ᠤᠯᠠᠭᠠᠨᠬᠠᠳᠠ ᠬᠤᠲᠠ ᠶᠢᠨ ︽ᠳᠥᠷᠪᠡᠨ ᠶᠡᠭᠡ ᠡᠶᠡᠳᠡᠭᠦᠯᠦᠭᠡ ᠶᠢᠨ ᠲᠠᠪᠴᠠᠩ︾ ᠪᠠᠶᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/15
      3 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠳᠠᠭᠠᠳᠬᠠᠯ ᠤᠨ ᠠᠵᠢᠯ ᠲᠥᠷᠥᠯ ᠤᠨ ᠨᠡᠶᠢᠭᠡᠮᠯᠢᠭ ᠬᠠᠮᠲᠤᠷᠠᠨ ᠤᠯᠠᠭᠠᠨᠬᠠᠳᠠ ᠬᠤᠲᠠ ᠶᠢᠨ ︽ᠳᠥᠷᠪᠡᠨ ᠶᠡᠭᠡ ᠡᠶᠡᠳᠡᠭᠦᠯᠦᠭᠡ ᠶᠢᠨ ᠲᠠᠪᠴᠠᠩ︾ ᠪᠠᠶᠢᠭᠤᠯᠬᠤ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠮᠠᠨ ᠤ ᠬᠤᠲᠠ ᠶᠢᠨ ︽ᠳᠥᠷᠪᠡᠨ ᠶᠡᠭᠡ ᠡᠶᠡᠳᠡᠭᠦᠯᠦᠭᠡ ᠶᠢᠨ ᠲᠠᠪᠴᠠᠩ︾ ᠢ ᠨᠡᠶᠢᠲᠡᠯᠡᠪᠡ᠃       ᠵᠠᠷᠭᠤ ᠶᠢᠨ ᠡᠬᠢ ᠰᠤᠷᠪᠤᠯᠵᠢ ᠶᠢᠨ ᠵᠠᠰᠠᠯᠲᠠ ᠶᠢ ᠴᠢᠩᠭᠠᠳᠬᠠᠬᠤ ᠪᠣᠯ ᠮᠠᠨ ᠤ ᠬᠤᠲᠠ ᠶᠢᠨ ᠨᠠᠩ ᠥᠨᠳᠥᠷ ᠲᠦᠪᠰᠢᠨ ᠪᠦᠬᠦᠢ ᠠᠮᠤᠷ ᠠᠮᠤᠭᠤᠯᠠᠩ ᠤᠯᠠᠭᠠᠨᠬᠠᠳᠠ ᠶᠢ ᠪᠦᠲᠦᠭᠡᠨ ᠪᠠᠶᠢᠭᠤᠯᠬᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠬᠤ ᠨᠢᠭᠡᠨ ᠰᠠᠭᠤᠷᠢ ᠢᠨᠵᠧᠨᠧᠷᠢᠩ ᠪᠣᠯᠤᠨ᠎ᠠ᠃ 2023 ᠣᠨ ᠳᠤ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠳᠤ ᠲᠥᠯᠥᠪᠵᠢᠭᠦᠯᠦᠭᠰᠡᠨ ᠤᠳᠤᠷᠢᠳᠤᠯᠭ᠎ᠠ ᠳᠣᠣᠷ᠎ᠠ᠂ ᠵᠠᠷᠭᠤ ᠶᠢᠨ ᠡᠶᠡᠳᠡᠭᠦᠯᠦᠭᠡ ᠶᠢᠨ ᠵᠣᠯᠭᠠᠭᠤᠯᠤᠯᠲᠠ ᠶᠢ ᠪᠣᠳᠠᠲᠠᠶᠢᠵᠢᠭᠤᠯᠬᠤ᠂ ᠵᠥᠷᠢᠴᠡᠯ ᠵᠢᠭᠤᠷᠠᠭᠠᠨ ᠢ ᠡᠶᠡᠳᠡᠭᠦᠯᠬᠦ ᠠᠵᠢᠯ ᠢ ᠨᠠᠷᠢᠯᠢᠭ ᠬᠢᠬᠦ᠂ ᠰᠢᠭᠦᠨ ᠲᠠᠰᠤᠯᠬᠤ ᠳᠦᠷᠢᠮ ᠲᠣᠭᠲᠠᠭᠠᠯ ᠢ ᠨᠠᠷᠢᠯᠢᠭ ᠬᠢᠬᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠬᠠᠤᠯᠢᠵᠢᠭᠤᠯᠬᠤ ᠶᠢ ᠰᠢᠯᠢᠳᠡᠭᠵᠢᠭᠦᠯᠵᠦ ᠳᠥᠷᠪᠡᠨ ᠳᠡᠰ ᠳᠠᠪᠬᠤᠷᠭ᠎ᠠ ᠶᠢᠨ ᠲᠣᠭᠤᠷᠢᠨ ᠳᠤ᠂ ᠲᠥᠷᠦᠯ ᠬᠤᠪᠢᠶᠠᠨ ᠬᠦᠴᠦᠯᠡᠵᠦ᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠡᠷᠡᠭᠯᠡᠭᠴᠢᠳ ᠤᠨ ᠡᠶᠡᠳᠡᠭᠦᠯᠦᠭᠡ ᠶᠢᠨ ᠲᠠᠪᠴᠠᠩ᠂ ᠳᠠᠭᠠᠳᠬᠠᠯ ᠤᠨ ᠬᠡᠷᠡᠭ ᠤᠨ ᠡᠶᠡᠳᠡᠭᠦᠯᠦᠭᠡ ᠶᠢᠨ ᠲᠠᠪᠴᠠᠩ᠂ ᠬᠥᠳᠡᠯᠮᠦᠷᠢ ᠶᠢᠨ ᠵᠢᠭᠤᠷᠠᠯᠳᠤᠭᠠᠨ ᠤ ᠵᠠᠷᠭᠤ ᠶᠢᠨ ᠡᠶᠡᠳᠡᠭᠦᠯᠦᠭᠡ ᠶᠢᠨ ᠵᠣᠯᠭᠠᠯᠴᠠᠬᠤ ᠲᠠᠪᠴᠠᠩ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠡᠶᠡᠳᠡᠭᠦᠯᠦᠭᠡ ᠶᠢᠨ ᠲᠠᠪᠴᠠᠩ ᠵᠡᠷᠭᠡ ︽ᠳᠥᠷᠪᠡᠨ ᠶᠡᠭᠡ ᠡᠶᠡᠳᠡᠭᠦᠯᠦᠭᠡ ᠶᠢᠨ ᠲᠠᠪᠴᠠᠩ︾ ᠢ ᠪᠠᠶᠢᠭᠤᠯᠵᠤ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃      ᠮᠠᠨ ᠤ ᠬᠤᠲᠠ ︽ᠳᠥᠷᠪᠡᠨ ᠶᠡᠭᠡ ᠡᠶᠡᠳᠡᠭᠦᠯᠦᠭᠡ ᠶᠢᠨ ᠲᠠᠪᠴᠠᠩ︾ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠤᠨ᠎ᠠ᠃      ᠬᠡᠷᠡᠭᠯᠡᠭᠴᠢᠳ ᠤᠨ ᠡᠶᠡᠳᠡᠭᠦᠯᠦᠭᠡ ᠶᠢᠨ ᠲᠠᠪᠴᠠᠩ      ᠰᠢᠭᠦᠨ ᠲᠠᠰᠤᠯᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠠᠳᠠᠷᠠᠭᠤᠯᠬᠤ ᠪᠠᠷ ᠰᠠᠭᠤᠷᠢ ᠪᠣᠯᠭᠠᠭᠰᠠᠨ᠂ ᠵᠠᠷᠭᠤ ᠶᠢᠨ ᠡᠬᠢ ᠰᠤᠷᠪᠤᠯᠵᠢ ᠶᠢᠨ ᠵᠠᠰᠠᠯᠲᠠ ᠶᠢ ᠲᠦᠯᠬᠢᠨ ᠠᠬᠢᠭᠤᠯᠬᠤ᠂ ᠬᠡᠷᠡᠭᠯᠡᠭᠡ ᠶᠢᠨ ᠢᠲᠡᠭᠡᠯ ᠵᠣᠷᠢᠭ ᠢ ᠬᠥᠪᠴᠢᠯᠡᠬᠦ᠂ ᠵᠠᠷᠭᠤ ᠶᠢᠨ ᠡᠶᠡᠳᠡᠭᠦᠯᠭᠡ ᠶᠢᠨ ᠲᠣᠭᠲᠠᠴᠠ ᠶᠢ ᠭᠦᠨᠵᠡᠭᠡᠶᠢᠷᠡᠭᠦᠯᠬᠦ᠂ ᠲᠠᠰᠤᠯᠤᠨ ᠲᠣᠭᠲᠠᠭᠠᠬᠤ ᠳᠦᠷᠢᠮ ᠢᠶᠠᠷ ᠲᠤᠯᠭᠠᠭᠤᠷᠢ ᠪᠣᠯᠭᠠᠭᠰᠠᠨ ︽1 + 4︾ ᠣᠯᠠᠨ ᠲᠠᠯᠠᠲᠤ ᠳᠦᠷᠢᠮ ᠤᠨ ᠲᠥᠯᠥᠪᠰᠢᠷᠡᠯ ᠢ ᠲᠡᠭᠦᠯᠳᠡᠷᠵᠢᠭᠦᠯᠬᠦ ᠶᠢ ᠰᠥᠪᠡᠭᠴᠢᠯᠡᠨ ᠪᠦᠷᠢᠯᠳᠦᠭᠦᠯᠵᠦ᠂ ᠡᠯ᠎ᠡ ᠲᠥᠷᠥᠯ ᠤᠨ ᠬᠡᠷᠡᠭᠯᠡᠭᠡ ᠶᠢᠨ ᠵᠢᠭᠤᠷᠠᠯᠳᠤᠭᠠᠨ ᠢ ᠥᠨᠳᠥᠷ ᠪᠦᠲᠦᠮᠵᠢᠲᠡᠢ ᠪᠠᠷ ᠠᠷᠢᠯᠭᠠᠬᠤ᠂ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠵᠤ᠂ ︽ᠤᠯᠠᠭᠠᠨᠬᠠᠳᠠ ᠶᠢᠨ ᠣᠬᠢ ᠰᠢᠮ᠎ᠡ︾᠂ ︽ᠰᠠᠨᠠᠭ᠎ᠠ ᠠᠮᠤᠷ ᠬᠡᠷᠡᠭᠯᠡᠭᠡ ᠨᠢ ᠤᠯᠠᠭᠠᠨᠬᠠᠳᠠ ᠳᠤ︾ ᠨᠡᠷᠡᠲᠦ ᠲᠡᠮᠳᠡᠭ ᠢ ᠪᠦᠲᠦᠭᠡᠨ ᠪᠠᠶᠢᠭᠤᠯᠬᠤ ᠳᠤ ᠨᠠᠩ ᠠᠮᠤᠷ ᠲᠦᠪᠰᠢᠨ ᠰᠠᠨᠠᠭ᠎ᠠ ᠠᠮᠤᠷ ᠵᠠᠬ᠎ᠠ ᠳᠡᠯᠭᠡᠭᠦᠷ ᠤᠨ ᠬᠡᠷᠡᠭᠯᠡᠭᠡ ᠶᠢᠨ ᠣᠷᠴᠢᠨ ᠲᠣᠭᠤᠷᠢᠨ ᠪᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠪᠣᠢ ᠪᠣᠯᠭᠠᠬᠤ ᠳᠤ ᠬᠦᠴᠦᠲᠡᠢ ᠬᠠᠤᠯᠢ ᠶᠢᠨ ᠦᠢᠯᠡᠴᠢᠯᠡᠭᠡ ᠪᠠ ᠪᠠᠲᠤᠯᠠᠭ᠎ᠠ ᠬᠠᠩᠭᠠᠨ᠎ᠠ᠃      ᠳᠠᠭᠠᠳᠬᠠᠯ ᠤᠨ ᠬᠡᠷᠡᠭ ‍ᠤᠨ‌ᠡᠶᠡᠳᠡᠭᠦᠯᠦᠭᠡ ᠶᠢᠨ ᠲᠠᠪᠴᠠᠩ       ᠣᠶᠢᠷ᠎ᠠ ᠶᠢᠨ ᠵᠢᠯ ᠳᠤ᠂ ᠪᠦᠬᠦ ᠬᠤᠲᠠ ᠶᠢᠨ ᠳᠠᠭᠠᠳᠬᠠᠯ ᠤᠨ ᠠᠵᠢᠯ ᠲᠥᠷᠥᠯ ᠤᠨ ᠲᠦᠷᠭᠡᠨ ᠬᠥᠭᠵᠢᠬᠦ ᠶᠢ ᠳᠠᠭᠠᠯᠳᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠨᠡᠮᠡᠭᠳᠡᠨ᠂ ᠳᠠᠭᠠᠳᠬᠠᠯ ᠤᠨ ᠬᠠᠮᠤᠷᠬᠤ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠡᠯ᠎ᠡ ᠲᠥᠷᠥᠯ ᠤᠨ ᠳᠠᠭᠠᠳᠬᠠᠯ ᠤᠨ ᠵᠢᠭᠤᠷᠠᠯᠳᠤᠭᠠᠨ ᠵᠢᠯ ᠳᠠᠷᠠᠭᠠᠯᠠᠨ ᠨᠡᠮᠡᠭᠳᠡᠪᠡ᠃ 2021 ᠣᠨ ᠠᠴᠠ 2022 ᠣᠨ ᠪᠣᠯᠲᠠᠯ᠎ᠠ᠂ ᠪᠥᠬᠦ ᠬᠤᠲᠠ ᠶᠢᠨ ᠰᠢᠭᠦᠬᠦ ᠬᠤᠷᠢᠶ᠎ᠠ ᠳᠠᠭᠠᠳᠬᠠᠯ ᠤᠨ ᠭᠡᠷ᠎ᠡ ᠶᠢᠨ ᠵᠢᠭᠤᠷᠠᠯᠳᠤᠭᠠᠨ ᠤ ᠬᠡᠷᠡᠭ ᠢ ᠨᠡᠶᠢᠲᠡ 2460 ᠬᠤᠪᠢ ᠭᠥᠯᠢᠶᠡᠨ ᠠᠪᠴᠤ ᠰᠢᠢᠳᠪᠦᠷᠢᠯᠡᠨ᠂ 2450 ᠬᠤᠪᠢ ᠶᠢ ᠨᠢ ᠰᠢᠭᠦᠨ ᠳᠠᠭᠤᠰᠬᠠᠵᠤ᠂ 3.17 ᠳ᠋ᠦᠩᠰᠢᠭᠤᠷ ᠲᠥᠭᠦᠷᠢᠭ ᠤᠨ ᠬᠠᠷᠠᠯᠲᠠ ᠳᠤ ᠬᠤᠯᠪᠣᠭᠳᠠᠵᠠᠶ᠃ ᠡᠭᠦᠨ ᠤ ᠳᠤ ᠲᠤᠯᠠᠳᠠ᠂ ᠳᠠᠭᠠᠳᠬᠠᠯ ᠤᠨ ᠵᠠᠷᠭᠤ ᠶᠢᠨ ᠬᠡᠷᠡᠭ ᠡᠭᠦᠰᠬᠦ ᠶᠢ ᠦᠨᠡᠨᠬᠦ ᠪᠠᠭᠠᠰᠬᠠᠵᠤ᠂ ᠳᠠᠭᠠᠳᠬᠠᠯ ᠤᠨ ᠵᠢᠭᠤᠷᠠᠯᠳᠤᠭᠠᠨ ᠤ ᠲᠤᠬᠠᠢ ᠶᠢᠨ ᠬᠥᠮᠦᠨ ᠳᠤ ᠣᠯᠠᠨ ᠡᠰᠢᠵᠢᠭᠰᠡᠨ ᠵᠢᠭᠤᠷᠠᠯᠳᠤᠭᠠᠨ ᠢ ᠰᠢᠢᠳᠪᠦᠷᠢᠯᠡᠬᠦ ᠰᠢᠨ᠎ᠡ ᠠᠷᠭ᠎ᠠ ᠵᠠᠮ ᠢ ᠬᠠᠩᠭᠠᠵᠤ᠂ ᠬᠠᠤᠯᠢᠵᠢᠭᠰᠠᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠬᠤᠲᠠ ᠶᠢᠨ ᠳᠠᠭᠠᠳᠬᠠᠯ ᠤᠨ ᠠᠵᠢᠯ ᠲᠥᠷᠥᠯ ᠤᠨ ᠨᠡᠶᠢᠭᠡᠮᠯᠢᠭ ᠲᠠᠢ ᠬᠠᠮᠲᠤᠪᠠᠷ ᠳᠠᠭᠠᠳᠬᠠᠯ ᠤᠨ ᠬᠡᠷᠡᠭ ᠤᠨ ᠡᠶᠡᠳᠡᠭᠦᠯᠦᠭᠡ ᠶᠢᠨ ᠲᠠᠪᠴᠠᠩ ᠢ ᠪᠠᠶᠢᠭᠤᠯᠤᠨ᠎ᠠ᠃ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠲᠠᠰᠤᠯᠤᠨ ᠲᠣᠭᠲᠠᠭᠠᠬᠤ ᠪᠠᠷᠢᠮᠵᠢᠶ᠎ᠠ ᠶᠢᠨ ᠨᠢᠭᠡᠳᠦᠯ ᠢ ᠠᠬᠢᠭᠤᠯᠤᠨ᠎ᠠ᠃ ᠬᠠᠤᠯᠢ ᠶᠢᠨ ᠦᠢᠯᠡᠴᠢᠯᠡᠭᠡᠨ ᠤ ᠬᠡᠪᠴᠢᠶ᠎ᠡ ᠶᠢ ᠤᠷᠲᠤᠳᠬᠠᠵᠤ᠂ ᠵᠠᠭᠤᠷᠠᠯᠳᠤᠭᠠᠨ ᠢ ᠳᠥᠭᠦᠮ ᠳᠥᠲᠡ᠂ ᠬᠢᠮᠳᠠ᠂ ᠥᠨᠳᠥᠷ ᠪᠦᠲᠦᠮᠵᠢᠲᠡᠢ ᠪᠠᠷ ᠰᠢᠢᠳᠪᠦᠷᠢᠯᠡᠬᠦ ᠶᠢ ᠠᠬᠢᠭᠤᠯᠤᠨ᠎ᠠ᠃ ᠲᠣᠭᠲᠠᠴᠠ ᠶᠢᠨ ᠪᠠᠶᠢᠭᠤᠯᠤᠯᠲᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠡᠶᠡᠳᠡᠭᠦᠯᠭᠡ ᠶᠢᠨ ᠬᠡᠯᠡᠯᠴᠡᠭᠡᠷ ᠤᠨ ᠠᠯᠪᠠᠳᠠᠨ ᠭᠦᠢᠴᠡᠳᠬᠡᠭᠦᠯᠬᠦ ᠬᠦᠴᠦᠨ ᠦᠭᠡᠢ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃      ᠬᠥᠳᠡᠯᠮᠦᠷᠢᠴᠢᠳ ᠤᠨ ᠡᠶᠡᠳᠡᠭᠦᠯᠦᠭᠡ ᠶᠢᠨ ᠲᠠᠪᠴᠠᠩ       ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠤ ︽ᠨᠢᠭᠡ ᠶᠢ ᠲᠠᠰᠤᠯᠵᠤ ᠬᠤᠶᠠᠷ ᠢ ᠰᠢᠭᠦᠬᠦ︾ ᠴᠢᠳᠠᠮᠵᠢ ᠶᠢ ᠪᠦᠲᠦᠮᠵᠢᠲᠡᠶ ᠪᠠᠳᠠᠷᠠᠭᠤᠯᠵᠤ᠂ ᠠᠷᠠᠳ ᠤᠨ ᠰᠢᠭᠦᠬᠦ ᠬᠤᠷᠢᠶ᠎ᠠ ᠪᠠ ᠬᠥᠳᠡᠯᠮᠦᠷᠢ ᠠᠵᠢᠯᠲᠠᠨ ᠤ ᠶᠠᠪᠤᠳᠠᠯ ᠤᠨ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠬᠤ ᠰᠠᠯᠠᠭ᠎ᠠ ᠮᠥᠴᠢᠷ ᠤᠨ ᠬᠠᠷᠢᠯᠴᠠᠬᠤ ᠠᠷᠭ᠎ᠠ ᠵᠠᠮ ᠢ ᠰᠢᠯᠤᠭᠤᠳᠬᠠᠵᠤ᠂ ᠬᠥᠳᠡᠯᠮᠦᠷᠢ ᠶᠢᠨ ᠵᠢᠭᠤᠷᠠᠯᠳᠤᠭᠠᠨ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠬᠥᠳᠡᠯᠮᠦᠷᠢ ᠶᠢᠨ ᠵᠢᠭᠤᠷᠠᠯᠳᠤᠭᠠᠨ ᠤ ᠡᠶᠡᠳᠡᠭᠦᠯᠦᠭᠡ ᠶᠢᠨ ᠲᠠᠪᠴᠠᠩ ᠢ ᠬᠦᠴᠦᠯᠡᠨ ᠪᠠᠶᠢᠭᠤᠯᠤᠨ᠎ᠠ᠃ ᠥᠪᠥᠷ ᠮᠣᠩᠭᠤᠯ ᠤᠨ ᠠᠩᠬᠠᠳᠠᠭᠴᠢ ︽ᠬᠥᠳᠡᠯᠮᠦᠷᠢ ᠠᠵᠤ ᠠᠬᠤᠶᠢᠯᠠᠯ ᠤᠨ ᠬᠤᠤᠰ ᠬᠠᠮᠠᠭᠠᠯᠠᠯᠲᠠ︾ ᠶᠢᠨ ᠨᠠᠮ ᠤᠨ ᠪᠠᠶᠢᠭᠤᠯᠤᠯᠲᠠ ᠶᠢᠨ ᠬᠤᠯᠪᠣᠭ᠎ᠠ ᠶᠢ ᠡᠭᠦᠳᠦᠨ ᠪᠠᠶᠢᠭᠤᠯᠵᠤ᠂ ︽ᠡᠶᠡᠳᠡᠭᠦᠯᠬᠦ ᠲᠠᠰᠤᠯᠬᠤ ᠬᠢᠨᠠᠬᠤ ᠭᠦᠢᠴᠡᠳᠭᠡᠬᠦ︾ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠨᠢᠭᠡ ᠴᠤᠭᠴᠠᠵᠢᠭᠤᠯᠤᠭᠰᠠᠨ ᠲᠥᠪ ᠢ ᠪᠠᠶᠢᠭᠤᠯᠵᠤ᠂ ᠬᠥᠯᠥᠰᠥᠨ ᠠᠵᠢᠯᠴᠢᠨ ᠤ ᠴᠠᠯᠢᠩ ᠤᠨ ᠬᠡᠷᠡᠭ ᠢ ᠲᠦᠷᠭᠡᠨ ᠳᠠᠩᠰᠠᠯᠠᠬᠤ᠂ ᠲᠦᠷᠭᠡᠨ ᠰᠢᠭᠦᠬᠦ᠂ ᠲᠦᠷᠭᠡᠨ ᠭᠦᠢᠴᠡᠳᠭᠡᠬᠦ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠬᠥᠳᠡᠯᠮᠦᠷᠢ ᠶᠢᠨ ᠠᠪᠴᠠᠭᠠᠨ ᠤ ᠡᠷᠬᠡ ᠶᠢᠨ ᠪᠣᠳᠠᠲᠠᠶ ᠬᠡᠷᠡᠭᠵᠢᠭᠦᠯᠦᠯᠲᠡ ᠶᠢᠨ ᠨᠣᠷᠮ᠎ᠠ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃      ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠡᠶᠡᠳᠡᠭᠦᠯᠦᠭᠡ ᠶᠢᠨ ᠲᠠᠪᠴᠠᠩ      2022 ᠣᠨ ᠰᠡᠭᠦᠯᠴᠢ ᠪᠣᠯᠬᠤ ᠳᠤ᠂ ᠪᠦᠬᠦ ᠬᠤᠲᠠ ᠳᠤ 1.8 ᠲᠦᠮᠡᠨ ᠬᠥᠮᠦᠨ ᠰᠢᠨ᠎ᠡ ᠪᠠᠷ ᠠᠵᠢᠯ ᠣᠯᠭᠤᠪᠠ᠃ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠠᠢ ᠨᠢᠭᠲᠠ ᠬᠤᠯᠪᠣᠭᠠᠯᠠᠨ ᠬᠥᠳᠡᠯᠦᠯᠴᠡᠵᠦ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠴᠢᠳ ᠤᠨ ᠡᠶᠡᠳᠡᠭᠦᠯᠦᠭᠡ ᠶᠢᠨ ᠲᠠᠪᠴᠠᠩ ᠢ ᠪᠠᠶᠢᠭᠤᠯᠤᠨ᠎ᠠ᠃ ᠠᠵᠢᠯ ᠤᠨ ᠲᠣᠭᠲᠠᠴᠠ ᠶᠢ ᠪᠠᠶᠢᠭᠤᠯᠤᠨ᠂ ᠠᠵᠢᠯ ᠣᠯᠭᠤᠯᠲᠠ ᠶᠢᠨ ᠰᠢᠨ᠎ᠡ ᠬᠡᠯᠪᠡᠷᠢ ᠶᠢᠨ ᠬᠥᠳᠡᠯᠮᠦᠷᠢᠯᠡᠭᠴᠢᠳ ᠤᠨ ᠡᠷᠬᠡ ᠠᠰᠢᠭ ᠢᠶᠠᠨ ᠬᠠᠮᠠᠭᠠᠯᠠᠬᠤ ᠪᠠᠲᠤᠯᠠᠭ᠎ᠠ ᠶᠢᠨ ᠬᠠᠮᠲᠤᠷᠠᠨ ᠬᠥᠳᠡᠯᠦᠯᠴᠡᠵᠦ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠲᠠᠰᠤᠭ ᠪᠠᠶᠢᠭᠤᠯᠵᠤ᠂ ︽ᠲᠤᠰᠬᠠᠶ ᠮᠡᠷᠭᠡᠵᠢᠯᠲᠡᠨ ᠤ ᠦᠢᠯᠡᠴᠢᠯᠡᠭᠡᠨ ᠤ ᠠᠩᠭᠢ︾ ᠶᠢ ᠪᠣᠶ ᠪᠣᠯᠭᠠᠨ᠂ ᠠᠵᠢᠯ ᠣᠯᠭᠤᠬᠤ ᠰᠢᠨ᠎ᠡ ᠬᠡᠯᠪᠡᠷᠢ ᠶᠢᠨ ᠬᠥᠳᠡᠯᠮᠦᠷᠢᠯᠡᠭᠴᠢᠳ ᠡᠷᠬᠡ ᠲᠡᠭᠰᠢ ᠪᠠᠷ ᠠᠵᠢᠯ ᠣᠯᠬᠤ᠂ ᠬᠥᠳᠡᠯᠮᠦᠷᠢ ᠶᠢᠨ ᠬᠥᠯᠥᠰᠥ ᠣᠯᠭᠤᠮᠵᠢ᠂ ᠬᠥᠳᠡᠯᠮᠦᠷᠢ ᠶᠢᠨ ᠠᠮᠤᠷ ᠲᠦᠪᠰᠢᠨ᠂ ᠨᠡᠶᠢᠭᠡᠮ ᠤᠨ ᠳᠠᠭᠠᠳᠬᠠᠯ ᠵᠡᠷᠭᠡ ᠲᠠᠯ᠎ᠠ ᠶᠢᠨ ᠡᠷᠬᠡ ᠠᠰᠢᠭ ᠨᠢ ᠭᠡᠮᠲᠦᠭᠰᠡᠨ ᠦᠶ᠎ᠡ ᠳᠤ᠂ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠵᠤ᠂ ᠬᠠᠪᠰᠤᠷᠤᠯᠭ᠎ᠠ ᠭᠤᠶᠤᠵᠤ ᠪᠣᠯᠤᠨ᠎ᠠ᠃      ᠶᠡᠷᠦᠩᠬᠡᠶᠢᠯᠡᠪᠡᠯ᠂ ᠮᠠᠨ ᠤ ᠬᠤᠲᠠ ᠨᠢ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠨᠢᠭᠡᠳᠦᠯᠲᠡᠶ ᠲᠥᠯᠥᠪᠵᠢᠭᠦᠯᠦᠭᠰᠡᠨ ᠤᠳᠤᠷᠢᠳᠤᠯᠭ᠎ᠠ ᠳᠤᠤᠷ᠎ᠠ᠂ ︽ᠳᠥᠷᠪᠡᠨ ᠶᠡᠭᠡ ᠡᠶᠡᠳᠡᠭᠦᠯᠦᠭᠡ ᠶᠢᠨ ᠲᠠᠪᠴᠠᠩ︾ ᠢ ᠪᠠᠶᠢᠭᠤᠯᠬᠤ ᠪᠠᠷ ᠲᠣᠬᠢᠶᠠᠯ ᠪᠣᠯᠭᠠᠨ᠂ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠪᠠ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠶᠢ ᠰᠢᠯᠢᠳᠡᠭᠵᠢᠭᠦᠯᠦᠨ ᠪᠣᠳᠠᠲᠠᠶᠢᠵᠢᠭᠤᠯᠵᠤ᠂ ᠵᠢᠭᠤᠷᠠᠯᠳᠤᠭᠠᠨ ᠢ ᠰᠢᠢᠳᠪᠦᠷᠢᠯᠡᠬᠦ ᠪᠠ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠢ ᠨᠠᠩ ᠭᠦᠨ ᠭᠦᠨᠵᠡᠭᠡᠶ᠂ ᠨᠠᠩ ᠴᠢᠨᠠᠷ ᠰᠠᠶᠢᠲᠠᠶ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠬᠠᠳᠠ ᠶᠢᠨ ᠰᠢᠨ᠎ᠡ ᠦᠢᠯᠡᠳᠦᠯᠭᠡ ᠳᠤ ᠦᠢᠯᠡᠴᠢᠯᠡᠭᠦᠯᠦᠨ᠎ᠡ᠃
ᠢᠷᠡᠯᠲᠡ᠄ ᠲᠣᠲᠣᠷᠬᠠᠢ ᠦᠭᠡᠢ