ᠬᠤᠲᠠ ᠶᠢᠨ ᠵᠠᠰᠠᠭ ᠤᠨ ᠣᠷᠳᠣᠨ 2023 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/31
     3 ᠰᠠᠷ᠎ᠠ ᠶᠢᠨ 30 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2023 ᠣᠨ ᠤ ᠭᠤᠷᠪᠠᠳᠤᠭᠠᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠤᠯᠠᠭᠠᠨᠬᠠᠳᠠ ᠬᠤᠲᠠ ᠶᠢᠨ ︽ᠲᠠᠪᠤᠨ ᠶᠡᠭᠡ ᠡᠭᠦᠷᠭᠡ︾ ᠶᠢᠨ 2023 ᠣᠨ ᠤ ᠭᠤᠤᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠨᠠᠷᠢᠨ ᠲᠠᠩᠰᠠ᠂ ︽ᠤᠯᠠᠭᠠᠨᠬᠠᠳᠠ ᠬᠤᠲᠠ ᠶᠢᠨ ᠵᠠᠮ ᠬᠠᠷᠢᠯᠴᠠᠭᠠᠨ ᠤ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠲᠤᠬᠠᠶ ᠮᠡᠳᠡᠭᠳᠡᠯ︾᠂ ︽2023 ᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠢ ᠪᠥᠬᠦ ᠲᠠᠯ᠎ᠠ ᠪᠠᠷ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠤᠯᠠᠭᠠᠨᠬᠠᠳᠠ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ︾᠂ ︽ᠤᠯᠠᠭᠠᠨᠬᠠᠳᠠ ᠬᠤᠲᠠ ᠶᠢᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾᠂ ︽ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ ᠬᠠᠤᠯᠢ ᠲᠣᠭᠲᠠᠭᠠᠬᠤ ᠠᠵᠢᠯ ᠤᠨ ᠲᠥᠯᠥᠪᠯᠡᠭᠡ︾᠂ ︽2023 ᠣᠨ ᠤ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠤᠨ ᠭᠠᠷᠴᠠᠭ︾ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃     ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠭᠤᠣᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠣᠰᠣᠭᠠᠷ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠤᠨ᠂ ᠲᠣᠭᠲᠠᠭᠰᠠᠨ ᠬᠤᠭᠤᠴᠠᠭ᠎ᠠ ᠲᠠᠢ ᠪᠠᠷ ᠲᠤᠬᠢᠷᠠᠭᠤᠯᠤᠨ ᠠᠬᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠥᠳᠡᠭᠡ ᠲᠤᠰᠬᠤᠨ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠪᠠᠶᠠᠯᠢᠭ ᠤᠨ ᠡᠯᠧᠮᠧᠨ᠋ᠲ ᠢ ᠨᠢᠭᠡᠳᠦᠯᠲᠡᠶ ᠲᠥᠯᠥᠪᠵᠢᠭᠦᠯᠦᠨ᠂ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂ ᠠᠮᠤ ᠪᠤᠳᠠᠭ᠎ᠠ ᠪᠠ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠱᠠᠯᠠᠪᠳᠠᠨ ᠰᠠᠶᠢᠲᠤᠷ ᠠᠳᠬᠤᠵᠤ᠂ ᠬᠥᠳᠡᠭᠡ ᠲᠣᠰᠬᠤᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠣᠷᠣᠰᠢᠨ ᠰᠠᠭᠤᠷᠢᠰᠢᠬᠤ ᠪᠠ ᠦᠢᠯᠡᠰ ᠪᠤᠰᠬᠠᠬᠤ ᠳᠤ ᠲᠣᠬᠢᠷᠠᠮᠵᠢᠲᠠᠶ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ᠃ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠴᠢᠮ ᠪᠠᠶᠢᠳᠠᠯ ᠢ ᠠᠷᠭᠠᠴᠠᠭᠠᠬᠤ ᠪᠦᠷᠢᠨ ᠲᠥᠬᠦᠷ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠣᠳᠠᠲᠠᠶ ᠠᠵᠢᠯᠯᠠᠭᠠᠨ ᠤ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠲᠥᠰᠦᠯ ᠤᠨ ᠴᠢᠭᠯᠡᠭᠦᠯᠦᠯᠲᠦ ᠴᠢᠨᠠᠷ᠂ ᠬᠡᠷᠡᠭᠯᠡᠭᠡᠨ ᠤ ᠴᠢᠨᠠᠷ ᠪᠣᠯᠤᠨ ᠬᠡᠷᠡᠭᠵᠢᠭᠦᠯᠭᠡᠲᠦ ᠴᠢᠨᠠᠷ ᠢ ᠳᠡᠭᠡᠭᠰᠢᠯᠡᠭᠦᠯᠬᠦ ᠶᠢᠨ ᠵᠡᠷᠭᠡᠴᠡᠭᠡᠪᠡᠷ ᠪᠦᠬᠦ ᠲᠠᠯ᠎ᠠ ᠶᠢᠨ᠂ ᠪᠦᠬᠦ ᠬᠦᠴᠦᠨ ᠵᠦᠢᠯ ᠤᠨ ᠪᠣᠳᠠᠲᠤ ᠳᠠᠶᠢᠯᠠᠯᠳᠤᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡᠨ ᠤ ᠠᠪᠤᠷᠠᠨ ᠲᠤᠰᠠᠯᠠᠬᠤ ᠴᠢᠳᠠᠪᠤᠷᠢ ᠪᠣᠯᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢ ᠴᠢᠩᠳᠠᠯᠠᠵᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠶᠢ ᠴᠢᠩᠭᠠᠳᠬᠠᠵᠤ᠂ ᠡᠭᠦᠷᠭᠡ ᠴᠢᠳᠠᠪᠤᠷᠢ ᠨᠢ ᠰᠢᠨᠵᠢᠯᠡᠬᠦ ᠤᠬᠠᠭᠠᠨᠴᠢ᠂ ᠡᠷᠬᠡ ᠬᠠᠷᠢᠭᠤᠴᠠᠯᠭ᠎ᠠ ᠨᠢ ᠬᠠᠤᠯᠢ ᠪᠠᠷ ᠲᠣᠭᠲᠠᠭᠠᠭᠰᠠᠨ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠢᠯᠡ ᠲᠣᠳᠣ ᠲᠥᠪ ᠭᠤᠣᠯᠴᠢ᠂ ᠣᠶᠤᠨᠴᠢ ᠥᠨᠳᠥᠷ ᠪᠦᠲᠦᠮᠵᠢᠲᠡᠢ᠂ ᠠᠷᠢᠭᠤᠨ ᠴᠢᠬᠡᠴᠢ ᠦᠨᠡᠨᠴᠢ ᠢᠲᠡᠭᠡᠮᠵᠢᠲᠡᠢ᠂ ᠠᠷᠠᠳ ᠲᠦᠮᠡᠨ ᠰᠡᠳᠬᠢᠯ ᠬᠠᠨᠤᠮᠵᠢᠲᠠᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠣᠪᠤᠶᠢᠮ᠎ᠠ ᠵᠥᠷᠢᠴᠡᠯ ᠪᠣᠯᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠤᠨ ᠨᠤᠲᠠᠯᠠᠬᠤ ᠪᠠᠨ ᠴᠢᠩᠭᠠᠳᠬᠠᠨ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠠᠤᠯᠢ ᠴᠠᠭᠠᠵᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠡᠮᠦᠨ᠎ᠡ ᠪᠠᠰᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢ ᠲᠥᠪᠯᠡᠷᠡᠭᠦᠯᠦᠨ ᠰᠤᠷᠤᠯᠴᠠᠪᠠ᠃      ᠬᠤᠲᠠ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠵᠠᠩ ᠵᠢᠶ ᠺᠠᠩ᠂ ᠰᠦᠨ ᠬᠠᠶ ᠲᠤᠤ᠂ ᠯᠢ ᠵᠢᠩ ᠵᠢᠩ᠂ ᠵᠣᠣ ᡁᠢ ᠭᠠᠩ᠂ ᠹᠦ᠋ ᠱᠸᠦ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ