ᠤᠯᠠᠭᠠᠨᠬᠠᠳᠠ ᠬᠤᠲᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ ᠶᠢ ᠬᠡᠷᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/5
      3 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ︽ᠤᠯᠠᠭᠠᠨᠬᠠᠳᠠ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶ ᠶᠢ ᠬᠡᠷᠡᠭᠵᠢᠭᠦᠯᠬᠦ ᠲᠤᠬᠠᠶ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ᠃ ᠬᠤᠲᠠ ᠶᠢᠨ ᠴᠠᠭ ᠠᠭᠤᠷ ᠤᠨ ᠲᠣᠪᠴᠢᠶ᠎ᠠ᠂ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠤᠬᠠᠶ ᠶᠢᠨ ᠲᠠᠯᠠᠪᠠᠶ ᠳᠤ ︽ᠠᠷᠭ᠎ᠠ︾ ᠶᠢ ᠨᠡᠶᠢᠲᠡᠯᠡᠭᠰᠡᠨ ᠠᠬᠤᠶ ᠪᠠᠶᠢᠳᠠᠯ᠂ ᠭᠤᠤᠯ ᠠᠭᠤᠯᠭ᠎ᠠ ᠵᠢᠴᠢ ᠬᠢᠨᠠᠨ ᠪᠠᠶᠢᠴᠠᠭᠠᠬᠤ ᠶᠠᠪᠤᠴᠠ ᠵᠡᠷᠭᠡ ᠪᠠᠶᠢᠳᠠᠯ ᠢ ᠲᠠᠨᠢᠯᠴᠠᠭᠤᠯᠪᠠ᠃       ᠣᠶᠢᠯᠠᠭᠠᠭᠰᠠᠨ ᠢᠶᠠᠷ᠂ ︽ᠤᠯᠠᠭᠠᠨᠬᠠᠳᠠ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠷᠭ᠎ᠠ︾ ᠪᠣᠯ ᠮᠠᠨ ᠤ ᠬᠤᠲᠠ ᠶᠢᠨ ᠲᠣᠭᠲᠠᠭᠠᠭᠰᠠᠨ ᠠᠩᠬᠠᠳᠠᠭᠴᠢ ᠪᠣᠳᠠᠲᠤ ᠴᠣᠭᠴᠠ ᠶᠢᠨ ᠴᠢᠨᠠᠷᠲᠠᠶ ᠵᠠᠰᠠᠭ ᠤᠨ ᠣᠷᠳᠣᠨ ᠤ ᠲᠦᠷᠢᠮ ᠲᠣᠭᠲᠠᠭᠠᠯ ᠪᠣᠯᠤᠨ᠎ᠠ᠂ ᠲᠣᠰ ︽ᠠᠷᠭ᠎ᠠ︾ ᠶᠢ 2022 ᠣᠨ ᠤ ᠬᠤᠲᠠ ᠶᠢᠨ ᠵᠠᠰᠠᠭ ᠤᠨ ᠣᠷᠳᠣᠨ ᠤ ᠬᠤᠷᠢᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ 2023 ᠣᠨ ᠤ 1 ᠰᠠᠷ᠎ᠠ ᠶᠢᠨ 29 ᠤ ᠡᠳᠦᠷ ᠨᠡᠶᠢᠭᠡᠮ ᠨᠡᠶᠢᠲᠡ ᠳᠤ ᠢᠯᠡ ᠨᠡᠶᠢᠲᠡᠯᠡᠵᠦ᠂ 2023 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ︽ᠠᠷᠭ᠎ᠠ︾ ᠨᠢ ᠨᠡᠶᠢᠲᠡ ᠵᠢᠷᠭᠤᠭᠠᠨ ᠪᠦᠯᠦᠭ ᠳᠥᠴᠢᠨ ᠬᠤᠶᠠᠷ ᠵᠣᠷᠪᠤᠰ ᠲᠠᠢ᠂ ᠡᠭᠦᠨ ᠳᠤ ᠶᠡᠷᠦᠩᠬᠡᠶ ᠲᠦᠷᠢᠮ᠂ ᠤᠷᠢᠳᠴᠢᠯᠠᠨ ᠰᠡᠷᠭᠡᠶᠢᠯᠡᠬᠦ᠂ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠶᠢ ᠳᠠᠭᠠᠬᠤ ᠪᠠ ᠰᠢᠢᠳᠪᠦᠷᠢᠯᠡᠬᠦ᠂ ᠬᠠᠤᠯᠢ ᠶᠢᠨ ᠬᠠᠷᠢᠭᠤᠴᠠᠯᠭ᠎ᠠ᠂ ᠳᠠᠭᠠᠯᠳᠤᠭᠤᠯᠤᠯ ᠲᠦᠷᠢᠮ ᠵᠡᠷᠭᠡ ᠪᠠᠭᠲᠠᠨ᠎ᠠ᠃      ᠲᠣᠰ ︽ᠠᠷᠭ᠎ᠠ︾ ᠳᠤ ᠳᠤᠤᠷᠠᠬᠢ ᠬᠡᠳᠦᠨ ᠶᠡᠭᠡ ᠬᠢᠯᠠᠰ ᠴᠡᠭ ᠪᠣᠶ᠄ ᠨᠢᠭᠡ ᠳᠤ ᠮᠠᠨ ᠤ ᠬᠤᠲᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠠᠶᠢᠭᠤᠯᠤᠮᠵᠢ ᠲᠣᠭᠲᠠᠴᠠ ᠶᠢ ᠰᠢᠯᠤᠭᠤᠳᠬᠠᠨ ᠲᠡᠭᠦᠯᠳᠡᠷᠵᠢᠭᠦᠯᠦᠨ᠎ᠡ᠃ ︽ᠵᠠᠰᠠᠭ ᠤᠨ ᠣᠷᠳᠣᠨ ᠭᠤᠣᠯᠯᠠᠨ ᠤᠳᠤᠷᠢᠳᠴᠤ᠂ ᠬᠠᠷᠢᠶ᠎ᠠ ᠣᠷᠣᠨ ᠳᠤᠨᠢ ᠬᠠᠮᠢᠶᠠᠷᠤᠭᠤᠯᠬᠤ︾ ᠪᠠ ︽ᠨᠡᠶᠢᠭᠡᠮ ᠤᠨ ᠬᠢᠨ ᠣᠷᠣᠯᠴᠠᠬᠤ︾ ᠵᠠᠷᠴᠢᠮ ᠶᠣᠰᠣᠭᠠᠷ᠂ ᠬᠤᠲᠠ ᠰᠢᠶᠠᠨ ᠰᠢᠶᠠᠩ ᠲᠣᠰᠬᠤᠨ ᠤ ᠳᠥᠷᠪᠡᠨ ᠱᠠᠲᠤᠨ ᠤ ᠠᠷᠭᠠᠴᠠᠭᠠᠬᠤ ᠰᠢᠰᠲ᠋ᠧᠮ ᠢ ᠰᠢᠯᠤᠭᠤᠳᠬᠠᠵᠤ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠭᠠᠴᠠᠭ᠎ᠠ ᠲᠣᠰᠬᠤᠨ ︵ᠰᠠᠭᠤᠭᠠᠯᠢ︶ ᠤ ᠠᠷᠠᠳ ᠤᠨ ᠵᠥᠪᠯᠡᠯ ᠨᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠲᠤᠰᠬᠠᠢ ᠲᠤᠰᠢᠶᠠᠯᠲᠤ ᠠᠵᠢᠯᠲᠠᠨ ᠵᠢᠴᠢ ᠲᠡᠭᠦᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠠ ᠰᠢᠢᠳᠪᠦᠷᠢᠯᠡᠬᠦ ᠵᠡᠷᠭᠡ ᠠᠵᠢᠯ ᠤᠨ ᠳᠤᠮᠳᠠ ᠡᠭᠦᠷᠭᠡᠯᠡᠵᠦ ᠪᠠᠶᠢᠭ᠎ᠠ ᠪᠣᠳᠠᠲᠠᠢ ᠡᠭᠦᠷᠭᠡ ᠬᠠᠷᠢᠭᠤᠴᠠᠯᠭ᠎ᠠ ᠶᠢ ᠲᠣᠭᠲᠠᠭᠠᠬᠤ ᠬᠡᠷᠡᠭᠲᠡᠢ ᠭᠡᠵᠦ ᠲᠣᠳᠣᠷᠬᠠᠢ ᠲᠣᠭᠲᠠᠭᠠᠪᠠ᠃ ᠡᠯ᠎ᠡ ᠰᠠᠯᠠᠭ᠎ᠠ ᠮᠥᠴᠢᠷ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠵᠢᠴᠢ ᠪᠤᠰᠤᠳ ᠭᠤᠣᠯ ᠴᠣᠭᠴᠠ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠳᠠᠮᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠪᠠ ᠰᠢᠢᠳᠪᠦᠷᠢᠯᠡᠬᠦ ᠪᠥᠬᠦ ᠶᠠᠪᠤᠴᠠ ᠳᠠᠬᠢ ᠬᠠᠷᠢᠭᠤᠴᠠᠯᠭ᠎ᠠ ᠪᠠ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠭᠤᠯᠪᠠ᠃ ᠬᠤᠶᠠᠷ ᠲᠤ ᠴᠠᠭ ᠠᠭᠤᠷ ᠤᠨ ᠭᠠᠢ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠮᠠᠨ ᠤ ᠬᠤᠳᠠ ᠳᠤ ᠣᠯᠠᠨᠲᠠ ᠭᠠᠷᠤᠭᠰᠠᠨ᠂ ᠨᠥᠯᠥᠭᠡ ᠪᠠᠷ ᠨᠡᠯᠢᠶᠡᠳ ᠶᠡᠭᠡ ᠭᠠᠩ ᠬᠠᠭᠰᠠᠷᠭᠠᠨ᠂ ᠶᠡᠭᠡ ᠰᠠᠯᠬᠢ ︵ᠬᠤᠢ ᠰᠠᠯᠬᠢ︶᠂ ᠰᠢᠷᠦᠭᠦᠨ ᠪᠣᠷᠣᠭᠠᠨ᠂ ᠶᠡᠭᠡ ᠴᠠᠰᠤ ᠵᠡᠷᠭᠡ ᠴᠠᠭ ᠠᠭᠤᠷ ᠤᠨ ᠭᠠᠢ ᠭᠠᠮᠰᠢᠭ ᠲᠤ ᠴᠢᠭᠯᠡᠭᠦᠯᠦᠨ᠂ ᠭᠠᠮᠰᠢᠭ ᠤᠨ ᠲᠦᠷᠦᠯ ᠵᠦᠢᠯ ᠪᠠ ᠰᠠᠯᠠᠭ᠎ᠠ ᠮᠥᠴᠢᠷ ᠬᠤᠪᠢᠶᠠᠨ ᠪᠣᠳᠠᠲᠠᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠨᠡᠩ ᠨᠠᠷᠢᠯᠢᠭᠵᠢᠭᠤᠯᠤᠭᠰᠠᠨ ︽ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠬᠦ ᠵᠢᠯᠣᠭᠤᠳᠤᠮᠵᠢ︾ ᠶᠢᠨ ᠠᠭᠤᠯᠭ᠎ᠠ ᠶᠢ ᠲᠣᠬᠢᠷᠠᠭᠤᠯᠵᠤ ᠂ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠡ ᠶᠢᠨ ᠳᠦᠷᠢᠮ ᠢ ᠲᠣᠭᠲᠠᠭᠠᠪᠠ᠃ ᠭᠤᠷᠪᠠ ᠳᠤ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠨ ᠰᠡᠷᠡᠮᠵᠢᠯᠡᠭᠦᠯᠬᠦ ᠪᠠ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ᠲᠣᠭᠲᠠᠴᠠ ᠶᠢ ᠰᠢᠯᠢᠳᠡᠭᠵᠢᠭᠦᠯᠪᠡ᠃ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠯᠠᠮᠵᠢᠯᠠᠨ ᠲᠠᠷᠬᠠᠭᠠᠬᠤ ︽ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠰᠢᠢᠳᠪᠦᠷᠢᠯᠡᠬᠦ ᠶᠢ ᠪᠣᠳᠣᠯᠬᠢᠯᠠᠵᠤ᠂ ᠦᠨᠳᠦᠰᠦᠨ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠦᠵᠦᠭᠦᠷ ᠤᠨ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠨ ᠰᠡᠷᠡᠮᠵᠢᠯᠡᠭᠦᠯᠬᠦ ᠴᠢᠳᠠᠪᠤᠷᠢ ᠪᠠ ᠤᠯᠠᠮᠵᠢᠯᠠᠨ ᠲᠠᠷᠬᠠᠭᠠᠬᠤ ᠬᠡᠪᠴᠢᠶ᠎ᠡ ᠶᠢ ᠳᠡᠭᠡᠭᠰᠢᠯᠡᠭᠦᠯᠬᠦ ᠲᠤᠬᠠᠢ ᠲᠣᠳᠣᠷᠬᠠᠢ ᠲᠣᠭᠲᠠᠭᠠᠯ ᠭᠠᠷᠭᠠᠪᠠ᠃ ᠳᠥᠷᠪᠡ ᠳᠤ ︽ᠴᠠᠭ ᠠᠭᠤᠷ ᠤᠨ ᠭᠠᠢ ᠭᠠᠮᠰᠢᠭ ᠢ ᠬᠢᠨᠠᠨ ᠬᠡᠮᠵᠢᠭᠰᠡᠨ ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ︾ ᠬᠤᠯᠪᠣᠭᠳᠠᠯ ᠪᠦᠬᠦᠢ ᠠᠭᠤᠯᠭ᠎ᠠ ᠶᠢ ᠲᠣᠬᠢᠷᠠᠭᠤᠯᠵᠤ᠂ ᠴᠠᠭ ᠠᠭᠤᠷ ᠤᠨ ᠰᠠᠯᠠᠭ᠎ᠠ ᠮᠥᠴᠢᠷ ᠤᠳ ᠬᠤᠯᠪᠣᠭᠳᠠᠯ ᠪᠦᠬᠦᠢ ᠨᠢᠭᠡᠴᠡ᠂ ᠪᠡᠶᠡᠴᠢ ᠴᠣᠭᠴᠠ ᠶᠢᠨ ᠠᠳᠠᠯᠢ ᠪᠤᠰᠤ ᠬᠡᠷᠡᠭᠴᠡᠭᠡ ᠶᠢ ᠦᠨᠳᠦᠰᠦᠯᠡᠨ᠂ ᠭᠤᠣᠯᠳᠠᠯᠭ᠎ᠠ ᠲᠠᠢ ᠠᠵᠢᠯ ᠲᠦᠷᠦᠯ᠂ ᠭᠠᠵᠠᠷ ᠣᠷᠣᠨ᠂ ᠨᠢᠭᠡᠴᠡ ᠶᠢᠨ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠲᠤᠰᠬᠠᠢ ᠦᠢᠯᠡᠴᠢᠯᠡᠭᠡ ᠶᠢ ᠲᠣᠭᠲᠠᠭᠠᠨ ᠥᠷᠨᠢᠭᠦᠯᠵᠦ ᠪᠣᠯᠣᠨ᠎ᠠ ᠭᠡᠵᠦ ᠲᠣᠭᠲᠠᠭᠠᠪᠠ᠃      ︽ᠠᠷᠭ᠎ᠠ︾ ᠶᠢ ᠲᠣᠭᠲᠠᠭᠠᠵᠤ ᠬᠡᠷᠡᠭᠵᠢᠭᠦᠯᠦᠭᠰᠡᠨ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠠᠶᠢᠵᠤ᠂ ᠤᠯᠠᠭᠠᠨᠬᠠᠳᠠ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠣᠳᠠᠲᠠᠢ ᠠᠵᠢᠯ ᠳᠤ ᠦᠨᠡᠨᠬᠦ ᠶᠠᠪᠤᠭᠳᠠᠭᠤᠰᠢᠲᠠᠢ ᠬᠠᠤᠯᠢ ᠴᠠᠭᠠᠵᠠ ᠶᠢᠨ ᠦᠨᠳᠦᠰᠦᠯᠡᠯ ᠪᠠ ᠳᠦᠷᠢᠮ ᠤᠨ ᠪᠠᠲᠤᠯᠠᠭ᠎ᠠ ᠬᠠᠩᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠬᠤ ᠪᠠ ᠬᠤᠲᠠ ᠶᠢᠨ ᠦᠷᠭᠦᠯᠵᠢᠯᠡᠬᠦ ᠬᠥᠭᠵᠢᠯᠲᠡ ᠶᠢ ᠠᠬᠢᠭᠤᠯᠵᠤ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠰᠡᠷᠭᠡᠶᠢᠯᠡᠯᠲᠡ ᠶᠢᠨ ᠱᠤᠭᠤᠮ ᠢ ᠬᠦᠴᠦᠲᠡᠢ ᠪᠠᠬᠢᠵᠢᠭᠦᠯᠵᠦ ᠴᠢᠳᠠᠨ᠎ᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ