ ᠶᠢᠨ ᠲᠤᠬᠠᠢ ᠵᠢᠱᠢᠯᠲᠡ ᠪᠠᠨ ᠳᠡᠭᠡᠭᠰᠢᠯᠡᠭᠦᠯᠦᠭᠰᠡᠨ ᠪᠠᠶᠢᠨ᠎ᠠ᠃ ᠳᠤᠮᠳᠠᠳᠤ ᠤᠯᠤᠰ ᠤᠨ ᠠᠵᠤ ᠠᠬᠤᠢ ᠶᠢᠨ ᠢᠷᠡᠭᠡᠳᠦᠢ ᠶᠢᠨ ᠲᠤᠬᠠᠢ ᠪᠢ ︽ᠰᠠᠯᠬᠢᠨ | ᠬᠦᠯᠦᠭᠯᠡᠨ ᠳᠠᠪᠠᠯᠭᠠᠨ ᠢ ᠵᠦᠰᠦᠵᠦ᠂ ᠰᠠᠷᠠᠭᠤᠯ ᠢᠷᠡᠭᠡᠳᠦᠢ ᠲᠠᠢ︾ᠭᠡᠵᠦ ᠬᠡᠳᠦᠬᠡᠨ ᠦᠭᠡ ᠪᠠᠷ ᠬᠤᠷᠢᠶᠠᠩᠭᠤᠶᠢᠯᠠᠶ᠎ᠠ᠃ ᠡᠭᠦᠨ ᠳᠤ ᠪᠢ ᠢᠲᠡᠭᠡᠯ ᠳᠦᠭᠦᠷᠡᠩ | ᠪᠠᠶᠢᠨ᠎ᠠ᠃ | ᠰᠢᠶᠠᠩᠭᠠᠩ ᠤᠨ ᠹᠧᠩ ᠬᠤᠸᠠᠩ ᠣᠳᠣᠨ ᠲᠧᠯᠸᠢᠰ᠂ ᠹᠧᠩ ᠬᠤᠸᠠᠩ ᠰᠦᠯᠵᠢᠶ᠎ᠡ ᠶᠢᠨ ᠰᠤᠷᠪᠤᠯᠵᠢᠯᠠᠬᠴᠢ᠄ ᠡᠨᠡ ᠬᠡᠳᠦᠨ ᠵᠢᠯ᠂ ᠰᠢᠶᠠᠩᠭᠠᠩ | ᠰᠠᠮᠠᠭᠤᠷᠠᠯ ᠠᠴᠠ ᠵᠠᠰᠠᠯᠲᠠ ᠳᠤ ᠰᠢᠯᠵᠢᠭᠦ ᠦᠨᠳᠦᠰᠦᠨ ᠴᠢᠨᠠᠷᠲᠠᠢ ᠡᠷᠭᠢᠯᠲᠡ ᠶᠢ ᠪᠡᠶᠡᠯᠡᠭᠦᠯᠪᠡ᠃ ᠰᠢᠶᠠᠩᠭᠠᠩ ᠲᠣᠭᠲᠠᠭᠤᠨ ᠪᠣᠯᠣᠯ᠎ᠠ᠂ ᠬᠥᠭᠵᠢᠯᠲᠡ ᠶᠢᠨ | ᠠᠰᠠᠭᠤᠳᠠᠯ ᠪᠠᠰᠠ ᠨᠢᠳᠦᠨ ᠡᠮᠦᠨ᠎ᠡ ᠳᠡᠯᠭᠡᠭᠳᠡᠯ᠎ᠡ᠃ ᠳᠡᠯᠡᠬᠡᠢ ᠶᠢᠨ ᠤᠯᠤᠰ ᠲᠦᠷᠤ ᠠᠵᠤ ᠠᠬᠤᠢ ᠶᠢᠨ ᠪᠠᠶᠢᠳᠠᠯ ᠪᠣᠯᠣᠨ ᠣᠷᠴᠢᠨ ᠨᠥᠬᠦᠴᠡᠯ ᠤᠨ ᠬᠤᠪᠢᠷᠠᠯᠲᠠ ᠶᠢ | ᠳᠠᠭᠠᠯᠳᠤᠨ ᠤᠳᠦ ᠶᠢᠨ ᠰᠢᠶᠠᠩᠭᠠᠩ ᠣᠣᠮᠧᠨ ᠤ ᠥᠷᠢᠰᠦᠯᠳᠦᠬᠦ ᠬᠦᠴᠦᠨ ᠰᠤᠯᠠᠷᠠᠵᠠᠢ ᠭᠡᠵᠦ ᠵᠠᠷᠢᠮ ᠰᠢᠭᠦᠮᠵᠢ ᠳᠤ ᠭᠠᠷᠴᠤ ᠪᠠᠶᠢᠨ᠎ᠠ᠃ ᠲᠡᠭᠡᠪᠡᠯ᠂ ᠲᠠ | ᠰᠢᠶᠠᠩᠭᠠᠩ ᠣᠣᠮᠧᠨ ᠤ ᠢᠷᠡᠭᠡᠳᠦᠢ ᠶᠢᠨ ᠬᠥᠭᠵᠢᠯᠲᠡ ᠶᠢᠨ ᠢᠷᠡᠭᠡᠳᠦᠢ ᠶᠢ ᠬᠡᠷᠬᠢᠨ ᠦᠵᠡᠵᠦ ᠪᠠᠶᠢᠬᠤ ᠪᠤᠶ︖ ᠲᠥᠪ ᠤᠨ ᠵᠠᠰᠠᠭ ᠤᠨ ᠣᠷᠳᠣᠨ ᠲᠠᠷᠠᠭᠠᠴᠢ ᠶᠢᠨ | ᠠᠯᠬᠤᠮ ᠳᠤ ᠪᠠᠰᠠ ᠶᠠᠮᠠᠷ ᠶᠠᠮᠠᠷ ᠠᠷᠭ᠎ᠠ ᠬᠡᠮᠵᠢᠶ᠎ᠡ ᠪᠠᠷ ᠰᠢᠶᠠᠩᠭᠠᠩ ᠣᠣᠮᠧᠨ ᠤ ᠥᠪᠡᠷ ᠤᠨ ᠳᠠᠪᠠᠭᠤᠯᠢᠭ ᠪᠣᠯᠣᠨ ᠣᠨᠴᠠᠯᠢᠭ ᠢᠶᠠᠨ ᠪᠠᠳᠠᠷᠠᠭᠤᠯᠬᠤ ᠶᠢ ᠳᠡᠮᠵᠢᠵᠦ᠂ | ᠨᠠᠩ ᠰᠠᠶᠢᠨ ᠬᠥᠭᠵᠢᠯᠲᠡ ᠶᠢ ᠪᠡᠶᠡᠯᠡᠭᠦᠯᠬᠦ ᠪᠤᠶ︖ | ᠯᠢ ᠴᠢᠶᠠᠩ᠄ ᠲᠥᠪ ᠤᠨ ᠵᠠᠰᠠᠭ ᠤᠨ ᠣᠷᠳᠣᠨ ᠰᠢᠶᠠᠩᠭᠠᠩ᠂ ᠣᠣᠮᠧᠨ ᠤ ᠳᠠᠪᠠᠭᠤᠯᠢᠭ ᠪᠠ ᠣᠨᠴᠠᠯᠢᠭ ᠢ ᠪᠠᠳᠠᠷᠠᠭᠤᠯᠬᠤ ᠶᠢ ᠢᠮᠠᠭᠲᠠ ᠳᠡᠭᠡᠳᠦ | ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠡᠬᠡ ᠤᠯᠤᠰ ᠲᠠᠭᠠᠨ ᠪᠤᠴᠠᠵᠤ ᠢᠷᠡᠭᠰᠡᠨ ᠠᠴᠠ ᠨᠠᠭᠠᠰᠢ᠂ ᠤᠯᠤᠰ ᠤᠨ ᠳᠡᠮᠵᠢᠯᠭᠡ ᠳᠣᠣᠷ᠎ᠠ᠂ ᠰᠢᠶᠠᠩᠭᠠᠩ ᠤᠨ | ᠤᠯᠠᠨ ᠤᠯᠤᠰ ᠤᠨ ᠮᠥᠩᠭᠦᠨ ᠭᠦᠢᠯᠭᠡᠭᠡ᠂ ᠤᠰᠤᠨ ᠵᠠᠮ ᠤᠨ ᠲᠡᠭᠡᠭᠡᠪᠦᠷᠢ᠂ ᠠᠷᠠᠯᠵᠢᠶ᠎ᠠ ᠶᠢᠨ ᠭᠤᠷᠪᠠᠨ ᠶᠡᠭᠡ ᠲᠥᠪ ᠪᠤᠯᠬᠤ ᠪᠠᠶᠢᠷᠢ ᠰᠠᠭᠤᠷᠢ ᠨᠢ ᠪᠠᠬᠢᠵᠢᠨ | ᠳᠡᠭᠡᠭᠰᠢᠯᠡᠵᠦ᠂ ᠣᠣᠮᠧᠨ ᠨᠢ ᠵᠢᠭᠤᠯᠴᠢᠯᠠᠯ ᠰᠡᠯᠡᠭᠦᠴᠡᠯ ᠤᠨ ᠲᠥᠪ ᠪᠣᠯᠤᠭᠰᠠᠨ ᠤ ᠬᠤᠪᠢ ᠳᠤ ᠳᠡᠯᠡᠬᠡᠢ ᠳᠤ ᠨᠡᠷ᠎ᠡ ᠠᠯᠳᠠᠷᠰᠢᠭᠰᠠᠨ ᠶᠤᠮ᠃ | ᠣᠶᠢᠷ᠎ᠠ ᠶᠢᠨ ᠵᠢᠯ ᠤᠳ ᠲᠤ ᠡᠯ᠎ᠡ ᠵᠦᠢᠯ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ ᠰᠢᠶᠠᠩᠭᠠᠩ᠂ ᠣᠣᠮᠧᠨ ᠤ ᠠᠵᠤ ᠠᠬᠤᠢ ᠶᠢᠨ ᠬᠥᠭᠵᠢᠯᠲᠡ | ᠡᠳᠦᠢ ᠲᠡᠳᠦᠢ ᠬᠦᠴᠢᠷᠳᠡᠯ ᠳᠤ ᠲᠤᠯᠭᠠᠷᠠᠭᠰᠠᠨ ᠪᠤᠯᠪᠠᠴᠤ ᠡᠨᠡ ᠪᠣᠯ ᠲᠦᠷ ᠴᠠᠭ ᠤᠨ ᠬᠦᠴᠢᠷᠳᠡᠯ᠂ ᠬᠥᠭᠵᠢᠯᠲᠡ ᠶᠢᠨ ᠳᠤᠮᠳᠠᠬᠢ ᠬᠦᠴᠢᠷᠳᠡᠯ ᠮᠥᠨ᠃ ᠲᠥᠪ ᠤᠨ | ᠵᠠᠰᠠᠭ ᠤᠨ ᠣᠷᠳᠣᠨ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ᠂ ᠡᠷᠡᠰ ᠭᠤᠶᠢᠪᠢᠰᠢ ᠦᠭᠡᠢ | ᠲᠤᠭᠤᠰᠢᠯᠠᠭᠤᠯᠵᠤ᠂ ᠰᠢᠶᠠᠩᠭᠠᠩ᠂ ᠣᠣᠮᠧᠨ ᠤ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠬᠤ ᠶᠢ ᠪᠦᠭᠦ ᠬᠦᠴᠦ ᠪᠠᠷ ᠢᠶᠠᠨ ᠳᠡᠮᠵᠢᠵᠦ᠂ | ᠰᠢᠶᠠᠩᠭᠠᠩ᠂ ᠣᠣᠮᠧᠨ ᠤ ᠠᠵᠤ ᠠᠬᠤᠢ ᠪᠠᠨ ᠬᠥᠭᠵᠢᠭᠦᠯᠬᠦ᠂ ᠠᠷᠠᠳ ᠤᠨ ᠠᠮᠢᠳᠤᠷᠠᠯ ᠢᠶᠠᠨ ᠰᠠᠶᠢᠵᠢᠷᠠᠭᠤᠯᠬᠤ ᠶᠢ ᠪᠦᠭᠦ ᠬᠦᠴᠦ ᠪᠠᠷ ᠢᠶᠠᠨ ᠳᠡᠮᠵᠢᠵᠦ᠂ ᠰᠢᠶᠠᠩᠭᠠᠩ | ᠂ ᠣᠣᠮᠧᠨ ᠤ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠭᠦ ᠶᠢ ᠪᠦᠭᠦ ᠬᠦᠴᠦ ᠪᠠᠷ ᠢᠶᠠᠨ ᠳᠡᠮᠵᠢᠨ᠎ᠡ᠃ ᠡᠬᠡ ᠤᠯᠤᠰ ᠤᠨ ᠪᠠᠲᠤ ᠴᠢᠩᠭ᠎ᠠ | ᠥᠮᠥᠭ ᠲᠦᠰᠢᠭ ᠲᠠᠢ᠂︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ᠪᠠᠶᠢᠭᠤᠯᠤᠯ ᠤᠨ ᠪᠠᠲᠤᠯᠠᠭ᠎ᠠ ᠲᠠᠢ ᠠᠴᠠ ᠰᠢᠶᠠᠩᠭᠠᠩ᠂ ᠣᠣᠮᠧᠨ ᠤ ᠪᠠᠶᠢᠷᠢ | ᠰᠠᠭᠤᠷᠢ ᠪᠠ ᠦᠢᠯᠡᠳᠦᠯᠴᠢᠩᠭᠠᠷᠠᠬᠤ ᠠᠴᠠ ᠪᠢᠰᠢ ᠰᠤᠯᠠᠷᠠᠬᠤ ᠦᠭᠡᠢ ᠶᠤᠮ᠃ ᠰᠢᠶᠠᠩᠭᠠᠩ᠂ ᠣᠣᠮᠧᠨ ᠤ ᠮᠠᠷᠭᠠᠰᠢ ᠯᠠᠪᠲᠠᠢ ᠨᠡᠩ ᠰᠠᠶᠢᠨ ᠰᠠᠶᠢᠬᠠᠨ ᠪᠤᠯᠬᠤ ᠶᠤᠮ︕ | | ᠰᠢᠩᠭᠠᠫᠤᠷ ᠤᠨ ᠬᠤᠯᠪᠣᠭᠠᠲᠤ ᠥᠷᠯᠥᠭᠡ ᠶᠢᠨ ᠰᠣᠨᠢᠨ ᠤ ᠰᠤᠷᠪᠤᠯᠵᠢᠯᠠᠬᠴᠢ᠄ ᠲᠠ ᠥᠩᠭᠡᠷᠡᠭᠰᠡᠨ ᠳᠤ ᠸᠧᠨᠵᠸᠤ ᠬᠤᠳᠠ ᠶᠢᠨ ᠨᠠᠮ ᠤᠨ ᠬᠤᠷᠢᠶ᠎ᠠ ᠶᠢᠨ | ᠱᠦᠵᠢ ᠪᠠᠶᠢᠪᠠ᠂ ᠸᠧᠨᠵᠸᠤ ᠬᠤᠳᠠ ᠵᠢᠴᠢ ᠲᠠᠨ ᠤ ᠲᠤᠰᠢᠶᠠᠯ ᠬᠠᠷᠢᠭᠤᠴᠠᠵᠤ ᠪᠠᠶᠢᠭᠰᠠᠨ ᠵᠧᠵᠢᠶᠠᠩ᠂ ᠵᠢᠶᠠᠩᠰᠤ ᠵᠢᠴᠢ ᠱᠠᠩᠬᠠᠢ ᠨᠢ ᠪᠦᠷ ᠳᠤᠮᠳᠠᠳᠤ ᠤᠯᠤᠰ ᠤᠨ | ᠠᠷᠠᠳ ᠤᠨ ᠡᠵᠡᠩᠨᠡᠯᠲᠡ ᠶᠢᠨ ᠠᠵᠤ ᠠᠬᠤᠢ ᠮᠠᠰᠢ ᠬᠥᠭᠵᠢᠭᠰᠡᠨ ᠭᠠᠵᠠᠷ ᠪᠣᠯᠣᠨ᠎ᠠ᠂ ᠲᠠ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠲᠤᠬᠠᠢ ᠮᠠᠰᠢ | ᠭᠦᠨᠵᠡᠭᠡᠢ ᠣᠶᠢᠯᠠᠭᠠᠯᠲᠠ ᠲᠠᠢ ᠪᠠᠶᠢᠳᠠᠭ᠃ ᠲᠠᠨ ᠤ ᠦᠵᠡᠬᠦ ᠪᠠᠷ ᠳᠤᠮᠳᠠᠳᠤ ᠤᠯᠤᠰ ᠪᠠᠰᠠ ᠶᠠᠮᠠᠷ ᠠᠷᠭ᠎ᠠ ᠬᠡᠮᠵᠢᠶ᠎ᠡ ᠠᠪᠴᠤ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠢᠲᠡᠭᠡᠯ ᠵᠣᠷᠢᠭ ᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠭᠦ ᠪᠤᠶ︖ ᠪᠠᠰᠠ ᠠᠯᠢ ᠠᠯᠢ | ᠲᠠᠯ᠎ᠠ ᠪᠠᠷ ᠬᠢᠭᠰᠡᠨ ᠨᠢ ᠭᠦᠢᠴᠡᠳ ᠦᠭᠡᠢ ᠪᠤᠢ᠂ ᠨᠥᠬᠦᠪᠦᠷᠢᠯᠡᠬᠦ ᠴᠢᠬᠤᠯᠠ ᠲᠠᠢ ᠪᠤᠢ︖ | ᠯᠢ ᠴᠢᠶᠠᠩ᠄ ᠲᠤᠰ ᠤᠳᠠᠭ᠎ᠠ ᠶᠢᠨ ᠬᠤᠶᠠᠷ ᠬᠤᠷᠠᠯ ᠤᠨ ᠬᠤᠭᠤᠴᠠᠭᠠᠨ ᠳᠤ᠂ ᠶᠡᠷᠦᠩᠬᠡᠢ ᠱᠦᠵᠢ ᠰᠢ ᠶᠢᠨ ᠫᠢᠩ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠢ ᠡᠷᠭᠢᠨ ᠦᠵᠡᠬᠦ ᠳᠡᠭᠡᠨ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠡᠷᠡᠭᠦᠯ ᠢᠶᠠᠷ ᠭᠦᠭᠵᠢᠭᠦ᠂ ᠴᠢᠨᠠᠷ ᠰᠠᠶᠢᠲᠠᠢ ᠭᠦᠭᠵᠢᠭᠦ | ᠲᠤᠬᠠᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠬᠠᠯᠠᠭᠤᠨ ᠲᠤᠰᠬᠠᠯ ᠭᠠᠷᠪᠠ᠃ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ | ᠲᠤᠶᠢᠯ ᠵᠶ᠋ᠠᠷᠤᠷᠮᠠᠰᠢᠨ ᠵᠣᠷᠢᠭᠵᠢᠵᠤ᠂ ᠬᠥᠭᠰᠡᠨ ᠲᠤᠬᠳᠤᠯᠤᠬᠰᠠᠨ ᠢ ᠲᠠ ᠪᠦᠭᠦᠳᠡᠭᠡᠷᠯᠠᠪ ᠣᠯᠵᠤ ᠠᠩᠬᠠᠷᠤᠭᠰᠠᠨ ᠪᠠᠶᠢᠬᠤ ᠠ᠋᠃ | ᠪᠢ ᠠᠷᠠᠳ ᠤᠨ ᠡᠵᠡᠩᠨᠡᠯᠲᠡ ᠶᠢᠨ ᠠᠵᠤ ᠠᠬᠤᠢ ᠨᠡᠯᠢᠶᠡᠳ ᠬᠥᠭᠵᠢᠭᠰᠡᠨ ᠭᠠᠵᠠᠷ ᠣᠷᠣᠨ ᠳᠤ ᠤᠷᠳᠤ ᠬᠤᠭᠤᠴᠠᠭ᠎ᠠ ᠪᠠᠷ ᠠᠵᠢᠯᠯᠠᠵᠤ᠂ ᠠᠷᠠᠳ ᠤᠨ | ᠡᠵᠡᠩᠨᠡᠯᠲᠡ ᠶᠢᠨ ᠠᠵᠤ ᠠᠬᠤᠶᠢᠯᠠᠯᠲᠠᠨ ᠲᠠᠢ ᠰᠠᠨᠠᠯ ᠢᠶᠠᠨ ᠰᠣᠯᠢᠯᠴᠠᠬᠤ ᠲᠣᠭᠢᠶᠠᠯ ᠦᠷᠭᠦᠯᠵᠢ ᠭᠠᠷᠳᠠᠭ᠂ ᠲᠡᠳᠡᠨ ᠤ ᠬᠥᠭᠵᠢᠯᠲᠡ ᠶᠢᠨ ᠶᠠᠪᠤᠴᠠ ᠳᠠᠬᠢ ᠬᠦᠰᠡᠯ | ᠡᠷᠡᠮᠡᠯᠵᠡᠯ ᠪᠣᠯᠣᠨ ᠡᠷᠡᠭᠡᠯᠵᠡᠯ ᠢ ᠨᠡᠯᠢᠶᠡᠳ ᠣᠶᠢᠯᠠᠭᠠᠯ᠎ᠠ᠃ ᠠᠳᠡ ᠪᠢ ᠭᠤᠣᠯᠳᠠᠭᠤ ᠡᠶᠢᠮᠦ ᠬᠡᠳᠦᠨ ᠳᠠᠪᠬᠤᠷᠭ᠎ᠠ ᠶᠢᠨ ᠤᠳᠬ᠎ᠠ ᠰᠠᠨᠠᠭ᠎ᠠ ᠶᠢ ᠢᠯᠡᠳᠬᠡᠶ᠎ᠡ᠄ | ᠨᠢᠭᠡᠳᠦᠭᠡᠷ ᠲᠤ᠂︽ᠬᠤᠶᠠᠷ ᠡᠷᠡᠰ ᠭᠤᠶᠢᠪᠢᠰᠢ ᠦᠭᠡᠢ ᠪᠠᠶᠢᠬᠤ︾ᠪᠣᠯ ᠮᠠᠨ ᠤ ᠤᠯᠤᠰ ᠤᠨ ᠠᠵᠤ ᠠᠬᠤᠢ ᠶᠢᠨ ᠦᠨᠳᠦᠰᠦᠨ ᠪᠠᠶᠢᠭᠤᠯᠤᠯ ᠤᠨ ᠴᠢᠬᠤᠯᠠ | ᠠᠭᠤᠯᠭ᠎ᠠ᠂ ᠤᠷᠳᠤ ᠬᠤᠭᠤᠴᠠᠭᠠᠨ ᠤ ᠠᠷᠭ᠎ᠠ ᠪᠣᠳᠣᠯᠭ᠎ᠠ ᠮᠥᠨ᠂ ᠥᠩᠭᠡᠷᠡᠭᠰᠡᠨ ᠳᠤ ᠬᠤᠪᠢᠷᠠᠭᠰᠠᠨ ᠦᠭᠡᠢ᠂ ᠬᠤᠶᠢᠰᠢᠳᠠ ᠨᠡᠩ ᠴᠤ ᠬᠤᠪᠢᠷᠠᠬᠤ ᠦᠭᠡᠢ ᠶᠤᠮ᠃ | ᠦᠨᠡᠬᠡᠷ᠂ ᠨᠢᠳᠤᠨᠤᠨ ᠨᠢᠭᠡ ᠬᠡᠰᠡᠭ ᠬᠤᠭᠤᠴᠠᠭᠠᠨ ᠳᠤ᠂ ᠨᠡᠶᠢᠭᠡᠮ ᠳᠡᠭᠡᠷ᠎ᠡ ᠵᠠᠷᠢᠮ ᠵᠥᠪ ᠪᠤᠰᠤ ᠶᠠᠷᠢᠶ᠎ᠠ ᠬᠡᠯᠡᠯᠴᠡᠭᠡ ᠭᠠᠷᠴᠤ᠂ ᠵᠠᠷᠢᠮ ᠠᠷᠠᠳ ᠤᠨ ᠡᠵᠡᠩᠨᠡᠯᠲᠡ ᠶᠢᠨ | ᠠᠵᠤ ᠠᠬᠤᠶᠢᠯᠠᠯᠲᠠᠨ ᠢ ᠰᠠᠨᠠᠭᠠᠰᠢᠷᠠᠭᠤᠯᠵᠤ ᠪᠠᠶᠢᠪᠠ᠃ ᠦᠨᠡᠨ ᠳᠡᠭᠡᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ ᠠᠰᠠᠭᠤᠳᠠᠯ ᠳᠡᠭᠡᠷ᠎ᠡ᠂ | ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠡᠷᠦ ᠨᠢ ᠮᠠᠰᠢ ᠲᠣᠳᠣᠷᠬᠠᠢ ᠶᠤᠮ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ | ᠬᠤᠷᠢᠳᠤᠭᠠᠷ ᠶᠡᠭᠡ ᠬᠤᠷᠠᠯ ᠪᠣᠯᠣᠨ ᠨᠢᠳᠤᠨᠤᠨ ᠤ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠴᠥᠮ ᠴᠢᠬᠤᠯᠠᠴᠢᠯᠠᠭᠰᠠᠨ ᠪᠠᠶᠢᠨ᠎ᠠ᠃ ᠡᠭᠦᠨ ᠳᠤ | ᠪᠢᠳᠡ ᠲᠤᠭ ᠲᠡᠮᠳᠡᠭ ᠲᠣᠳᠣᠷᠬᠠᠢ᠂ ᠡᠷᠡᠰ ᠭᠤᠶᠢᠪᠢᠰᠢ ᠦᠭᠡᠢ ᠶᠤᠮ᠃ | ᠬᠤᠶᠠᠳᠤᠭᠠᠷ ᠲᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠣᠷᠴᠢᠨ ᠨᠥᠬᠦᠴᠡᠯ ᠤᠯᠠᠮ ᠠᠴᠠ ᠤᠯᠠᠮ ᠰᠠᠶᠢᠵᠢᠷᠠᠵᠤ᠂ | ᠬᠥᠭᠵᠢᠯᠲᠡ ᠶᠢᠨ ᠣᠷᠣᠨ ᠵᠠᠢ ᠤᠯᠠᠮ ᠠᠴᠠ ᠤᠯᠠᠮ ᠶᠡᠭᠡᠳᠭᠦ ᠪᠣᠯᠣᠨ᠎ᠠ᠃ ᠪᠢᠳᠡ ᠰᠢᠨ᠎ᠡ ᠭᠠᠷᠤᠭ᠎ᠠ ᠠᠴᠠ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠶᠡᠭᠡ ᠪᠠᠷ ᠪᠤᠢ ᠪᠤᠯᠭᠠᠵᠤ᠂ ᠡᠯ᠎ᠡ ᠲᠦᠷᠦᠯ ᠤᠨ ᠥᠮᠴᠢᠯᠡᠯ ᠤᠨ ᠠᠵᠤ ᠠᠬᠤᠶᠢᠯᠠᠯ ᠳᠤ ᠡᠷᠬᠡ | ᠲᠡᠭᠰᠢ ᠪᠠᠷ ᠬᠠᠨᠳᠤᠵᠤ᠂ ᠠᠵᠤ ᠠᠬᠤᠶᠢᠯᠠᠯ ᠤᠨ ᠥᠮᠴᠢᠯᠡᠯ ᠤᠨ ᠡᠷᠬᠡ ᠪᠣᠯᠣᠨ ᠠᠵᠤ ᠠᠬᠤᠶᠢᠯᠠᠯᠲᠠᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠡᠯ᠎ᠡ | ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠡᠷᠬᠡ ᠲᠡᠭᠰᠢ ᠪᠠᠷ ᠥᠷᠢᠰᠦᠯᠳᠦᠬᠦ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠥᠭᠵᠢᠨ ᠪᠤᠵᠠᠭᠠᠶᠢᠷᠠᠬᠤ ᠶᠢ ᠳᠡᠮᠵᠢᠨ᠎ᠠ᠃ ᠬᠥᠭᠵᠢᠯᠲᠡ ᠶᠢᠨ ᠣᠷᠣᠨ ᠵᠠᠢ ᠠᠴᠠ ᠦᠵᠡᠪᠡᠯ᠂ ᠳᠤᠮᠳᠠᠳᠤ ᠤᠯᠤᠰ ᠭᠡᠳᠤ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ | ᠬᠡᠷᠡᠭᠴᠡᠭᠡ ᠲᠠᠢ᠂ ᠪᠠᠰᠠ ᠮᠠᠰᠢ ᠤᠯᠠᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠬᠦ ᠴᠢᠬᠤᠯᠠ ᠲᠠᠢ ᠪᠠᠶᠢᠵᠤ᠂ ᠴᠥᠮ ᠯᠤᠲᠤ ᠶᠡᠭᠡ ᠬᠥᠭᠵᠢᠯᠲᠡ ᠶᠢᠨ | ᠠᠵᠠ ᠲᠣᠭᠢᠶᠠᠯ ᠬᠠᠳᠠᠭᠠᠯᠠᠭᠳᠠᠵᠤ ᠪᠠᠶᠢᠨ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠢ ᠯᠠᠪᠲᠠᠢ ᠶᠡᠭᠡ ᠵᠢᠳᠬᠦᠯ ᠴᠢᠷᠮᠠᠶᠢᠯᠭ᠎ᠠ ᠭᠠᠷᠭᠠᠵᠤ ᠪᠣᠯᠣᠨ᠎ᠠ᠃ | ᠭᠤᠷᠪᠠᠳᠤᠭᠠᠷ ᠲᠤ᠂ ᠴᠠᠭ ᠦᠶ᠎ᠡ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠤᠨ ᠰᠢᠨ᠎ᠡ ᠦᠢᠯᠡᠰ ᠪᠣᠰᠬᠠᠭᠰᠠᠨ ᠲᠡᠦᠬᠡ ᠪᠠᠨ | ᠪᠢᠴᠢᠭᠯᠡᠬᠦ ᠶᠢ ᠤᠷᠢᠶᠠᠯᠠᠵᠤ ᠪᠠᠶᠢᠨ᠎ᠠ᠃ ᠡᠨᠡ ᠨᠢ ᠪᠠᠰᠠ ᠮᠢᠨᠤ ᠭᠡᠯᠡᠭᠦ ᠭᠡᠰᠡᠨ ᠨᠢᠭᠡ ᠵᠦᠢᠯ ᠮᠥᠨ᠃ ᠠᠵᠤ ᠠᠬᠤᠢ ᠶᠢᠨ ᠬᠥᠭᠵᠢᠯᠲᠡ ᠨᠢ ᠪᠤᠰᠤᠳᠴᠢ ᠵᠢᠮ᠎ᠡ | ᠶᠣᠰᠣ ᠲᠠᠢ ᠪᠠᠶᠢᠳᠠᠭ ᠪᠥᠭᠡᠳ ᠪᠠᠰᠠ ᠪᠤᠰᠤᠳᠴᠢ ᠨᠥᠬᠦᠴᠡᠯ ᠳᠤ ᠲᠦᠰᠢᠭᠯᠡᠳᠡᠭ᠂ ᠭᠡᠬᠦ ᠳᠤ ᠮᠠᠰᠢ ᠴᠢᠩᠭ᠎ᠠ ᠪᠡᠶᠡᠴᠢ ᠴᠢᠳᠠᠮᠠᠭᠠᠢ ᠴᠢᠨᠠᠷ ᠢ ᠨᠡᠩ ᠢᠯᠡᠭᠦᠦ | ᠱᠠᠭᠠᠷᠳᠠᠳᠠᠭ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠳ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠢᠲᠡᠭᠡᠯ | ᠵᠣᠷᠢᠭ ᠢᠶᠠᠨ ᠪᠠᠲᠤᠳᠬᠠᠨ ᠠᠶᠠᠨ ᠳᠠᠭᠠᠨ ᠲᠠᠭᠢᠨ ᠮᠣᠷᠳᠠᠬᠤ ᠶᠢ ᠬᠦᠰᠡᠵᠦ ᠪᠠᠶᠢᠨ᠎ᠠ᠃ ᠠᠳᠡ ᠭᠦᠷᠲᠡᠯ᠎ᠡ ᠶᠠᠷᠢᠬᠤ ᠳᠤ ᠪᠢ ᠲᠤᠬᠠᠢ ᠶᠢᠨ ᠵᠢᠯ ᠳᠤ ᠵᠢᠶᠠᠩᠰᠤ | ᠵᠧᠵᠢᠶᠠᠩ ᠵᠡᠷᠭᠡ ᠭᠠᠵᠠᠷ ᠤᠨ ᠬᠤᠪᠢ ᠶᠢᠨ ᠡᠵᠡᠩᠨᠡᠯᠲᠡ ᠶᠢᠨ ᠠᠵᠤ ᠠᠬᠤᠢ ᠶᠢ ᠬᠥᠭᠵᠢᠭᠦᠯᠬᠦ᠂ ᠰᠢᠶᠠᠩ ᠪᠠᠯᠭᠠᠰᠤᠨ ᠤ ᠠᠵᠤ ᠠᠬᠤᠶᠢᠯᠠᠯ ᠢ ᠬᠥᠭᠵᠢᠭᠦᠯᠬᠦ ᠦᠶ᠎ᠡ ᠳᠤ | ᠡᠭᠦᠳᠦᠭᠰᠡᠨ ︽ᠲᠦᠷᠪᠡᠨ ᠮᠢᠩᠭ᠎ᠠ︾ ᠶᠢᠨ ᠵᠣᠷᠢᠭ ᠰᠠᠨᠠᠭ᠎ᠠ ᠶᠢ ᠥᠪᠡᠷ ᠤᠨ ᠡᠷᠬᠡ ᠦᠭᠡᠢ ᠪᠤᠳᠤᠵᠤ ᠣᠯᠣᠯ᠎ᠠ᠂ ᠲᠡᠷᠡ ᠨᠢ ᠳᠠᠷᠤᠢ᠄ ᠮᠢᠩᠭᠠᠨ ᠪᠡᠷᠬᠡ ᠲᠦᠮᠡᠨ | ᠪᠠᠷᠳᠠᠭ᠎ᠠ ᠶᠢ ᠲᠤᠭᠤᠯᠵᠤ᠂ ᠲᠦᠮᠡ ᠮᠢᠩᠭᠠᠨ ᠦᠭᠡ ᠶᠠᠷᠢᠵᠤ᠂ ᠡᠯᠳᠡᠪ ᠠᠷᠭ᠎ᠠ ᠪᠦᠭᠦᠨ ᠢ ᠰᠦᠪᠡᠭᠴᠢᠯᠡᠵᠦ᠂ ᠲᠣᠭᠠᠯᠠᠰᠢ ᠦᠭᠡᠢ ᠬᠦᠴᠢᠷ ᠪᠡᠷᠬᠡᠰᠢᠶᠡᠯ ᠢ ᠠᠮᠰᠠᠬᠤ | ᠭᠡᠳᠡᠭ ᠢ ᠥᠪᠡᠷ ᠤᠨ ᠡᠷᠬᠡ ᠦᠭᠡᠢ ᠪᠤᠳᠤᠵᠤ ᠣᠯᠵᠠᠢ᠃ ᠬᠡᠳᠦᠶᠢᠪᠡᠷ ᠤᠳᠤ ᠶᠢᠨ ᠦᠢᠯᠡᠰ ᠪᠣᠰᠬᠠᠬᠤ ᠵᠠᠭᠪᠤᠷ᠂ ᠭᠡᠯᠪᠡᠷᠢ ᠪᠠᠶᠢᠳᠠᠯ ᠳᠤ ᠮᠠᠰᠢ ᠶᠡᠭᠡ ᠬᠤᠪᠢᠷᠠᠯᠲᠠ | ᠭᠠᠷᠤᠭᠰᠠᠨ ᠪᠤᠯᠪᠠᠴᠤ ᠲᠤᠬᠠᠢ ᠶᠢᠨ ᠦᠶ᠎ᠡ ᠶᠢᠨ ᠲᠡᠷᠡ ᠬᠦ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ ᠦᠢᠯᠡᠰ ᠪᠣᠰᠬᠠᠬᠤ ᠵᠣᠷᠢᠭ ᠰᠠᠨᠠᠭ᠎ᠠ ᠨᠢ ᠥᠨᠢ | ᠡᠭᠦᠷᠢᠳᠡ ᠱᠠᠭᠠᠷᠳᠠᠭᠳᠠᠬᠤ ᠶᠤᠮ᠃ ᠮᠠᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠦᠨᠡᠨ | ᠰᠡᠳᠬᠢᠯ ᠠᠴᠠ ᠪᠠᠨ ᠬᠠᠯᠠᠮᠵᠢᠯᠠᠨ ᠲᠡᠭᠦᠨ ᠳᠤ ᠦᠢᠯᠡᠴᠢᠯᠡᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠤᠭᠤᠷᠣᠨᠳᠣᠭᠢ ᠳᠣᠲᠣᠨᠣ ᠴᠢᠬᠡᠴᠢ ᠬᠠᠷᠢᠴᠠᠭ᠎ᠠ ᠶᠢ | ᠪᠠᠶᠢᠭᠤᠯᠵᠤ᠂ ᠪᠦᠭᠦ ᠨᠡᠶᠢᠭᠡᠮ ᠢ ᠲᠠᠶᠢᠴᠢᠯᠠᠨ ᠦᠢᠯᠡᠰ ᠪᠣᠰᠬᠠᠭᠴᠢ ᠶᠢ ᠬᠦᠨᠳᠦᠳᠬᠡᠬᠦ᠂ ᠠᠵᠤ ᠠᠬᠤᠶᠢᠯᠠᠯᠲᠠᠨ ᠢ ᠬᠦᠨᠳᠦᠳᠬᠡᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠤᠯᠭᠠᠬᠤ ᠬᠡᠷᠡᠭᠲᠡᠢ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠯᠠᠪᠲᠠᠢ | ᠨᠡᠩ ᠭᠡᠷᠡᠯ ᠰᠠᠴᠤᠷᠠᠩᠭᠤᠢ ᠦᠢᠯᠡᠰ ᠪᠣᠰᠬᠠᠬᠤ ᠲᠡᠦᠬᠡ ᠶᠢ ᠪᠢᠴᠢᠭᠯᠡᠨ᠎ᠡ ᠭᠡᠳᠡᠭ ᠲᠤ ᠪᠢ ᠢᠲᠡᠭᠡᠵᠦ ᠪᠠᠶᠢᠨ᠎ᠠ᠃ | ᠫᠧᠩ ᠫᠠᠢ ᠰᠣᠨᠢᠨ ᠮᠡᠳᠡᠭᠡᠨ ᠤ ᠰᠤᠷᠪᠤᠯᠵᠢᠯᠠᠬᠴᠢ᠄ ᠰᠦᠯᠵᠢᠶᠡᠨ ᠢᠷᠭᠡᠳ ᠠᠷᠠᠳ ᠤᠨ ᠠᠮᠢᠳᠤᠷᠠᠯ ᠤᠨ ᠵᠠᠷᠢᠮ ᠬᠠᠯᠠᠮᠰᠢᠯ ᠠᠰᠠᠭᠤᠳᠠᠯ ᠢ ᠳᠡᠭᠡᠳᠦ | ᠬᠡᠮᠵᠢᠶ᠎ᠡ ᠪᠠᠷ ᠠᠩᠬᠠᠷᠴᠤ ᠪᠤᠢ᠃ ᠡᠨᠡ ᠵᠢᠯ ᠮᠠᠨ ᠤ ᠤᠯᠤᠰ ᠤᠨ ᠠᠵᠢᠯ ᠣᠯᠭᠤᠯᠲᠠ ᠶᠢᠨ ᠪᠠᠶᠢᠳᠠᠯ ᠮᠥᠨ ᠯᠡ ᠬᠦᠨᠳᠦ ᠨᠣᠴᠢᠲᠠᠢ ᠪᠠᠶᠢᠨ᠎ᠠ᠂ ᠲᠡᠭᠡᠪᠡᠯ ᠵᠠᠰᠠᠭ ᠤᠨ | ᠣᠷᠳᠣᠨ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ ᠪᠤᠶ︖ ᠨᠢᠳᠤᠨᠤᠨ ᠳᠤᠮᠳᠠᠳᠤ ᠤᠯᠤᠰ ᠲᠤ ᠤᠯᠠᠨ ᠵᠢᠯ ᠳᠤ | ᠪᠠᠶᠢᠭ᠎ᠠ ᠦᠭᠡᠢ ᠬᠥᠮᠥᠨ ᠠᠮᠠ ᠶᠢᠨ ᠰᠥᠭᠡᠷᠭᠦ ᠨᠡᠮᠡᠭᠳᠡᠯ ᠭᠠᠷᠤᠭᠰᠠᠨ ᠨᠢ ᠬᠥᠮᠥᠨ ᠠᠮᠠ ᠶᠢᠨ ᠴᠡᠪᠡᠷ ᠠᠰᠢᠭ ᠤᠳᠠᠯ ᠦᠭᠡᠢ ᠠᠷᠢᠯᠬᠤ ᠶᠢ ᠬᠠᠷᠠᠭᠤᠯᠵᠤ ᠪᠠᠶᠢᠨ᠎ᠠ ᠦᠦ︖ | ᠡᠨᠡ ᠵᠢᠯ ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠮᠡᠳᠡᠨ᠎ᠠ ᠦᠦ︖ | ᠯᠢ ᠴᠢᠶᠠᠩ᠄ ᠪᠢ ᠰᠦᠯᠵᠢᠶᠡᠨ ᠢᠷᠭᠡᠳ ᠤᠨ ᠠᠩᠬᠠᠷᠤᠯ ᠳᠤ ᠬᠠᠷᠢᠭᠤᠯᠲᠠ ᠥᠭᠭᠦ ᠳᠤᠷᠠᠲᠠᠢ᠂ ᠵᠠᠪ ᠴᠢᠯᠦᠭᠡ ᠣᠯᠳᠠᠭᠰᠠᠭᠠᠷ ᠯᠡ ᠰᠦᠯᠵᠢᠶᠡᠨ ᠳᠤ ᠭᠠᠷᠴᠤ | ᠂ ᠰᠦᠯᠵᠢᠶᠡᠨ ᠢᠷᠭᠡᠳ ᠤᠨ ᠶᠠᠭᠤ ᠶᠢ ᠠᠩᠬᠠᠷᠴᠤ ᠪᠠᠶᠢᠬᠤ᠂ ᠶᠠᠮᠠᠷ ᠰᠠᠶᠢᠨ ᠰᠠᠨᠠᠯ ᠰᠠᠨᠠᠭᠤᠯᠭ᠎ᠠ ᠪᠠᠶᠢᠬᠤ ᠶᠢ ᠦᠵᠡᠳᠡᠭ᠃ | ᠦᠨᠡᠨ ᠳᠡᠭᠡᠨ ᠴᠢ ᠰᠠᠶ᠋ᠢᠬᠠᠨ ᠭᠤᠷᠪᠠᠨ ᠠᠰᠠᠭᠤᠯᠲᠠ ᠳᠤᠷᠠᠳᠪᠠ᠃ ᠨᠢᠭᠡᠳᠦᠭᠡᠷ ᠠᠰᠠᠭᠤᠯᠳᠠ ᠭᠡᠪᠡᠯ᠂ ᠠᠵᠢᠯ ᠣᠯᠭᠤᠯᠲᠠ ᠶᠢᠨ ᠠᠰᠠᠭᠤᠳᠠᠯ᠃ ᠠᠵᠢᠯ ᠣᠯᠭᠤᠯᠲᠠ | ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠂ ᠠᠵᠢᠯ ᠣᠯᠭᠤᠯᠲᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠬᠠᠮᠤᠭ ᠤᠨ ᠦᠨᠳᠦᠰᠦᠨ ᠨᠢᠭᠡ ᠵᠦᠢᠯ ᠪᠣᠯ | ᠬᠠᠰᠢᠯᠠ ᠠᠵᠤ ᠠᠬᠤᠢ ᠶᠢ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠣᠳᠠᠲᠠᠢ ᠠᠵᠢᠯ ᠤᠨ ᠳᠤᠮᠳᠠ᠂ ᠪᠢᠳᠡ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠦᠢᠯᠡᠴᠢᠯᠡᠭᠡ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ | ᠲᠠᠯ᠎ᠠ ᠪᠠᠷ ᠬᠢ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯ ᠣᠯᠭᠤᠯᠲᠠ ᠶᠢᠨ ᠰᠢᠨ᠎ᠡ ᠭᠡᠯᠪᠡᠷᠢ ᠶᠢ ᠳᠡᠮᠵᠢᠨ | ᠵᠢᠷᠤᠮᠵᠢᠭᠤᠯᠤᠨ᠎ᠠ᠃ ᠡᠨᠡ ᠵᠢᠯ ᠦᠨᠶᠡᠭᠡ ᠳᠡᠭᠡᠳᠦ ᠰᠤᠷᠭᠠᠭᠤᠯᠢ ᠲᠡᠭᠦᠰᠬᠦ ᠰᠤᠷᠤᠬᠴᠢᠵᠢᠱᠢᠯᠲᠡ ᠪᠠᠷ 1158 ᠲᠦᠮᠡ ᠪᠤᠢ᠂ ᠠᠵᠢᠯ ᠣᠯᠭᠤᠯᠲᠠ ᠶᠢᠨ ᠲᠠᠯ᠎ᠠ ᠠᠴᠠ | ᠦᠵᠡᠪᠡᠯ ᠵᠣᠬᠢᠬᠤ ᠳᠠᠷᠤᠯᠲᠠ ᠲᠠᠢ ᠪᠠᠶᠢᠨ᠎ᠠ︔ ᠭᠡᠪᠡᠴᠦ ᠬᠥᠭᠵᠢᠯᠲᠡ ᠶᠢᠨ ᠲᠠᠯ᠎ᠠ ᠠᠴᠠ ᠠᠪᠴᠤ ᠦᠵᠡᠪᠡᠯ᠂ ᠡᠨᠡ ᠨᠢ ᠠᠮᠢᠵᠢᠷᠠᠯ ᠤᠨ ᠬᠦᠴᠦᠨ ᠨᠡᠮᠡᠷᠢᠯᠡᠪᠡ᠃ | ᠪᠢᠳᠡ ᠠᠵᠢᠯ ᠣᠯᠭᠤᠯᠲᠠ ᠶᠢᠨ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠵᠦ᠂ ᠵᠠᠯᠠᠭᠤᠴᠤᠳ ᠢ ᠬᠠᠪᠰᠤᠷᠤᠨ ᠭᠦᠳᠡᠯᠮᠦᠷᠢ ᠪᠠ ᠲᠡᠮᠡᠴᠡᠯ ᠢᠶᠠᠷ ᠳᠠᠮᠵᠢᠭᠤᠯᠤᠨ | ᠂ ᠥᠪᠡᠷ ᠤᠨ ᠠᠮᠢᠳᠤᠷᠠᠬᠤᠢ ᠶᠢᠨ ᠦᠨ᠎ᠡ ᠦᠷᠲᠡᠭ ᠢᠶᠠᠨ ᠨᠡᠩ ᠰᠠᠶᠢᠲᠤᠷ ᠪᠡᠶᠡᠯᠡᠭᠦᠯᠬᠦ ᠪᠣᠯᠭᠠᠨ᠎ᠠ᠃ | ᠬᠤᠶᠠᠳᠤᠭᠠᠷ ᠠᠰᠠᠭᠤᠯᠳᠠ ᠪᠣᠯ᠂ ᠬᠥᠮᠥᠨ ᠠᠮᠠ ᠶᠢᠨ ᠰᠥᠭᠡᠷᠭᠦ ᠨᠡᠮᠡᠭᠳᠡᠯ ᠤᠨ ᠠᠰᠠᠭᠤᠳᠠᠯ᠃ ᠮᠠᠨ ᠤ ᠤᠯᠤᠰ ᠤᠨ ᠬᠥᠮᠥᠨ ᠠᠮᠠ ᠶᠢᠨ ᠥᠰᠦᠯᠲᠡ ᠡᠶᠡᠷᠭᠦ | ᠪᠠᠶᠢᠭᠰᠠᠨ ᠠᠴᠠ ᠪᠠᠨ ᠰᠥᠭᠡᠷᠭᠦ ᠪᠣᠯᠵᠤ ᠪᠠᠶᠢᠨ᠎ᠠ᠂ ᠬᠥᠮᠥᠨ ᠠᠮᠠ ᠶᠢᠨ ᠴᠡᠪᠡᠷ ᠠᠰᠢᠭ ᠡᠭᠦᠨ ᠠᠴᠠ ᠪᠣᠯᠵᠤ ᠠᠷᠢᠯᠤᠨ᠎ᠠ ᠦᠦ ᠦᠭᠡᠢ ᠦᠦ ᠭᠡᠵᠦ ᠵᠠᠷᠢᠮ ᠬᠥᠮᠥᠨ | ᠰᠠᠨᠠᠭ᠎ᠠ ᠵᠣᠪᠠᠵᠤ ᠪᠠᠶᠢᠨ᠎ᠠ᠃ ᠮᠢᠨᠤ ᠪᠤᠳᠣᠬᠤ ᠪᠠᠷ ᠲᠡᠶᠢᠮᠦ ᠠᠮᠠᠷᠬᠠᠨ ᠪᠢᠰᠢ᠃ ᠬᠥᠮᠥᠨ ᠠᠮᠠ ᠶᠢᠨ ᠴᠡᠪᠡᠷ ᠠᠰᠢᠭ ᠢ ᠶᠡᠷᠦᠩᠬᠡᠢ ᠬᠡᠮᠵᠢᠶ᠎ᠡ ᠪᠠᠷ ᠨᠢ ᠦᠵᠡᠬᠦ ᠬᠡᠷᠡᠭᠲᠡᠢ | ᠮᠥᠷᠲᠡᠭᠡᠨ ᠨᠡᠩ ᠴᠤ ᠶᠠᠰᠤ ᠴᠢᠨᠠᠷ ᠢᠶᠠᠷ ᠨᠢ ᠦᠵᠡᠬᠦ ᠬᠡᠷᠡᠭᠲᠡᠢ᠂ ᠬᠥᠮᠥᠨ ᠠᠮᠠ ᠪᠠᠷ ᠨᠢ ᠦᠵᠡᠬᠦ ᠬᠡᠷᠡᠭᠲᠡᠢ ᠮᠥᠷᠲᠡᠭᠡᠨ ᠨᠡᠩ ᠴᠤ ᠴᠢᠳᠠᠪᠤᠷᠢᠲᠠᠨ ᠢᠶᠠᠷ ᠨᠢ ᠦᠵᠡᠬᠦ | ᠬᠡᠷᠡᠭᠲᠡᠢ᠃ ᠮᠠᠨ ᠤ ᠤᠯᠤᠰ ᠲᠤ 9 ᠳ᠋ᠦᠩᠰᠢᠭᠤᠷ ᠰᠢᠬᠠᠮ ᠭᠦᠳᠡᠯᠮᠦᠷᠢ ᠬᠦᠴᠦᠨ ᠲᠠᠢ ᠪᠠᠶᠢᠵᠤ᠂ ᠵᠢᠯ ᠪᠦᠷᠢ ᠶᠢᠨ ᠰᠢᠨ᠎ᠡ ᠪᠠᠷ ᠨᠡᠮᠡᠭᠳᠡᠬᠦ ᠭᠦᠳᠡᠯᠮᠦᠷᠢ ᠬᠦᠴᠦᠨ | ᠴᠥᠮ 1500 ᠲᠦᠮᠡ ᠶᠢ ᠳᠠᠪᠠᠵᠤ᠂ ᠬᠥᠮᠥᠨ ᠤ ᠬᠦᠴᠦᠨ ᠤ ᠡᠬᠢ ᠪᠠᠶᠠᠯᠢᠭ ᠡᠯᠪᠡᠭ ᠪᠠᠶᠢᠬᠤ ᠨᠢ ᠮᠥᠨ ᠯᠡ ᠳᠤᠮᠳᠠᠳᠤ ᠤᠯᠤᠰ ᠤᠨ ᠲᠣᠪᠣᠶᠢᠮ᠎ᠠ ᠳᠠᠪᠠᠭᠤᠯᠢᠭ | ᠪᠣᠯᠣᠭᠰᠠᠭᠠᠷ ᠪᠠᠶᠢᠨ᠎ᠠ᠃ ᠨᠡᠩ ᠴᠢᠬᠤᠯᠠ ᠨᠢ᠂ ᠮᠠᠨ ᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠭᠥᠷᠳᠡᠭᠰᠡᠨ ᠬᠥᠮᠥᠨ ᠠᠮᠠ ᠨᠢᠭᠡᠨᠲᠡ 2.4 | ᠳ᠋ᠦᠩᠰᠢᠭᠤᠷ ᠢ ᠳᠠᠪᠠᠵᠤ᠂ ᠰᠢᠨ᠎ᠡ ᠪᠠᠷ ᠨᠡᠮᠡᠭᠳᠡᠭᠰᠡᠨ ᠭᠦᠳᠡᠯᠮᠦᠷᠢ ᠬᠦᠴᠦᠨ ᠤ ᠰᠤᠷᠭᠠᠨ ᠬᠥᠮᠦᠵᠢᠯ ᠭᠥᠷᠳᠡᠭᠰᠡᠨ ᠳᠤᠮᠳᠠᠴᠢ ᠵᠢᠯ ᠬᠤᠭᠤᠴᠠᠭ᠎ᠠ ᠨᠢ 14 ᠵᠢᠯ ᠳᠤ | ᠬᠦᠷᠴᠡᠢ᠃ ᠮᠠᠨ ᠤ ︽ᠬᠥᠮᠥᠨ ᠠᠮᠠ ᠶᠢᠨ ᠴᠡᠪᠡᠷ ᠠᠰᠢᠭ︾ ᠠᠷᠢᠯᠤᠭᠠᠳᠤᠢ᠂︽ᠴᠢᠳᠠᠪᠤᠷᠢᠲᠠᠨ ᠤ ᠴᠡᠪᠡᠷ ᠠᠰᠢᠭ︾ ᠶᠠᠭ ᠪᠦᠷᠢᠯᠳᠦᠵᠦ᠂ ᠬᠥᠭᠵᠢᠯᠲᠡ ᠶᠢᠨ | ᠬᠥᠳᠡᠯᠭᠡᠬᠦ ᠬᠦᠴᠦᠨ ᠮᠥᠨ ᠯᠡ ᠢᠳᠡ ᠬᠦᠴᠦᠲᠡᠢ ᠪᠠᠶᠢᠨ᠎ᠠ ᠭᠡᠵᠦ ᠬᠡᠯᠡᠵᠦ ᠪᠣᠯᠣᠨ᠎ᠠ᠃ ᠬᠡᠯᠡᠯᠭᠡᠨ ᠦᠭᠡᠢ᠂ ᠪᠢᠳᠡ ᠬᠥᠮᠥᠨ ᠠᠮᠠ ᠶᠢᠨ ᠨᠡᠮᠡᠭᠳᠡᠯ ᠬᠠᠰᠤᠭᠳᠠᠯ ᠤᠨ | ᠠᠪᠴᠢᠷᠠᠵᠤ ᠮᠡᠳᠡᠭᠦ ᠠᠰᠠᠭᠤᠳᠠᠯ ᠢ ᠪᠠᠰᠠ ᠭᠦᠨᠵᠡᠭᠡᠢ ᠵᠠᠳᠠᠯᠤᠨ ᠰᠤᠳᠤᠯᠵᠤ᠂ ᠢᠳᠡᠪᠬᠢᠲᠡᠢ ᠠᠷᠭᠠᠴᠠᠭᠠᠬᠤ ᠬᠡᠷᠡᠭᠲᠡᠢ᠃ | ᠠᠵᠢᠯ ᠠᠴᠠ ᠪᠠᠨ ᠠᠮᠠᠷᠠᠬᠤ ᠶᠢ ᠬᠤᠶᠢᠰᠢᠯᠠᠭᠤᠯᠬᠤ ᠲᠥᠷᠥ ᠶᠢᠨ ᠪᠣᠳᠣᠯᠭ᠎ᠠ ᠶᠢᠨ ᠠᠰᠠᠭᠤᠳᠠᠯ ᠤᠨ ᠲᠤᠬᠠᠢᠪᠢᠳᠡ ᠨᠠᠷᠢᠨ ᠬᠢᠨᠠᠮᠠᠭᠠᠢ ᠰᠤᠳᠤᠯᠵᠤ᠂ ᠭᠦᠢᠴᠡᠳ | ᠨᠤᠲᠠᠯᠠᠯᠲᠠ ᠬᠢᠵᠦ᠂ ᠵᠣᠬᠢᠰᠲᠠᠢ ᠦᠶ᠎ᠡ ᠳᠤ ᠯᠠᠪᠳᠠᠭᠤᠨ ᠢᠶᠠᠷ ᠬᠡᠷᠡᠭᠵᠢᠭᠦᠯᠦᠨ᠎ᠡ᠃ | ᠦᠽᠪᠸᠺᠰᠲ᠋ᠠᠨ ᠤ ᠠᠷᠠᠳ ᠤᠨ ᠶᠠᠷᠢᠶ᠎ᠠ ᠬᠡᠯᠡᠯᠴᠡᠭᠡᠨ ᠤ ᠰᠣᠨᠢᠨ ᠤ ᠰᠤᠷᠪᠤᠯᠵᠢᠯᠠᠬᠴᠢ᠄ ᠳᠡᠯᠡᠬᠡᠢ ᠳᠡᠭᠡᠷᠡᠬᠢ ᠵᠠᠷᠢᠮ ᠬᠥᠮᠥᠰ ᠳᠤᠮᠳᠠᠳᠤ ᠤᠯᠤᠰᠪᠤᠰᠤᠳ | ᠤᠯᠤᠰ ᠲᠠᠢ ᠬᠠᠷᠢᠴᠠᠭᠤᠯᠪᠠᠯ ᠬᠢᠵᠢᠭ ᠢ ᠰᠡᠷᠭᠡᠶᠢᠯᠡᠬᠦ ᠲᠠᠯ᠎ᠠ ᠪᠠᠷ ᠬᠤᠶᠠᠷ ᠵᠢᠯ ᠭᠠᠷᠤᠢ ᠴᠢᠩᠭ᠎ᠠ ᠡᠵᠡᠮᠳᠡᠭᠰᠡᠨ ᠨᠢ ᠦᠨᠡᠬᠡᠷ ᠴᠢᠬᠤᠯᠠᠲᠠᠢ ᠦᠦ ᠭᠡᠵᠦ ᠰᠡᠵᠢᠭᠯᠡᠵᠦ | ᠪᠠᠶᠢᠨ᠎ᠠ᠂ ᠢᠷᠡᠭᠡᠳᠦᠢ ᠳᠤ ᠭᠠᠷᠴᠤ ᠮᠡᠳᠡᠭᠦ ᠰᠢᠨ᠎ᠡ ᠬᠢᠵᠢᠭ ᠤᠨ ᠪᠠᠶᠢᠳᠠᠯ ᠢ ᠠᠷᠭᠠᠴᠠᠭᠠᠬᠤ ᠳᠤ ᠳᠤᠮᠳᠠᠳᠤ ᠤᠯᠤᠰ ᠶᠠᠮᠠᠷ ᠶᠠᠮᠠᠷ ᠪᠡᠯᠡᠳᠬᠡᠯ ᠬᠢᠭᠰᠡᠨ ᠪᠤᠢ︖ | ᠯᠢ ᠴᠢᠶᠠᠩ᠄ ᠬᠢᠵᠢᠭ ᠤᠨ ᠪᠠᠶᠢᠳᠠᠯ ᠭᠠᠷᠤᠭᠰᠠᠨ ᠭᠤᠷᠪᠠᠨ ᠵᠢᠯ ᠳᠤ᠂ ᠳᠤᠮᠳᠠᠳᠤ ᠤᠯᠤᠰ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠵᠦ᠂ ᠣᠲᠣ ᠨᠢᠭᠡᠨᠲᠡ ᠴᠢᠬᠤᠯᠠ ᠶᠡᠭᠡ ᠰᠢᠢᠳᠪᠦᠷᠢᠲᠦ ᠴᠢᠨᠠᠷᠲᠠᠢ | ᠢᠯᠠᠯᠲᠠ ᠶᠢ ᠣᠯᠪᠠ᠃ ᠭᠤᠷᠪᠠᠨ ᠵᠢᠯ ᠭᠠᠷᠤᠢ ᠶᠢᠨ ᠲᠤᠷᠰᠢ᠂ ᠪᠢᠳᠡ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ | ᠰᠢᠨᠵᠢᠯᠡᠬᠦ ᠤᠬᠠᠭᠠᠨᠴᠢ ᠪᠠᠷ ᠣᠨᠣᠴᠠᠲᠠᠢ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠪᠠ ᠪᠠᠶᠢᠳᠠᠯ ᠳᠤ ᠲᠣᠬᠢᠷᠠᠭᠤᠯᠤᠨ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠪᠠᠨ ᠰᠢᠯᠢᠳᠡᠭᠵᠢᠭᠦᠯᠪᠡ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠨᠡᠯᠢᠶᠡᠳ ᠴᠢᠩᠭ᠎ᠠ ᠪᠠᠶᠢᠬᠤ ᠱᠠᠲᠤᠨ ᠳᠤ᠂ ᠪᠢᠳᠡ ᠡᠷᠡᠰ ᠰᠢᠭᠤᠷᠬᠠᠢ ᠪᠠᠷ | ︽ᠬᠥᠬᠡᠭᠴᠢᠨ ᠲᠥᠷᠥᠯ ᠤᠨ ᠬᠥᠬᠡ ᠬᠠᠮᠢᠶᠠᠷᠤᠯᠲᠠ︾ ᠶᠢ ᠬᠡᠷᠡᠭᠵᠢᠭᠦᠯᠵᠦ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ | ᠮᠡᠨᠳᠦ ᠶᠢ ᠪᠦᠲᠦᠮᠵᠢᠲᠡᠶ ᠬᠠᠮᠠᠭᠠᠯᠠᠭᠰᠠᠨ ᠪᠥᠭᠡᠳ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠦᠶᠯᠡᠳᠭᠦ᠂ ᠸᠠᠺᠼᠢᠨ ᠤ ᠲᠠᠷᠢᠯᠭ᠎ᠠ ᠶᠢ ᠲᠦᠭᠡᠮᠡᠯᠵᠢᠭᠦᠯᠬᠦ | ᠵᠡᠷᠭᠡ ᠳᠤ ᠡᠷᠬᠢᠮ ᠨᠠᠨᠳᠢᠨ ᠴᠠᠭ ᠬᠤᠭᠤᠴᠠᠭ᠎ᠠ ᠣᠯᠭᠤᠭᠰᠠᠨ ᠪᠠᠶᠢᠨ᠎ᠠ᠃ ᠸᠢᠷᠦ᠋ᠰ ᠤᠨ ᠡᠪᠡᠳᠴᠢᠯᠡᠭᠦᠯᠬᠦ ᠬᠦᠴᠦᠨ ᠰᠤᠯᠠᠷᠠᠬᠤ ᠪᠠ ᠮᠠᠨ ᠤ ᠤᠯᠤᠰ ᠤᠨ ᠰᠡᠷᠭᠡᠶᠢᠯᠡᠨ | ᠵᠠᠰᠠᠬᠤ ᠴᠢᠳᠠᠪᠤᠷᠢ ᠳᠡᠭᠡᠭᠰᠢᠯᠡᠬᠦ ᠶᠢ ᠳᠠᠭᠠᠯᠳᠤᠨ᠂ ᠪᠢᠳᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠠᠯᠢ ᠣᠯᠠᠨ ᠰᠢᠯᠢᠳᠡᠭᠵᠢᠭᠦᠯᠬᠦ ᠲᠣᠬᠢᠷᠠᠭᠤᠯᠤᠯᠲᠠ ᠬᠢᠵᠦ᠂ | ᠵᠣᠬᠢᠰᠲᠠᠢ ᠴᠠᠭ ᠲᠤ ᠲᠣᠬᠢᠷᠠᠭᠤᠯᠤᠯᠲᠠ ᠬᠢᠵᠦ᠂︽ᠬᠥᠬᠡᠭᠴᠢᠨ ᠲᠥᠷᠥᠯ ᠤᠨ ᠬᠥᠬᠡᠭᠴᠢᠨ ᠬᠠᠮᠢᠶᠠᠷᠤᠯᠲᠠ︾ ᠶᠢ ᠬᠡᠷᠡᠭᠵᠢᠭᠦᠯᠪᠡ᠃ ᠳᠤᠮᠳᠠᠳᠤ ᠤᠯᠤᠰ ᠰᠢᠭ᠋ ᠡᠶᠢᠮᠦ | ᠬᠥᠮᠥᠨ ᠠᠮᠠ ᠤᠯᠠᠨ᠂ ᠬᠥᠭᠵᠢᠯᠲᠡ ᠲᠡᠩᠴᠡᠭᠦᠷᠢ ᠦᠭᠡᠢ ᠲᠣᠮᠣ ᠤᠯᠤᠰ ᠬᠤᠶᠠᠷ ᠰᠠᠷ᠎ᠠ ᠬᠦᠷᠬᠦ ᠦᠭᠡᠢ ᠬᠤᠭᠤᠴᠠᠭᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠡᠪ ᠤᠨ ᠡᠮᠬᠢ ᠳᠢᠭᠯᠢᠮ ᠢ ᠨᠡᠯᠢᠶᠡᠳ ᠲᠦᠷᠭᠡᠨ ᠰᠡᠷᠭᠦᠭᠡᠭᠰᠡᠨ ᠨᠢ ᠠᠮᠠᠷ ᠦᠭᠡᠢ | ᠶᠠᠪᠤᠳᠠᠯ ᠶᠤᠮ᠃ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠪᠣᠳᠣᠯᠭ᠎ᠠ ᠠᠷᠭ᠎ᠠ ᠬᠡᠮᠵᠢᠶ᠎ᠡ ᠪᠣᠯ ᠪᠦᠷᠢᠮᠦᠰᠦᠨ | ᠵᠥᠪ᠂ ᠰᠡᠷᠭᠡᠶᠢᠯᠡᠨ ᠡᠵᠡᠮᠳᠡᠭᠰᠡᠨ ᠦᠷ᠎ᠡ ᠪᠦᠲᠦᠮᠵᠢ ᠯᠤᠲᠤ ᠶᠡᠭᠡ ᠭᠡᠳᠡᠭ ᠢ ᠦᠢᠯᠡᠳᠦᠯᠭᠡ ᠭᠡᠷᠡᠴᠢᠯᠡᠪᠡ᠃ | ᠬᠥᠮᠥᠨ ᠲᠥᠷᠥᠯᠬᠢᠲᠡᠨ ᠬᠢᠭᠡᠳ ᠸᠢᠷᠦ᠋ᠰ ᠤᠨ ᠲᠡᠮᠡᠴᠡᠯ ᠪᠣᠯ ᠨᠢᠭᠡᠨ ᠤᠷᠳᠤ ᠬᠤᠭᠤᠴᠠᠭᠠᠨ ᠤ ᠲᠡᠦᠬᠡᠨ ᠶᠠᠪᠤᠴᠠ ᠮᠥᠨ᠃ ᠣᠳᠣᠬᠠᠨ ᠳᠤ ᠰᠢᠨ᠎ᠡ | ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠮᠥᠨ ᠬᠦ ᠣᠷᠣᠰᠢᠵᠤ ᠪᠠᠶᠢᠨ᠎ᠠ᠂ ᠪᠢᠳᠡ ᠴᠠᠭ ᠲᠤᠬᠠᠢ ᠳᠤᠨᠢ ᠰᠤᠳᠤᠯᠤᠨ | ᠮᠠᠭᠠᠳᠯᠠᠵᠤ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠠᠵᠢᠯ ᠢ ᠰᠠᠶᠢᠲᠤᠷ ᠬᠢᠬᠦ ᠶᠢᠨ ᠬᠠᠮᠲᠤ ᠠᠳᠠᠯᠢ ᠪᠤᠰᠤ ᠪᠠᠶᠢᠳᠠᠯ ᠳᠣᠣᠷᠠᠬᠢ ᠬᠢᠵᠢᠭ ᠤᠨ | ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠣᠭᠲᠠᠭᠠᠨ ᠲᠡᠭᠦᠯᠳᠡᠷᠵᠢᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠵᠤ᠂ ᠸᠠᠺᠼᠢᠨ ᠪᠠ ᠡᠮ ᠤᠨ ᠵᠦᠢᠯᠡᠰ ᠢ ᠰᠤᠳᠤᠯᠤᠨ ᠨᠡᠭᠡᠭᠡᠬᠦ ᠶᠢ ᠲᠦᠷᠭᠡᠳᠬᠡᠵᠦ᠂ ᠳᠡᠯᠡᠬᠡᠢ ᠨᠡᠶᠢᠭᠡᠮ | ᠯᠦᠭᠡ ᠶᠢᠨ ᠬᠠᠮᠲᠤᠷᠠᠯᠴᠠᠭ᠎ᠠ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠬᠥᠮᠥᠨ ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠬᠠᠮᠲᠤ ᠪᠠᠷ ᠬᠠᠮᠠᠭᠠᠯᠠᠨ᠎ᠠ᠃ | ᠲᠠᠶᠢᠸᠠᠨ ᠤ ᠬᠤᠯᠪᠣᠭᠠᠲᠤ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠡᠬᠡ ᠬᠠᠭᠤᠷᠠᠢ ᠶᠢᠨ ᠲᠠᠯ᠎ᠠ ᠠᠴᠠ᠂ ᠲᠠᠶᠢᠸᠠᠨ ᠤ ᠠᠬ᠎ᠠ ᠳᠡᠭᠦᠦ ᠨᠠᠷ ᠢ | ᠢᠮᠠᠭᠲᠠ ᠬᠠᠶᠢᠷᠠᠯᠠᠨ ᠬᠠᠯᠠᠮᠵᠢᠯᠠᠵᠤ᠂ ᠭᠦᠨᠳᠦᠳᠭᠡᠵᠦ᠂ ᠪᠤᠶᠠᠨ ᠦᠢᠯᠡᠳᠦᠨ᠎ᠡ ᠭᠡᠵᠦ ᠢᠯᠡᠷᠬᠡᠶᠢᠯᠡᠪᠡ᠃ ᠡᠬᠡ ᠬᠠᠭᠤᠷᠠᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠬᠦ ᠶᠢ ᠳᠠᠭᠠᠯᠳᠤᠨ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠷᠠᠳ ᠣᠯᠠᠨ ᠴᠥᠮ | ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠡᠪ ᠤᠨ ᠰᠣᠯᠢᠯᠴᠠᠭ᠎ᠠ ᠶᠠᠪᠤᠯᠴᠠᠭ᠎ᠠ ᠶᠢ ᠠᠯᠢ ᠲᠦᠷᠭᠡᠨ ᠢᠶᠠᠷ ᠪᠦᠭᠦ ᠲᠠᠯ᠎ᠠ ᠪᠠᠷ ᠰᠡᠷᠭᠦᠭᠡᠬᠦ ᠶᠢ ᠬᠦᠰᠡᠵᠦ ᠪᠠᠶᠢᠨ᠎ᠠ | ᠃ ᠲᠡᠭᠡᠪᠡᠯ᠂ ᠡᠬᠡ ᠬᠠᠭᠤᠷᠠᠢ ᠶᠢᠨ ᠲᠠᠯ᠎ᠠ ᠶᠢᠨ ᠬᠢᠨ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠬᠠᠮᠲᠤᠷᠠᠯᠴᠠᠭ᠎ᠠ ᠰᠣᠯᠢᠯᠴᠠᠭ᠎ᠠ | ᠵᠢᠴᠢ ᠬᠥᠮᠥᠰ ᠤᠨ ᠶᠠᠪᠤᠯᠴᠠᠭ᠎ᠠ ᠶᠢ ᠠᠬᠢᠭᠤᠯᠬᠤ ᠲᠠᠯ᠎ᠠ ᠪᠠᠷ ᠶᠠᠮᠠᠷ ᠲᠥᠯᠦᠪᠵᠢᠭᠦᠯᠭᠡ ᠲᠠᠢ ᠪᠤᠢ︖ | ᠯᠢ ᠴᠢᠶᠠᠩ᠄ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠪᠣᠯ ᠨᠢᠭᠡ ᠭᠡᠷ ᠤᠨ ᠬᠥᠮᠥᠨ ᠮᠥᠨ᠂ ᠴᠢᠰᠤ ᠮᠢᠬᠠᠨ ᠤ ᠪᠠᠷᠢᠯᠳᠤᠯᠭ᠎ᠠ | ᠲᠠᠢ᠂ ᠶᠠᠰᠤ ᠰᠢᠷᠪᠦᠰᠦ ᠶᠢᠨ ᠬᠤᠯᠪᠤᠭ᠎ᠠ ᠲᠠᠢ ᠶᠤᠮ᠃ ᠪᠢᠳᠡ ᠨᠢᠭᠡ ᠳᠤᠮᠳᠠᠳᠤ ᠤᠯᠤᠰ ᠪᠠᠶᠢᠬᠤ ᠵᠠᠷᠴᠢᠮ ᠪᠣᠯᠣᠨ︽ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ | ︾ ᠶᠢᠨ ᠰᠠᠭᠤᠷᠢᠨ ᠳᠡᠭᠡᠷ᠎ᠡ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠵᠤ ᠠᠬᠤᠢ ᠰᠣᠶᠣᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢ ᠦᠷᠭᠦᠯᠵᠢᠯᠡᠨ | ᠠᠬᠢᠭᠤᠯᠵᠤ᠂ ᠨᠡᠩ ᠣᠯᠠᠨ ᠲᠠᠶᠢᠸᠠᠨ ᠤ ᠠᠬ᠎ᠠ ᠳᠡᠭᠦᠦ ᠨᠠᠷᠪᠣᠯᠣᠨ ᠲᠠᠶᠢᠸᠠᠨ ᠤ ᠠᠵᠤ ᠠᠬᠤᠶᠢᠯᠠᠯ ᠢ ᠡᠬᠡ ᠬᠠᠭᠤᠷᠠᠢ ᠳᠤ ᠢᠷᠡᠭᠦᠯᠵᠦ᠂ ᠳᠤᠷᠠᠲᠠᠶ᠎ᠠ ᠢᠷᠡᠭᠦᠯᠭᠦ ᠪᠠᠷ | ᠪᠠᠷᠠᠬᠤ ᠦᠭᠡᠢ ᠠᠭᠤᠰᠤᠯᠴᠠᠭᠤᠯᠵᠤ᠂ ᠰᠠᠶᠢᠨ ᠬᠥᠭᠵᠢᠯᠲᠡ ᠲᠠᠢ ᠪᠣᠯᠭᠠᠨ᠎ᠠ᠃ | ᠣᠳᠣᠬᠠᠨ ᠳᠤ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠤᠨ ᠬᠡᠪ ᠤᠨ ᠶᠠᠪᠤᠯᠴᠠᠭ᠎ᠠ ᠶᠢ ᠡᠷᠲᠡᠬᠡᠨ ᠪᠡᠶᠡᠯᠡᠭᠦᠯᠵᠦ᠂ ᠡᠯ᠎ᠡ | ᠬᠦᠷᠢᠶᠡᠨ ᠳᠠᠬᠢ ᠬᠡᠪ ᠤᠨ ᠬᠠᠮᠲᠤᠷᠠᠯᠴᠠᠭ᠎ᠠ ᠶᠢ ᠰᠡᠷᠭᠦᠭᠡᠬᠦ ᠪᠣᠯ ᠣᠯᠠᠨ ᠤ ᠬᠠᠮᠲᠤ ᠶᠢᠨ ᠬᠦᠰᠡᠯ ᠡᠷᠡᠮᠡᠯᠵᠡᠯ ᠮᠥᠨ᠂ ᠬᠠᠮᠲᠤ ᠪᠠᠷ ᠴᠢᠷᠮᠠᠶᠢᠬᠤ ᠴᠢᠬᠤᠯᠠᠲᠠᠢ ᠶᠤᠮ᠃ | ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠰᠤᠷᠪᠤᠯᠵᠢᠯᠠᠬᠴᠢ᠄ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠬᠠᠮᠤᠭ ᠤᠨ ᠬᠠᠲᠠᠭᠤ ᠪᠡᠷᠬᠡ ᠪᠥᠭᠡᠳ ᠬᠠᠮᠤᠭ ᠤᠨ ᠨᠦᠰᠡᠷ ᠬᠦᠨᠳᠦ ᠡᠭᠦᠷᠭᠡ ᠮᠥᠨ ᠯᠡ ᠬᠥᠳᠡᠭᠡ ᠲᠣᠰᠬᠤᠨ ᠳᠤ ᠪᠠᠶᠢᠨ᠎ᠠ᠃ ᠠᠰᠠᠭᠤᠬᠤ ᠨᠢ᠂ | ᠲᠤᠰ ᠬᠤᠭᠤᠴᠠᠭᠠᠨ ᠤ ᠵᠠᠰᠠᠭ ᠤᠨ ᠣᠷᠳᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠶᠠᠮᠠᠷ ᠪᠣᠳᠣᠯᠬᠢᠯᠠᠯ ᠲᠠᠢ ᠪᠤᠢ︖ | ᠳᠤᠮᠳᠠᠳᠤ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠶᠠᠮᠠᠷ ᠠᠷᠭ᠎ᠠ ᠬᠡᠮᠵᠢᠶ᠎ᠡ ᠠᠪᠬᠤ ᠪᠤᠢ︖ | ᠯᠢ ᠴᠢᠶᠠᠩ᠄ ᠳᠤᠮᠳᠠᠳᠤ ᠤᠯᠤᠰ ᠪᠣᠯ ᠲᠠᠷᠢᠶᠠᠯᠠᠩ ᠤᠨ ᠶᠡᠭᠡ ᠤᠯᠤᠰ ᠮᠥᠨ᠂ ᠣᠳᠣᠬᠠᠨ ᠳᠤ ᠪᠠᠰᠠ 5 ᠳ᠋ᠦᠩᠰᠢᠭᠤᠷ ᠰᠢᠬᠠᠮ ᠬᠥᠮᠥᠨ ᠬᠥᠳᠡᠭᠡ | ᠲᠣᠰᠬᠤᠨ ᠳᠤ ᠪᠠᠶᠢᠩᠭᠤ ᠰᠠᠭᠤᠷᠢᠰᠢᠵᠤ ᠪᠤᠢ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠪᠠᠶᠢᠬᠤ ᠦᠭᠡᠢ ᠪᠣᠯ ᠨᠡᠶᠢᠭᠡᠮ ᠵᠢᠷᠤᠮᠲᠤ | ᠣᠳᠣᠬᠢᠴᠢᠯᠠᠯᠲᠠ ᠪᠦᠭᠦ ᠲᠠᠯ᠎ᠠ ᠶᠢᠨ ᠪᠢᠰᠢ ᠶᠤᠮ᠃ ᠨᠢᠳᠤᠨᠤᠨ ᠤ ᠵᠢᠯ ᠤᠨ ᠰᠡᠭᠦᠯᠴᠢ ᠪᠠᠷ ᠬᠤᠷᠠᠯᠳᠤᠭᠰᠠᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ | ᠳᠡᠭᠡᠷ᠎ᠡ᠂ ᠶᠡᠷᠦᠩᠬᠡᠢ ᠱᠦᠵᠢ ᠰᠢ ᠶᠢᠨ ᠫᠢᠩ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ᠂︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠢ ᠰᠠᠶᠢᠲᠤᠷ ᠬᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠪᠦᠭᠦ ᠲᠠᠯ᠎ᠠ ᠶᠢᠨ | ᠪᠠᠶᠢᠷᠢᠯᠠᠭᠤᠯᠤᠯᠲᠠ ᠬᠢᠵᠡᠢ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠣᠰᠣᠭᠠᠷ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠪᠠᠶᠢᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠯ᠎ᠠ ᠪᠠᠷ ᠠᠪᠴᠤ ᠬᠡᠯᠡᠪᠡᠯ᠂ ᠮᠢᠨᠤ ᠦᠵᠡᠬᠦ ᠪᠠᠷ ᠳᠠᠷᠠᠭᠠᠴᠢ ᠶᠢᠨ ᠪᠣᠳᠠᠲᠠᠢ ᠠᠵᠢᠯ ᠤᠨ ᠳᠤᠮᠳᠠ | ᠪᠠᠨ ᠭᠤᠷᠪᠠᠨ ᠵᠠᠩᠭᠢᠯᠠᠭ᠎ᠠ ᠶᠢᠨ ᠦᠭᠡᠰ ᠢᠲ᠋ᠣᠪᠤᠶᠢᠯᠭᠠᠨᠠ᠄ ᠨᠢᠭᠡ ᠳᠤ ᠪᠦᠭᠦ ᠲᠠᠯ᠎ᠠ ᠪᠠᠷ᠃ ᠵᠥᠪᠭᠡᠨ ᠠᠵᠤ ᠠᠬᠤᠢ ᠶᠢ ᠬᠥᠭᠵᠢᠭᠦᠯᠬᠦ ᠲᠡᠳᠦᠢ ᠪᠢᠰᠢ᠂ ᠬᠠᠷᠢᠨ | ᠬᠥᠳᠡᠭᠡ ᠲᠣᠰᠬᠤᠨ ᠤ ᠠᠵᠤ ᠠᠬᠤᠢ ᠶᠢᠨ ᠥᠷᠲᠡᠭ᠂ ᠠᠮᠢ ᠠᠬᠤᠢ ᠶᠢᠨ ᠥᠷᠲᠡᠭ᠂ ᠨᠡᠶᠢᠭᠡᠮ ᠤᠨ ᠥᠷᠲᠡᠭ᠂ ᠰᠣᠶᠣᠯ ᠤᠨ ᠥᠷᠲᠡᠭ ᠢ ᠪᠦᠭᠦ ᠲᠠᠯ᠎ᠠ ᠪᠠᠷ | ᠢᠯᠡᠷᠡᠭᠦᠯᠦᠨ᠎ᠡ᠃ ᠬᠤᠶᠠᠷ ᠲᠤ ᠥᠪᠡᠷᠮᠢᠴᠡ ᠣᠨᠴᠠᠯᠢᠭ᠃ ᠳᠤᠮᠳᠠᠳᠤ ᠤᠯᠤᠰ ᠤᠨ ᠨᠤᠲᠤᠭ ᠳᠡᠪᠢᠰᠬᠡᠷ ᠥᠷᠭᠡᠨ ᠠᠭᠤᠳᠠᠮ᠂︽ᠠᠷᠪᠠᠨ ᠭᠠᠵᠠᠷ ᠲᠤ ᠠᠳᠠᠯᠢ ᠪᠤᠰᠤ | ᠶᠢᠨ ᠰᠠᠯᠬᠢᠨ ᠲᠠᠢ᠂ ᠵᠠᠭᠤᠨ ᠭᠠᠵᠠᠷ ᠲᠤ ᠠᠳᠠᠯᠢ ᠪᠤᠰᠤ ᠶᠢᠨ ᠵᠠᠩᠰᠢᠯ ᠲᠠᠢ︾᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠵᠤ᠂ ᠥᠪᠡᠷ ᠤᠨ ᠣᠨᠴᠠᠯᠢᠭ ᠲᠠᠢ | ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣᠭᠴᠠᠯᠠᠵᠤ᠂ ᠭᠠᠵᠠᠷ ᠣᠷᠣᠨ ᠤ ᠰᠣᠶᠣᠯ᠂ ᠨᠤᠲᠤᠭ ᠤᠨ ᠰᠣᠶᠣᠯ ᠢ ᠰᠠᠶᠢᠲᠤᠷ ᠬᠠᠮᠠᠭᠠᠯᠠᠨ ᠤᠯᠠᠮᠵᠢᠯᠠᠬᠤ ᠬᠡᠷᠡᠭᠲᠡᠢ᠂ | ᠲᠣᠰᠬᠤᠨ ᠪᠣᠯᠭᠠᠨ ᠢ ᠨᠢᠭᠡ ᠯᠡ ᠬᠡᠪ ᠤᠨ ᠪᠠᠶᠢᠯᠭᠠᠵᠤ ᠪᠤᠯᠬᠤ ᠦᠭᠡᠢ᠃ ᠭᠤᠷᠪᠠ ᠳᠤ ᠥᠭᠡᠷᠡᠴᠢᠯᠡᠯᠲᠡ ᠬᠢᠬᠦ᠃ ᠬᠥᠳᠡᠭᠡ ᠲᠣᠰᠬᠤᠨ ᠤ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠪᠠᠷ ᠳᠠᠮᠵᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ᠂ ᠥᠷᠭᠡᠨ ᠣᠯᠠᠨ ᠲᠠᠷᠢᠶᠠᠴᠢᠨ ᠪᠣᠯ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠴᠣᠭᠴᠠ ᠮᠥᠨ᠂ ᠡᠷᠬᠡᠪᠰᠢ ᠲᠡᠳᠡᠨ ᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠡᠳᠡᠨ ᠢ ᠥᠭᠡᠷᠡᠴᠢᠯᠡᠯᠲᠡ | ᠳᠤ ᠢᠳᠡᠪᠬᠢᠲᠡᠢ ᠣᠷᠣᠯᠴᠠᠭᠤᠯᠬᠤ ᠶᠢᠨ ᠬᠠᠮᠲᠤ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠰᠠᠶᠢᠲᠤᠷ ᠡᠳ᠋ᠯᠡᠭᠦᠯᠭᠦ ᠬᠡᠷᠡᠭᠲᠡᠢ᠃ | ᠰᠠᠶ᠋ᠢ ᠲᠠ ᠪᠠᠰᠠ ᠠᠮᠤ ᠪᠤᠳᠠᠭᠠᠨ ᠤ ᠠᠮᠤᠷ ᠲᠦᠪᠰᠢᠨ ᠤ ᠠᠰᠠᠭᠤᠳᠠᠯ ᠢ ᠳᠤᠷᠠᠳᠤᠭᠰᠠᠨ ᠪᠠᠶᠢᠨ᠎ᠠ᠃ ᠮᠠᠨ ᠤ ᠤᠯᠤᠰ ᠤᠨ ᠠᠮᠤ ᠪᠤᠳᠠᠭᠠᠨ ᠤ ᠤᠨᠠᠯᠲᠠ 8 | ᠵᠢᠯ ᠳᠠᠷᠠᠭᠠᠯᠠᠨ 1.3 ᠲᠦᠮᠡᠨ ᠳ᠋ᠦᠩᠰᠢᠭᠤᠷ ᠵᠢᠩ ᠢ ᠳᠠᠪᠠᠵᠤ᠂ ᠶᠡᠷᠦᠩᠬᠡᠢ ᠳᠡᠭᠡᠨ ᠠᠮᠤ ᠪᠤᠳᠠᠭᠠᠨ ᠤ ᠠᠮᠤᠷ ᠲᠦᠪᠰᠢᠨ ᠪᠠᠲᠤᠯᠠᠭ᠎ᠠ ᠲᠠᠢ ᠶᠤᠮ᠂ ᠪᠢᠳᠡ ᠲᠠᠷᠢᠶᠠᠨ | ᠭᠠᠵᠠᠷ ᠪᠠ ᠦᠷ᠎ᠡ ᠡᠭᠦᠯᠳᠡᠷ ᠤᠨ ︽ᠬᠤᠶᠠᠷ ᠵᠠᠩᠭᠢᠯᠠᠭ᠎ᠠ︾ ᠶᠢ ᠴᠢᠩᠭ᠎ᠠ ᠠᠳᠬᠤᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ ᠠᠳᠡ ᠲᠠᠷᠢᠶᠠᠴᠢᠨ ᠨᠥᠬᠦᠳ ᠲᠤ ᠣᠨᠴᠠᠭᠠᠶᠢᠯᠠᠨ ᠭᠡᠯᠡᠭᠦ ᠨᠢ᠄ ᠠᠮᠤ ᠪᠤᠳᠠᠭᠠᠨ ᠤ ᠦᠢᠯᠡᠳᠪᠦᠷᠢᠯᠡᠯ ᠢ ᠳᠡᠮᠵᠢᠭᠦ ᠵᠠᠰᠠᠭ ᠤᠨ ᠣᠷᠳᠣᠨ ᠤ | ᠪᠤᠢ ᠪᠦᠬᠦᠢ ᠲᠥᠷᠥ ᠶᠢᠨ ᠪᠣᠳᠣᠯᠭ᠎ᠠ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ᠂ ᠣᠯᠠᠨ ᠢ ᠵᠣᠷᠢᠭᠵᠢᠭᠤᠯᠤᠨ ᠠᠮᠤ ᠪᠤᠳᠠᠭ᠎ᠠ ᠶᠢ ᠣᠯᠠᠨ ᠲᠠᠷᠢᠭᠤᠯᠵᠤ | ᠂ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠤ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠠᠳᠬᠤᠬᠤ ᠶᠢ ᠦᠨᠡᠨ ᠬᠦ ᠪᠠᠲᠤᠯᠠᠨ᠎ᠠ᠃ | ᠳᠤᠮᠳᠠᠳᠤ ᠤᠯᠤᠰ ᠲᠤ ᠰᠠᠭᠤᠭ᠎ᠠ ᠠᠷᠠᠪ ᠤᠨ ᠣᠳᠣᠨ ᠲᠧᠯᠸᠢᠰ ᠤᠨ ᠬᠤᠷᠢᠶ᠎ᠠ ᠶᠢᠨ ᠰᠤᠷᠪᠤᠯᠵᠢᠯᠠᠬᠴᠢ᠄ ᠣᠳᠣᠬᠠᠨ ᠳᠤ ᠭᠠᠵᠠᠷ ᠣᠷᠣᠨ ᠤ ᠤᠯᠤᠰ | ᠲᠥᠷᠥ ᠶᠢᠨ ᠮᠥᠷᠭᠦᠯᠳᠦᠭᠡᠨ ᠪᠠ ᠳᠡᠯᠡᠬᠡᠶᠢᠵᠢᠯᠲᠡ ᠶᠢ ᠦᠭᠡᠶᠢᠰᠭᠡᠭᠦ ᠶᠠᠪᠤᠳᠠᠯ ᠬᠤᠷᠴᠠᠳᠴᠤ᠂ ᠳᠤᠮᠳᠠᠳᠤ ᠠᠮᠧᠷᠢᠺᠠ ᠶᠢᠨ ᠬᠠᠷᠢᠴᠠᠭ᠎ᠠ ᠪᠠᠴᠢᠮ ᠰᠢᠷᠦᠭᠦᠨ | ᠮᠥᠷᠲᠡᠭᠡᠨ ᠡᠰᠡᠷᠭᠦᠴᠡᠯᠳᠦᠵᠦ ᠪᠠᠶᠢᠨ᠎ᠠ᠂ ᠬᠡᠳᠦᠶᠢᠪᠡᠷ ᠳᠤᠮᠳᠠᠳᠤ ᠤᠯᠤᠰ ᠥᠭᠡᠷᠡᠴᠢᠯᠡᠯᠲᠡ ᠨᠡᠭᠡᠭᠡᠯᠲᠡ ᠶᠢ ᠡᠷᠡᠰ ᠭᠤᠶᠢᠪᠢᠰᠢ ᠦᠭᠡᠢ ᠪᠠᠷ ᠠᠬᠢᠭᠤᠯᠬᠤ ᠶᠢ | ᠴᠢᠬᠤᠯᠠᠴᠢᠯᠠᠭᠰᠠᠭᠠᠷ ᠢᠷᠡᠭᠰᠡᠨ ᠪᠤᠯᠪᠠᠴᠤ ᠭᠠᠳᠠᠭᠠᠳᠤ ᠪᠡᠯᠡ ᠶᠢᠨ ᠠᠵᠤ ᠠᠬᠤᠶᠢᠯᠠᠯᠭᠠᠳᠠᠭᠠᠳᠤ ᠶᠢᠨ ᠠᠵᠤ ᠠᠬᠤᠶᠢᠯᠠᠯ ᠮᠥᠨ ᠯᠡ ᠰᠠᠨᠠᠭ᠎ᠠ ᠠᠮᠤᠷ ᠡᠵᠡᠩᠨᠡᠯᠲᠡ | ᠬᠢᠵᠦ ᠳᠡᠶᠢᠯᠭᠦ ᠦᠭᠡᠢ ᠪᠠᠶᠢᠵᠤ᠂ ᠵᠠᠷᠢᠮ ᠨᠢ ᠤᠬᠤᠷᠢᠨ ᠭᠠᠷᠬᠤ ᠶᠢ ᠪᠣᠳᠣᠯᠬᠢᠯᠠᠵᠤ ᠪᠠᠶᠢᠨ᠎ᠠ᠃ ᠲᠡᠭᠡᠪᠡᠯ᠂ ᠳᠤᠮᠳᠠᠳᠤ ᠤᠯᠤᠰ ᠤᠨ ᠭᠠᠳᠠᠭᠠᠳᠤ ᠨᠡᠭᠡᠭᠡᠯᠲᠡ ᠶᠢᠨ | ᠲᠥᠷᠥ ᠶᠢᠨ ᠪᠣᠳᠣᠯᠭ᠎ᠠ ᠳᠤ ᠬᠤᠪᠢᠷᠠᠯᠲᠠ ᠭᠠᠷᠤᠨ᠎ᠠ ᠤᠤ︖ ᠣᠳᠣᠬᠠᠨ ᠤ ᠳᠤᠮᠳᠠᠳᠤ ᠠᠮᠧᠷᠢᠺᠠ ᠶᠢᠨ ᠬᠠᠷᠢᠴᠠᠭ᠎ᠠ ᠵᠢᠴᠢ ᠲᠡᠭᠦᠨ ᠤ ᠰᠠᠶᠢᠵᠢᠷᠠᠯᠲᠠ ᠶᠢᠨ | ᠢᠷᠡᠭᠡᠳᠦᠢ ᠶᠢᠨ ᠬᠠᠨᠳᠤᠰᠢ ᠶᠢ ᠬᠡᠷᠬᠢᠨ ᠦᠵᠡᠵᠦ ᠪᠠᠶᠢᠬᠤ ᠪᠤᠢ︖ | ᠯᠢ ᠴᠢᠶᠠᠩ᠄ ᠡᠨᠡ ᠵᠢᠯ ᠪᠣᠯ ᠳᠤᠮᠳᠠᠳᠤ ᠤᠯᠤᠰ ᠤᠨ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠢ ᠪᠣᠯᠣᠨ᠎ᠠ᠂ ᠥᠭᠡᠷᠡᠴᠢᠯᠡᠯᠲᠡ ᠨᠡᠭᠡᠭᠡᠯᠲᠡ ᠨᠢ | ᠳᠤᠮᠳᠠᠳᠤ ᠤᠯᠤᠰ ᠢ ᠬᠥᠭᠵᠢᠭᠦᠯᠦᠭᠰᠡᠨ ᠪᠥᠭᠡᠳ ᠳᠡᠯᠡᠬᠡᠢ ᠳ᠋ᠠᠬᠢᠨ ᠢ ᠨᠥᠯᠥᠭᠡᠯᠡᠪᠡ᠃ ᠮᠢᠨᠤ ᠡᠵᠡᠮᠰᠢᠭᠰᠡᠨ ᠪᠠᠶᠢᠳᠠᠯ ᠠᠴᠠ ᠦᠵᠡᠪᠡᠯ᠂ ᠵᠣᠩᠬᠢᠯᠠᠬᠤ ᠣᠯᠠᠨ ᠲᠣᠭᠠᠨ | ᠤ ᠭᠠᠳᠠᠭᠠᠳᠤ ᠪᠡᠯᠡ ᠶᠢᠨ ᠠᠵᠤ ᠠᠬᠤᠶᠢᠯᠠᠯ ᠮᠥᠨ ᠯᠡ ᠳᠤᠮᠳᠠᠳᠤ ᠤᠯᠤᠰ ᠲᠠᠬᠢ ᠬᠥᠭᠵᠢᠯᠲᠡ ᠶᠢᠨ ᠢᠷᠡᠭᠡᠳᠦᠢ ᠳᠤ ᠢᠲᠡᠭᠡᠯ ᠲᠠᠢ ᠪᠠᠶᠢᠵᠤ᠂ ᠨᠢᠳᠤᠨᠤᠨ | ᠳᠤᠮᠳᠠᠳᠤ ᠤᠯᠤᠰ 1890 ᠭᠠᠷᠤᠢ ᠳ᠋ᠦᠩᠰᠢᠭᠤᠷ ᠳ᠋ᠣᠯᠯᠠᠷ ᠤᠨ ᠭᠠᠳᠠᠭᠠᠳᠤ ᠪᠡᠯᠡ ᠶᠢ ᠬᠡᠷᠡᠭᠯᠡᠵᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ ᠭᠤᠷᠪᠠᠨ ᠵᠢᠯ | ᠤᠨ ᠡᠮᠦᠨᠡᠬᠢ ᠠᠴᠠ ᠪᠠᠷᠤᠭ 500 ᠳ᠋ᠦᠩᠰᠢᠭᠤᠷ ᠳ᠋ᠣᠯᠯᠠᠷ ᠨᠡᠮᠡᠭᠳᠡᠵᠡᠢ᠃ ᠡᠨᠡ ᠨᠢ ᠳᠤᠮᠳᠠᠳᠤ ᠤᠯᠤᠰ ᠮᠥᠨ ᠬᠦ ᠪᠦᠭᠦ ᠪᠥᠮᠪᠥᠷᠴᠡᠭ ᠤᠨ ᠪᠡᠯᠡ ᠣᠷᠣᠭᠤᠯᠤᠯᠲᠠ | ᠶᠢᠨ ᠬᠠᠯᠠᠮᠰᠢᠯ ᠭᠠᠵᠠᠷ ᠪᠤᠯᠬᠤ ᠶᠢ ᠬᠠᠷᠠᠭᠤᠯᠵᠤ ᠪᠠᠶᠢᠨ᠎ᠠ᠃ | ᠭᠠᠳᠠᠭᠠᠳᠤ ᠨᠡᠭᠡᠭᠡᠯᠲᠡ ᠪᠣᠯ ᠮᠠᠨ ᠤᠦᠨᠳᠦᠰᠦᠨ ᠤᠯᠤᠰ ᠤᠨ ᠪᠣᠳᠣᠯᠭ᠎ᠠ ᠮᠥᠨ᠂ ᠭᠠᠳᠠᠭᠠᠳᠤ ᠪᠠᠶᠢᠳᠠᠯ ᠶᠠᠭᠠᠬᠢᠵᠤ ᠬᠤᠪᠢᠷᠠᠭᠰᠠᠨ ᠴᠦ ᠪᠢᠳᠡ ᠴᠥᠮ ᠡᠷᠡᠰ | ᠭᠤᠶᠢᠪᠢᠰᠢ ᠦᠭᠡᠢ ᠪᠠᠷ ᠤᠷᠤᠭᠰᠢ ᠠᠬᠢᠭᠤᠯᠬᠤ ᠪᠣᠯᠣᠨ᠎ᠠ᠃ ᠪᠢ ᠠᠳᠡ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠭᠦᠯᠡᠩ ᠤᠨ ᠴᠤᠭᠯᠠᠭᠠᠨ ᠢ ᠣᠨᠴᠠᠭᠠᠶᠢᠯᠠᠨ ᠳᠤᠷᠠᠳᠤᠶ᠎ᠠ᠂ ᠡᠨᠡ ᠪᠣᠯ ᠳᠤᠮᠳᠠᠳᠤ ᠤᠯᠤᠰ ᠰᠠᠨᠠᠭᠠᠴᠢᠯᠠᠭ᠎ᠠ ᠠᠴᠠ ᠪᠠᠨ ᠳᠡᠯᠡᠬᠡᠢ ᠳ᠋ᠠᠬᠢᠨ ᠲᠡᠶᠢᠰᠢ ᠵᠠᠬ᠎ᠠ | ᠳᠡᠯᠭᠡᠭᠦᠷ ᠢᠶᠠᠨ ᠨᠡᠭᠡᠭᠡᠵᠦ᠂ ᠬᠥᠭᠵᠢᠯᠲᠡ ᠶᠢᠨ ᠠᠵᠠ ᠲᠣᠭᠢᠶᠠᠯ ᠢ ᠬᠠᠮᠲᠤ ᠪᠠᠷ ᠡᠳ᠋ᠯᠡᠭᠦ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠂ ᠨᠢᠭᠡᠨᠲᠡ 5 ᠬᠤᠭᠤᠴᠠᠭ᠎ᠠ | ᠦᠷᠭᠦᠯᠵᠢᠯᠡᠨ ᠡᠷᠭᠢᠯᠡᠵᠦ᠂ ᠬᠢᠵᠢᠭ ᠤᠨ ᠪᠠᠶᠢᠳᠠᠯ ᠳᠤ ᠴᠦ ᠭᠡᠰᠡᠨ ᠲᠠᠰᠤᠯᠳᠠᠭᠰᠠᠨ ᠦᠭᠡᠢ ᠶᠤᠮ᠂ ᠨᠢᠳᠤᠨᠤᠨ 127 ᠤᠯᠤᠰ ᠪᠠ ᠭᠠᠵᠠᠷ ᠣᠷᠣᠨ ᠤ 2800 | ᠭᠠᠷᠤᠢ ᠠᠵᠤ ᠠᠬᠤᠶᠢᠯᠠᠯ ᠦᠵᠡᠰᠭᠦᠯᠡᠩ ᠤᠨ ᠴᠤᠭᠯᠠᠭᠠᠨ ᠳᠤ ᠣᠷᠣᠯᠴᠠᠬᠰᠠᠨ ᠪᠠᠶᠢᠨ᠎ᠠ᠃ ᠳᠤᠮᠳᠠᠳᠤ ᠤᠯᠤᠰ ᠤᠨ ᠨᠡᠭᠡᠭᠡᠯᠲᠡᠲᠤ ᠲᠣᠮᠣ ᠵᠠᠬ᠎ᠠ ᠳᠡᠯᠭᠡᠭᠦᠷ ᠨᠢ ᠡᠯ᠎ᠡ | ᠤᠯᠤᠰ ᠤᠨ ᠠᠵᠤ ᠠᠬᠤᠶᠢᠯᠠᠯ ᠤᠨ ᠬᠥᠭᠵᠢᠯᠲᠡ ᠶᠢᠨ ᠴᠢᠬᠤᠯᠠ ᠠᠵᠠ ᠲᠣᠭᠢᠶᠠᠯ ᠪᠤᠯᠬᠤ ᠶᠢ ᠡᠨᠡ ᠬᠦ ᠦᠵᠡᠰᠭᠦᠯᠡᠩ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠭᠰᠡᠨ ᠨᠢ ᠭᠦᠢᠴᠡᠳ ᠲᠣᠳᠣᠷᠬᠠᠶᠢᠯᠠᠵᠤ ᠪᠠᠶᠢᠨ᠎ᠠ᠃ | ᠡᠨᠡ ᠵᠢᠯ ᠪᠢᠳᠡ ᠪᠠᠰᠠ ᠥᠨᠳᠥᠷ ᠪᠠᠷᠢᠮᠵᠢᠶᠠᠲᠤ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠵᠤ᠂ ᠨᠡᠭᠡᠭᠡᠯᠲᠡ ᠪᠠᠨ ᠤᠯᠠᠮ | ᠴᠢᠨᠠᠭᠰᠢᠳᠠ ᠥᠷᠭᠡᠳᠬᠡᠨ᠎ᠡ᠃ ᠳᠤᠮᠳᠠᠳᠤ ᠤᠯᠤᠰ ᠤᠨ ᠨᠡᠭᠡᠭᠡᠯᠲᠡ ᠬᠢᠬᠦ ᠡᠭᠦᠳᠡ ᠶᠠᠪᠤᠬᠤ ᠳᠤᠳᠤᠮ ᠲᠣᠮᠣ ᠨᠡᠭᠡᠭᠡᠭᠳᠡᠵᠦ᠂ ᠣᠷᠴᠢᠨ ᠲᠣᠭᠤᠷᠢᠨ ᠶᠠᠪᠤᠬᠤ ᠳᠤᠳᠤᠮ | ᠰᠠᠶᠢᠵᠢᠷᠠᠵᠤ᠂ ᠦᠢᠯᠡᠴᠢᠯᠡᠭᠡ ᠶᠠᠪᠤᠬᠤ ᠳᠤᠳᠤᠮ ᠰᠢᠯᠢᠳᠡᠭᠵᠢᠨ᠎ᠡ᠃ ᠨᠡᠭᠡᠭᠡᠯᠲᠡ ᠲᠠᠢ ᠳᠤᠮᠳᠠᠳᠤ ᠤᠯᠤᠰ ᠣᠯᠠᠨ ᠤ ᠪᠡᠯᠡ ᠣᠷᠣᠭᠤᠯᠵᠤ ᠦᠢᠯᠡᠰ ᠪᠣᠰᠬᠠᠬᠤ ᠶᠢ | ᠪᠠᠶᠠᠷᠯᠠᠨ ᠤᠭᠲᠤᠵᠤ ᠪᠠᠶᠢᠨ᠎ᠠ᠃ | ᠳᠤᠮᠳᠠᠳᠤ ᠠᠮᠧᠷᠢᠺᠠ ᠶᠢᠨ ᠬᠠᠷᠢᠴᠠᠭᠠᠨ ᠤ ᠪᠣᠳᠠᠲᠠᠢ ᠠᠰᠠᠭᠤᠳᠠᠯ ᠤᠨ ᠲᠤᠬᠠᠢᠭᠠᠳᠠᠭᠠᠳᠤ ᠶᠠᠪᠤᠳᠠᠯ ᠤᠨ ᠶᠠᠮᠤᠨ ᠤ ᠰᠠᠶᠢᠳ ᠴᠢᠨ ᠭᠠᠩ ᠲᠦᠷᠦᠭᠦᠦ ᠬᠡᠳᠦᠨ | ᠡᠳᠦᠷ ᠤᠨ ᠰᠤᠷᠪᠤᠯᠵᠢᠯᠠᠬᠴᠢᠳ ᠤᠨ ᠬᠤᠷᠠᠯ ᠳᠡᠭᠡᠷ᠎ᠡ ᠨᠢᠭᠡᠨᠲᠡ ᠲᠣᠳᠣᠷᠬᠠᠶᠢᠯᠠᠨ ᠥᠭᠦᠯᠡᠵᠡᠢ᠂ ᠪᠢ ᠲᠠᠭᠢᠵᠤ ᠨᠣᠷᠱᠣᠬᠤ ᠦᠭᠡᠢ᠃ ᠣᠳᠣᠬᠠᠨ ᠤ ᠴᠢᠬᠤᠯᠠ | ᠶᠠᠪᠤᠳᠠᠯ ᠪᠣᠯ ᠰᠢ ᠶᠢᠨ ᠫᠢᠩ ᠲᠡᠷᠢᠭᠦᠯᠡᠭᠴᠢ ᠪᠣᠯᠣᠨ ᠪᠠᠶᠢᠳᠧᠨ ᠶᠡᠷᠦᠩᠬᠡᠶᠢᠯᠡᠭᠴᠢ ᠶᠢᠨ ᠨᠢᠳᠤᠨᠤᠨ ᠤ 11 ᠰᠠᠷ᠎ᠠ ᠳᠤ ᠠᠭᠤᠯᠵᠠᠯᠲᠠ ᠬᠢᠬᠦ ᠦᠶ᠎ᠡ ᠳᠤ | ᠲᠣᠬᠢᠷᠠᠯᠴᠠᠭᠰᠠᠨ ᠠᠯᠢ ᠣᠯᠠᠨ ᠴᠢᠬᠤᠯᠠ ᠬᠠᠮᠲᠤ ᠶᠢᠨ ᠲᠠᠨᠢᠯᠲᠠ ᠶᠢ ᠪᠣᠳᠠᠲᠠᠢ ᠲᠥᠷᠥ ᠶᠢᠨ ᠪᠣᠳᠣᠯᠭ᠎ᠠ ᠪᠣᠯᠣᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ | ᠶᠠᠪᠤᠳᠠᠯ ᠪᠣᠯᠣᠨ᠎ᠠ᠃ | ᠮᠢᠨᠤ ᠮᠡᠳᠡᠭᠦ ᠪᠠᠷ᠂ ᠡᠨᠡ ᠬᠡᠳᠦᠨ ᠵᠢᠯ ᠳᠤ ᠠᠮᠧᠷᠢᠺᠠ ᠶᠢᠨ ᠤᠯᠤᠰ ᠤᠨ ᠳᠣᠲᠣᠭᠠᠳᠤ ᠶᠢᠨ ᠵᠠᠷᠢᠮ ᠬᠥᠮᠥᠰ ᠬᠤᠶᠠᠷ ᠤᠯᠤᠰ ᠤᠨ ︽ᠬᠠᠷᠢᠴᠠᠭ᠎ᠠ ᠪᠠᠨ | ᠲᠠᠰᠤᠯᠬᠤ︾ ᠶᠠᠷᠢᠶ᠎ᠠ ᠬᠡᠯᠡᠯᠴᠡᠭᠡ ᠶᠢ ᠬᠥᠭᠡᠷᠭᠡᠳᠡᠵᠦ ᠪᠠᠶᠢᠨ᠎ᠠ᠂ ᠵᠠᠷᠢᠮ ᠳᠠᠭᠠᠨ ᠪᠠᠰᠠ ᠮᠠᠰᠢ ᠶᠡᠭᠡ ᠬᠠᠯᠠᠮᠰᠢᠯ ᠪᠤᠯᠳᠠᠭᠪᠠᠶᠢᠨᠠ᠂ ᠭᠡᠪᠡᠴᠦ ᠴᠣᠬᠤᠮ ᠬᠡᠳᠦᠢ ᠬᠥᠮᠥᠨ | ᠡᠶᠢᠮᠦᠷᠬᠦ ᠬᠥᠭᠡᠷᠭᠡᠳᠡᠯ ᠠᠴᠠ ᠦᠨᠡᠨ ᠬᠦ ᠠᠰᠢᠭ ᠭᠦᠷᠳᠡᠭᠦ ᠶᠢ ᠪᠢ ᠮᠡᠳᠡᠭᠦ ᠦᠭᠡᠢ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠪᠦᠷᠢᠳᠬᠡᠯ ᠢ ᠦᠨᠳᠦᠰᠦᠯᠡᠪᠡᠯ᠂ | ᠨᠢᠳᠤᠨᠤᠨ ᠳᠤᠮᠳᠠᠳᠤ ᠠᠮᠧᠷᠢᠺᠠ ᠶᠢᠨ ᠠᠷᠠᠯᠵᠢᠶᠠᠨ ᠤ ᠬᠡᠮᠵᠢᠶ᠎ᠡ 7600 ᠳ᠋ᠦᠩᠰᠢᠭᠤᠷ ᠭᠠᠷᠤᠢ ᠳ᠋ᠣᠯᠯᠠᠷ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ | ᠡᠭᠦᠳᠪᠡ᠃ ᠳᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠬᠡᠨ ᠠᠯᠢᠨ ᠠᠴᠠ ᠪᠠᠨ ᠰᠠᠯᠵᠤ ᠴᠢᠳᠠᠬᠤ ᠦᠭᠡᠢ᠂ ᠬᠠᠷᠢᠯᠴᠠᠨ ᠪᠦᠷ ᠨᠦᠭᠦᠭᠡ | ᠡᠲᠡᠭᠡᠳ ᠤᠨ ᠢᠶᠠᠨ ᠬᠥᠭᠵᠢᠯᠲᠡ ᠠᠴᠠ ᠠᠰᠢᠭ ᠬᠦᠷᠲᠡᠵᠦ ᠪᠤᠢ᠃ ᠪᠢ ᠨᠢᠳᠤᠨᠤᠨ ᠶᠡᠬᠡᠩᠬᠢ ᠴᠠᠭ ᠲᠤ ᠱᠠᠩᠬᠠᠢ ᠳᠤ ᠠᠵᠢᠯᠯᠠᠵᠤ᠂ ᠠᠮᠧᠷᠢᠺᠠ ᠶᠢᠨ ᠪᠡᠯᠡ ᠶᠢ | ᠪᠠᠭᠲᠠᠭᠠᠭᠰᠠᠨ ᠴᠥᠭᠡᠨ ᠪᠤᠰᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠭᠴᠢ ᠲᠠᠢ ᠠᠭᠤᠯᠵᠠᠵᠤ ᠤᠴᠠᠷᠠᠭᠰᠠᠨ ᠶᠤᠮ᠂ ᠲᠡᠳᠡ | ᠪᠦᠷ ᠨᠠᠳᠠ ᠳᠤ ᠱᠠᠩᠬᠠᠢ ᠶᠢ ᠲᠣᠭᠤᠵᠤ᠂ ᠳᠤᠮᠳᠠᠳᠤ ᠤᠯᠤᠰ ᠢ ᠲᠣᠭᠤᠵᠤ᠂ ᠬᠠᠮᠲᠤᠷᠠᠯᠴᠠᠭ᠎ᠠ ᠶᠢᠨ ᠳᠤᠮᠳᠠ ᠠᠴᠠ ᠬᠠᠮᠲᠤ ᠪᠠᠷ ᠠᠰᠢᠭ ᠭᠦᠷᠳᠡᠭᠦ ᠶᠢ ᠬᠦᠰᠡᠵᠦ | ᠪᠠᠶᠢᠨ᠎ᠠ ᠭᠡᠵᠦ ᠬᠡᠯᠡᠪᠡ᠃ ᠡᠳᠡᠭᠡᠷ ᠨᠢ ᠴᠥᠮ ᠳᠤᠮᠳᠠᠳᠤ ᠠᠮᠧᠷᠢᠺᠠ ᠬᠠᠮᠲᠤᠷᠠᠨ ᠠᠵᠢᠯᠯᠠᠵᠤ ᠪᠤᠯᠬᠤ ᠪᠥᠭᠡᠳ ᠬᠠᠮᠲᠤᠷᠠᠨ ᠠᠵᠢᠯᠯᠠᠬᠤ ᠴᠤ ᠶᠣᠰᠣᠲᠠᠢ ᠭᠡᠳᠡᠭ ᠢ | ᠬᠠᠷᠠᠭᠤᠯᠵᠤ ᠪᠠᠶᠢᠨ᠎ᠠ᠃ ᠳᠤᠮᠳᠠᠳᠤ ᠠᠮᠧᠷᠢᠺᠠ ᠬᠠᠮᠲᠤᠷᠠᠯᠴᠠᠭ᠎ᠠ ᠬᠢᠬᠦ ᠰᠠᠷᠠᠭᠤᠯ ᠢᠷᠡᠭᠡᠳᠦᠢ ᠲᠠᠢ᠃ ᠪᠦᠰᠡᠯᠡᠯᠲᠡ᠂ ᠳᠠᠷᠤᠯᠲᠠ ᠨᠢ ᠬᠡᠨ ᠳᠤ ᠴᠦ ᠠᠰᠢᠭ ᠦᠭᠡᠢ | ᠶᠤᠮ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ᠄ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠬᠠᠲᠠᠭᠤ ᠪᠡᠷᠬᠡ ᠬᠦᠨᠳᠦ ᠨᠦᠰᠡᠷ ᠡᠭᠦᠷᠭᠡ ᠳᠤ | ᠲᠤᠯᠭᠠᠷᠠᠵᠤ᠂ ᠡᠯ᠎ᠡ ᠲᠠᠯ᠎ᠠ ᠶᠢᠨ ᠬᠢᠨ ᠴᠦ ᠮᠠᠰᠢ ᠥᠨᠳᠥᠷ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠡᠨᠡ ᠨᠢ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ | ᠪᠠᠨ ᠭᠦᠢᠴᠡᠳᠬᠡᠬᠦ ᠴᠢᠳᠠᠪᠤᠷᠢ᠂ ᠠᠵᠢᠯ ᠤᠨ ᠰᠤᠷᠲᠠᠯ ᠳᠤ ᠴᠥᠮ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ | ᠣᠷᠳᠣᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠪᠣᠳᠣᠯᠬᠢᠯᠠᠯ ᠲᠠᠢ ᠪᠤᠶ︖ | ᠯᠢ ᠴᠢᠶᠠᠩ᠄ ᠲᠠᠨ ᠤ ᠬᠡᠯᠡᠭᠰᠡᠨ ᠰᠢᠭ ᠢᠶᠠᠷ᠂ ᠰᠢᠨ᠎ᠡ ᠡᠭᠦᠷᠭᠡ ᠬᠠᠷᠢᠭᠤᠴᠠᠯᠭ᠎ᠠ ᠪᠢᠳᠡᠨ ᠳᠤ ᠨᠠᠩ ᠥᠨᠳᠥᠷ ᠰᠢᠨ᠎ᠡ ᠱᠠᠭᠠᠷᠳᠠᠯᠭ᠎ᠠ ᠳᠤᠷᠠᠳᠴᠠᠢ᠃ ᠪᠢᠳᠡ | ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠲᠣᠭᠢᠶᠠᠯ ᠪᠣᠯᠭᠠᠨ᠂ ᠵᠠᠰᠠᠭ ᠤᠨ ᠣᠷᠳᠣᠨ ᠤ ᠲᠣᠰ ᠪᠡᠶ᠎ᠡ ᠶᠢᠨ | ᠪᠠᠶᠢᠭᠤᠯᠤᠯᠲᠠ ᠪᠠᠨ ᠦᠨᠡᠨ ᠬᠦ ᠴᠢᠩᠭᠠᠳᠬᠠᠵᠤ᠂ ᠡᠭᠦᠷᠭᠡ ᠴᠢᠳᠠᠪᠤᠷᠢ ᠪᠠᠨ ᠤᠯᠠᠮ ᠨᠢᠭᠡ ᠠᠯᠬᠤᠮ ᠬᠤᠪᠢᠷᠠᠭᠤᠯᠤᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ | ᠰᠤᠷᠲᠠᠯ ᠢᠶᠠᠨ ᠰᠠᠶᠢᠵᠢᠷᠠᠭᠤᠯᠬᠤ ᠪᠠᠷ ᠲᠥᠯᠥᠪᠯᠡᠵᠦ ᠪᠠᠶᠢᠨ᠎ᠠ᠃ ᠳᠥᠷᠪᠡᠨ ᠵᠦᠢᠯ ᠤᠨ ᠠᠵᠢᠯ ᠢ ᠲᠣᠪᠣᠶᠢᠮ᠎ᠠ ᠠᠳᠬᠤᠨ᠎ᠠ᠄ | ᠨᠢᠭᠡ ᠳᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠬᠡᠪᠡᠷ ᠪᠠᠳᠠᠷᠠᠭᠤᠯᠤᠨ᠎ᠠ᠃ ᠣᠶᠢᠷ᠎ᠠ ᠳᠤ ᠨᠠᠮ ᠤᠨ ᠲᠥᠪ ᠬᠤᠷᠢᠶ᠎ᠠ ᠠᠴᠠ ᠨᠢᠭᠡᠨᠲᠡ ᠲᠣᠳᠣᠷᠬᠠᠢ | ᠱᠠᠭᠠᠷᠳᠠᠯᠭ᠎ᠠ ᠳᠤᠷᠠᠳᠴᠤ᠂ ᠲᠦᠷᠦ ᠶᠢᠨ ᠶᠠᠪᠤᠳᠠᠯ ᠤᠨ ᠬᠤᠷᠢᠶ᠎ᠠ ᠲᠦᠷᠦᠭᠦᠯᠡᠨ ᠨᠠᠷᠢᠨ ᠬᠢᠨᠠᠮᠠᠭᠠᠢ ᠰᠠᠶᠢᠲᠤᠷ ᠠᠳᠬᠤᠵᠤ ᠨᠠᠶᠢᠳᠠᠪᠤᠷᠢᠵᠢᠭᠤᠯᠬᠤ ᠬᠡᠷᠡᠭᠲᠡᠢ ᠭᠡᠪᠡ᠃ | ᠪᠢ ᠤᠷᠲᠤ ᠬᠤᠭᠤᠴᠠᠭ᠎ᠠ ᠪᠠᠷ ᠣᠷᠣᠨ ᠨᠤᠲᠤᠭ ᠲᠤ ᠠᠵᠢᠯᠯᠠᠵᠤ᠂ ᠡᠨᠡ ᠲᠠᠯ᠎ᠠ ᠪᠠᠷ ᠮᠠᠰᠢ ᠭᠦᠨ ᠲᠥᠷᠥᠭᠳᠡᠯ ᠲᠠᠢ᠄ ᠠᠯᠪᠠᠨ ᠭᠡᠷ ᠲᠤ ᠰᠠᠭᠤᠪᠠᠯ ᠲᠤᠯᠭᠠᠷᠠᠬᠤ ᠨᠢ | ᠴᠥᠮ ᠠᠰᠠᠭᠤᠳᠠᠯ ᠪᠠᠶᠢᠳᠠᠭ᠂ ᠦᠨᠳᠦᠰᠦᠨ ᠱᠠᠲᠤᠨ ᠳᠤ ᠭᠦᠨᠵᠡᠭᠡᠶᠢᠷᠡᠪᠡᠯ ᠠᠯᠢ ᠤᠯᠠᠨ ᠠᠷᠭ᠎ᠠ ᠣᠯᠳᠠᠳᠠᠭ᠃ ᠮᠡᠷᠭᠡᠳ ᠠᠷᠠᠳ ᠤᠨ ᠳᠤᠮᠳᠠ ᠪᠠᠶᠢᠳᠠᠭ᠃ ᠪᠢᠳᠡ | ᠡᠯ᠎ᠡ ᠱᠠᠲᠤᠨ ᠤ ᠺᠠᠳ᠋ᠷᠴᠤᠳ ᠤᠨ ᠡᠮᠦᠨ᠎ᠡ ᠹᠷᠣᠨᠲ ᠲᠤ ᠢᠯᠡᠭᠦᠬᠡᠨ ᠣᠴᠢᠬᠤ ᠶᠢ ᠠᠬᠢᠭᠤᠯᠵᠤ᠂ ᠬᠡᠷᠡᠭᠴᠡᠭᠡ ᠱᠠᠭᠠᠷᠳᠠᠯᠭ᠎ᠠ ᠶᠢ ᠠᠷᠠᠳ ᠠᠴᠠ ᠠᠰᠠᠭᠤᠵᠤ᠂ ᠠᠷᠭ᠎ᠠ | ᠪᠣᠳᠣᠯᠭ᠎ᠠ ᠶᠢ ᠠᠷᠠᠳ ᠠᠴᠠ ᠠᠰᠠᠭᠤᠵᠤ᠂ ᠠᠷᠠᠳ ᠤᠯᠠᠨ ᠠᠴᠠ ᠰᠤᠷᠤᠯᠴᠠᠵᠤ᠂ ᠦᠨᠳᠦᠰᠦᠨ ᠱᠠᠲᠤ ᠶᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ | ᠰᠢᠢᠳᠪᠦᠷᠢᠯᠡᠵᠦ ᠥᠭᠭᠦ ᠬᠡᠷᠡᠭᠲᠡᠢ᠃ ᠢᠯᠠᠩᠭᠤᠶ᠎ᠠ ᠤᠷᠳᠤ ᠬᠤᠭᠤᠴᠠᠭ᠎ᠠ ᠪᠠᠷ ᠲᠣᠮᠣ ᠪᠠᠶᠢᠭᠤᠯᠭ᠎ᠠ ᠳᠤ ᠠᠵᠢᠯᠯᠠᠵᠤ ᠪᠠᠶᠢᠭ᠎ᠠ ᠵᠠᠯᠠᠭᠤ ᠨᠥᠬᠦᠳ ᠦᠨᠳᠦᠰᠦᠨ | ᠱᠠᠲᠤᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠳᠤ ᠰᠡᠳᠬᠢᠯ ᠬᠤᠯᠪᠣᠨ᠂ ᠤᠯᠠᠨ ᠲᠦᠮᠡᠨ ᠲᠠᠢ ᠨᠡᠩ ᠣᠶᠢᠷᠠᠲᠤᠭᠰᠠᠨ ᠪᠠᠶᠢᠬᠤ ᠬᠡᠷᠡᠭᠲᠡᠢ᠃ | ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠵᠠᠰᠠᠭ ᠤᠨ ᠣᠷᠳᠣᠨ ᠤ ᠠᠵᠢᠯ ᠢ ᠡᠷᠬᠡᠪᠰᠢ ᠬᠠᠤᠯᠢ | ᠴᠠᠭᠠᠵᠠ ᠶᠢᠨ ᠪᠣᠷᠣ ᠲᠥᠯᠥᠪ ᠤᠨ ᠳᠣᠲᠣᠷ᠎ᠠ ᠶᠠᠪᠤᠭᠳᠠᠭᠤᠯᠵᠤ᠂ ᠠᠯᠢᠪᠠ ᠵᠠᠰᠠᠭ ᠵᠠᠬᠢᠷᠭᠠᠨ ᠤ ᠠᠵᠢᠯᠯᠠᠭ᠎ᠠ ᠶᠢ ᠴᠥᠮ ᠬᠠᠤᠯᠢ ᠶᠢᠨ ᠦᠨᠳᠦᠰᠦᠯᠡᠯ ᠲᠠᠢ ᠪᠠᠶᠢᠯᠭᠠᠬᠤ | ᠬᠡᠷᠡᠭᠲᠡᠢ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠠᠤᠯᠢᠵᠢᠯ ᠤᠨ ᠰᠡᠳᠬᠢᠬᠦᠢ᠂ ᠬᠠᠤᠯᠢᠵᠢᠯ ᠤᠨ | ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ᠃ | ᠭᠤᠷᠪᠠ ᠳᠤ᠂ ᠪᠦᠲᠦᠭᠡᠯᠴᠢ ᠴᠢᠨᠠᠷᠲᠠᠢ ᠭᠦᠢᠴᠡᠳᠬᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ | ᠪᠠ ᠠᠯᠪᠠᠨ ᠠᠵᠢᠯᠲᠠᠳ ᠴᠥᠮ ᠦᠢᠯᠡᠴᠢᠯᠡᠬᠦ ᠤᠬᠠᠮᠰᠠᠷ᠂ ᠬᠥᠭᠵᠢᠯᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ᠂ ᠢᠯᠠᠩᠭᠤᠶ᠎ᠠ ᠬᠢᠨᠠᠨ ᠵᠥᠪᠰᠢᠶᠡᠷᠡᠬᠦ᠂ ᠬᠠᠮᠢᠶᠠᠷᠬᠤ | ᠡᠭᠦᠷᠭᠡ ᠴᠢᠳᠠᠪᠤᠷᠢ ᠪᠠᠨ ᠭᠦᠢᠴᠡᠳᠬᠡᠬᠦ ᠦᠶ᠎ᠡ ᠳᠤ ᠲᠣᠷᠣᠮᠰᠤᠯᠠᠭᠤᠷ ᠢ ᠯᠠ ᠭᠢᠰᠬᠢᠭᠡᠳ᠂ ᠲᠣᠰᠣ ᠨᠡᠮᠡᠭᠦ ᠪᠠᠨ ᠮᠠᠷᠲᠠᠵᠤ ᠪᠤᠯᠬᠤ ᠦᠭᠡᠢ︔ ᠵᠦᠪᠭᠡᠨ ᠵᠠᠮ ᠤᠨ | ᠬᠤᠷᠢᠭ᠎ᠠ ᠯᠡ ᠭᠠᠷᠭᠠᠵᠤ᠂ ᠵᠠᠮ ᠤᠨ ᠲᠡᠮᠳᠡᠭ ᠲᠠᠯᠪᠢᠬᠤ ᠦᠭᠡᠢ ᠪᠠᠶᠢᠵᠤ ᠪᠤᠯᠬᠤ ᠦᠭᠡᠢ︔ ᠠᠯᠢᠪᠠ ᠶᠠᠪᠤᠳᠠᠯ ᠳᠤ ︽ᠬᠢᠪᠡᠯ ᠵᠣᠬᠢᠬᠤ ᠡᠰᠡᠬᠦ︾ ᠶᠢᠨ ᠦᠷᠳᠡᠭ ᠤᠨ | ᠮᠠᠭᠠᠳᠯᠠᠯᠲᠠ ᠶᠢ ᠢᠯᠡᠭᠦᠬᠡᠨ ᠬᠢᠬᠦ ᠬᠡᠷᠡᠭᠲᠡᠢ᠂ ᠵᠥᠪᠭᠡᠨ ᠳᠥᠭᠦᠮᠬᠡᠨ ᠢᠶᠠᠷ ︽ᠬᠢᠵᠦ ᠪᠤᠯᠬᠤ ᠡᠰᠡᠬᠦ︾ ᠶᠢᠨ ᠮᠡᠷᠭᠡᠵᠢᠯ ᠤᠨ ᠮᠠᠭᠠᠳᠯᠠᠯᠲᠠ ᠬᠢᠵᠦ ᠪᠤᠯᠬᠤ ᠦᠭᠡᠢ᠃ | ᠠᠯᠢᠪᠠ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠵᠦ᠂ ᠵᠢᠩᠬᠢᠨᠢ ᠪᠦᠲᠦᠭᠡᠯᠴᠢ ᠴᠢᠳᠠᠪᠤᠷᠢ ᠲᠠᠢ ᠭᠦᠢᠴᠡᠳᠭᠡᠭᠴᠢ ᠪᠤᠯᠬᠤ ᠬᠡᠷᠡᠭᠲᠡᠢ᠃ | ᠳᠥᠷᠪᠡ ᠳᠤ᠂ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃ ᠪᠢᠳᠡ ᠢᠮᠠᠭᠲᠠ ᠴᠢᠩᠭ᠎ᠠ ᠪᠠᠷᠢᠮᠵᠢᠶ᠎ᠠ᠂ ᠴᠢᠩᠭ᠎ᠠ ᠠᠷᠭ᠎ᠠ ᠬᠡᠮᠵᠢᠶ᠎ᠡ ᠪᠠᠷ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠯᠢᠪᠠ ᠢᠯᠵᠢᠷᠡᠯ ᠤᠨ ᠠᠵᠢᠯᠯᠠᠭ᠎ᠠ ᠶᠢ ᠥᠴᠥᠬᠡᠨ ᠴᠦ ᠠᠭᠤᠴᠢᠯᠠᠬᠤ | ᠦᠭᠡᠢ᠃ ᠵᠠᠰᠠᠭ ᠤᠨ ᠣᠷᠳᠣᠨ ᠤ ᠠᠵᠢᠯᠲᠠᠨ ᠨᠢᠭᠡᠪᠦᠷᠢ ᠴᠥᠮ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠦᠨᠡᠨᠴᠢ ᠰᠢᠳᠤᠷᠭᠤ᠂ ᠴᠡᠪᠡᠷ ᠴᠢᠬᠡᠴᠢ᠂ | ᠬᠠᠷᠢᠭᠤᠴᠠᠯᠭ᠎ᠠ ᠲᠠᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ | ᠰᠤᠷᠪᠤᠯᠵᠢᠯᠠᠬᠴᠢᠳ ᠤᠨ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠤᠨ ᠭᠤᠷᠪᠠᠳᠤᠭᠠᠷ ᠳᠠᠪᠬᠤᠷᠯᠢᠭ ᠤᠨ ᠠᠯᠲᠠᠨ ᠥᠩᠭᠡᠲᠦ ᠣᠷᠳᠣᠨ ᠳᠤ 80 | ᠮᠢᠨᠦ᠋ᠲ ᠶᠠᠪᠤᠭᠳᠠᠵᠤ᠂ ᠳᠣᠲᠣᠭᠠᠳᠤ ᠭᠠᠳᠠᠭᠠᠳᠤ ᠶᠢᠨ 500 ᠭᠠᠷᠤᠢ ᠰᠤᠷᠪᠤᠯᠵᠢᠯᠠᠬᠴᠢ ᠣᠷᠣᠯᠴᠠᠵᠠᠢ᠃ | | |