| ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 7 ᠤ ᠴᠠᠬᠢᠯᠭᠠᠨ ᠮᠡᠳᠡᠭᠡ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 7 ᠤ ᠦᠳᠡ ᠶᠢᠨ ᠬᠤᠶᠢᠨ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠬᠤᠶᠠᠳᠤᠭᠠᠷ ᠪᠦᠭᠦᠳᠡ ᠬᠤᠷᠠᠯ ᠬᠢᠵᠦ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠪᠣᠯᠣᠨ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ | ᠠᠵᠢᠯ ᠤᠨ ᠮᠡᠳᠡᠭᠦᠯᠦᠯᠲᠡ ᠶᠢ ᠰᠣᠨᠣᠰᠤᠭᠰᠠᠨ ᠪᠠ ᠬᠢᠨᠠᠨ ᠵᠥᠪᠯᠡᠵᠦ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠲᠥᠰᠥᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃ | ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠬᠠᠨ ᠵᠧᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ ᠨᠠᠷ ᠬᠤᠷᠠᠯ ᠳᠤ | ᠣᠷᠣᠯᠴᠠᠵᠠᠢ᠃ | ᠬᠤᠷᠠᠯ ᠳᠤ ᠣᠷᠤᠯᠴᠠᠬᠤ ᠶᠣᠰᠣᠲᠠᠢ ᠲᠥᠯᠥᠭᠡᠯᠡᠭᠴᠢ 2977 ᠬᠥᠮᠥᠨ᠂ ᠬᠤᠷᠠᠯ ᠳᠤ ᠤᠷᠤᠯᠴᠠᠬᠰᠠᠨ ᠨᠢ 2943 ᠬᠥᠮᠥᠨ᠂ 34 ᠬᠥᠮᠥᠨ | ᠣᠷᠣᠯᠴᠠᠬᠰᠠᠨ ᠦᠭᠡᠢ᠂ ᠬᠤᠷᠠᠯ ᠳᠤ ᠣᠷᠣᠯᠴᠠᠬᠰᠠᠨ ᠬᠥᠮᠥᠨ ᠤ ᠲᠤᠭ᠎ᠠ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠭᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠭᠡᠭᠴᠢ ᠲᠡᠷᠢᠭᠦᠯᠡᠭᠴᠢ ᠯᠢ ᠬᠤᠩ ᠵᠦᠩ ᠬᠤᠷᠠᠯ ᠢ | ᠡᠷᠭᠢᠯᠡᠪᠡ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠨᠠᠶᠢᠳᠠᠯᠭ᠎ᠠ ᠪᠠᠷ᠂ ᠬᠤᠷᠢᠶᠠᠨ ᠳᠠᠷᠤᠭ᠎ᠠ ᠯᠢ ᠵᠠᠨ ᠱᠣ᠋ ᠶᠡᠭᠡ ᠬᠤᠷᠠᠯ ᠳᠡᠭᠡᠷ᠎ᠡ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠬᠢᠪᠡ᠃ ᠯᠢ ᠵᠠᠨ ᠱᠣ᠋ ᠮᠡᠳᠡᠭᠦᠯᠦᠯᠲᠡ ᠳᠡᠭᠡᠨ᠂ ᠥᠩᠭᠡᠷᠡᠭᠰᠡᠨ ᠨᠢᠭᠡ ᠵᠢᠯ ᠳᠤ ᠰᠢ ᠶᠢᠨ ᠫᠢᠩ | ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠤᠭᠤᠰᠢᠯᠠᠭᠤᠯᠵᠤ᠂ ᠬᠠᠤᠯᠢ ᠲᠣᠭᠲᠠᠭᠠᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 5 ᠬᠠᠤᠯᠢ ᠲᠣᠭᠲᠠᠭᠠᠵᠤ᠂ 9 ᠬᠠᠤᠯᠢ ᠳᠤ ᠵᠠᠰᠠᠪᠤᠷᠢ | ᠣᠷᠣᠭᠤᠯᠵᠤ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ ᠪᠣᠯᠣᠨ ᠴᠢᠬᠤᠯᠠ ᠶᠡᠭᠡ ᠠᠰᠠᠭᠤᠳᠠᠯ ᠤᠨ ᠲᠤᠬᠠᠢ 4 ᠲᠣᠭᠲᠠᠭᠠᠯ ᠢ ᠪᠠᠲᠤᠯᠠᠵᠤ᠂ 1 | ᠬᠠᠤᠯᠢ ᠴᠠᠭᠠᠵᠠ ᠶᠢᠨ ᠲᠠᠶᠢᠯᠪᠤᠷᠢᠯᠠᠯᠲᠠ ᠭᠢᠪᠡ︔ ᠬᠢᠨᠠᠯᠲᠠ ᠲᠠᠯᠪᠢᠬᠤ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 5 ᠬᠠᠤᠯᠢ ᠶᠢ | ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 23 ᠬᠢᠨᠠᠯᠲᠠ ᠲᠠᠯᠪᠢᠬᠤ ᠠᠵᠢᠯ ᠤᠨ ᠮᠡᠳᠡᠭᠦᠯᠦᠯᠲᠡ ᠶᠢ ᠰᠣᠨᠣᠰᠤᠨ ᠬᠢᠨᠠᠨ ᠵᠥᠪᠯᠡᠵᠦ᠂ ᠲᠤᠰᠬᠠᠢ ᠰᠡᠳᠦᠪᠲᠦ | ᠯᠠᠪᠯᠠᠨ ᠠᠰᠠᠭᠤᠬᠤ ᠠᠵᠢᠯ ᠢ ᠥᠷᠨᠢᠭᠦᠯᠵᠦ᠂ 8 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠭᠢᠪᠡ︔ ᠲᠥᠯᠥᠭᠡᠯᠡᠭᠴᠢᠳ ᠤᠨ ᠠᠵᠢᠯ ᠢ ᠴᠢᠨᠠᠷ | ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ 487 ᠬᠤᠪᠢ ᠲᠥᠯᠥᠭᠡᠯᠡᠭᠴᠢᠳ ᠤᠨ ᠰᠠᠨᠠᠯ ᠵᠥᠪᠯᠡᠯᠭᠡ᠂ 9349 ᠬᠤᠪᠢ ᠰᠠᠨᠠᠭᠤᠯᠭ᠎ᠠ ᠶᠢ ᠰᠢᠢᠳᠪᠦᠷᠢᠯᠡᠵᠦ᠂ | ᠪᠠᠶᠢᠩᠭᠤ ᠶᠢᠨ ᠬᠤᠷᠢᠶ᠎ᠠ᠂ ᠲᠤᠰᠬᠠᠢ ᠵᠥᠪᠯᠡᠯ᠂ ᠠᠵᠢᠯ ᠤᠨ ᠵᠥᠪᠯᠡᠯ ᠤᠨ ᠠᠵᠢᠯ ᠳᠤ ᠨᠡᠶᠢᠳᠡ 100 ᠭᠠᠷᠤᠢ ᠬᠥᠮᠥᠨ ᠤᠳᠠᠭ᠎ᠠ ᠣᠷᠣᠯᠴᠠᠪᠠ︔ ᠭᠠᠳᠠᠭᠠᠳᠤ | ᠶᠠᠪᠤᠳᠠᠯ ᠤᠨ ᠠᠵᠢᠯ ᠢ ᠴᠢᠨᠠᠷ ᠰᠠᠶᠢᠲᠠᠢ ᠰᠠᠶᠢᠲᠤᠷ ᠬᠢᠬᠦ ᠶᠢ ᠪᠠᠷᠢᠮᠲᠠᠯᠠᠵᠤ᠂ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 393 ᠬᠥᠮᠥᠨ ᠤᠳᠠᠭ᠎ᠠ ᠬᠠᠤᠯᠢ | ᠶᠣᠰᠣᠭᠠᠷ ᠲᠣᠮᠢᠯᠠᠵᠤ ᠪᠠᠭᠤᠯᠭᠠᠵᠤ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯ ᠠᠴᠠ ᠲᠣᠭᠲᠠᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃ | ᠯᠢ ᠵᠠᠨ ᠱᠣ᠋ ᠮᠡᠳᠡᠭᠦᠯᠦᠯᠲᠡ ᠳᠡᠭᠡᠨ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠲᠠᠪᠤᠨ ᠵᠢᠯ ᠤᠨ ᠲᠤᠰᠢᠶᠠᠯ ᠤᠨ ᠬᠤᠭᠤᠴᠠᠭ᠎ᠠ ᠨᠢ ᠶᠠᠭ ᠰᠠᠶᠢᠬᠠᠨ ᠨᠠᠮ ᠪᠣᠯᠣᠨ ᠤᠯᠤᠰ ᠤᠨ ᠠᠵᠢᠯ ᠦᠢᠯᠡᠰ ᠤᠨ ᠥᠷᠨᠢᠭᠦᠨ | ᠬᠥᠭᠵᠢᠯᠲᠡ ᠶᠢᠨ ᠠᠭᠤᠤ ᠶᠡᠭᠡ ᠲᠡᠦᠬᠡᠨ ᠬᠤᠪᠢᠰᠤᠯᠲᠠ ᠶᠢᠨ ᠴᠠᠭ ᠦᠶ᠎ᠡ ᠳᠤ ᠲᠣᠬᠢᠶᠠᠪᠠ᠃ ᠪᠠᠶᠢᠩᠭᠤ ᠶᠢᠨ ᠬᠤᠷᠢᠶ᠎ᠠ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠮᠠᠭᠲᠠ ᠨᠠᠮ ᠤᠨ ᠲᠥᠪ ᠬᠤᠷᠢᠶ᠎ᠠ ᠶᠢᠨ ᠡᠷᠬᠡ ᠰᠦᠷ ᠪᠣᠯᠣᠨ ᠲᠥᠪᠯᠡᠷᠡᠩᠭᠦᠢ ᠨᠢᠭᠡᠳᠦᠯᠲᠡᠢ | ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠶᠢ ᠡᠷᠡᠰ ᠲᠤᠭᠤᠰᠢᠯᠠᠭᠤᠯᠵᠤ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠴᠢᠭᠯᠡᠯ ᠢ ᠪᠠᠲᠤ ᠡᠵᠡᠮᠳᠡᠵᠦ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠴᠢᠩᠭ᠎ᠠ ᠳᠠᠭᠠᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠨᠢᠭᠲᠠ | ᠤᠶᠠᠯᠳᠤᠭᠤᠯᠵᠤ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠲᠠᠢ ᠨᠢᠭᠲᠠ | ᠤᠶᠠᠯᠳᠤᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠦᠭᠦ ᠲᠥᠯᠥᠭᠡᠯᠡᠭᠴᠢ ᠳᠤ | ᠴᠢᠩᠭ᠎ᠠ ᠲᠦᠰᠢᠭᠯᠡᠵᠦ᠂ ᠬᠠᠤᠯᠢ ᠲᠣᠭᠲᠠᠭᠠᠬᠤ ᠡᠷᠬᠡ᠂ ᠬᠢᠨᠠᠯᠲᠠ ᠲᠠᠯᠪᠢᠬᠤ ᠡᠷᠬᠡ᠂ ᠲᠣᠭᠲᠠᠭᠠᠬᠤ ᠡᠷᠬᠡ᠂ ᠲᠣᠮᠢᠯᠠᠵᠤ ᠪᠠᠭᠤᠯᠭᠠᠬᠤ ᠡᠷᠬᠡ ᠪᠠᠨ ᠬᠠᠤᠯᠢ ᠶᠣᠰᠣᠭᠠᠷ | ᠬᠡᠷᠡᠭᠵᠢᠭᠦᠯᠵᠦ᠂ ᠨᠠᠮ ᠪᠠ ᠠᠷᠠᠳ ᠲᠦᠮᠡᠨ ᠠᠴᠠ ᠣᠯᠭᠤᠭᠰᠠᠨ ᠢᠷᠠᠭᠤ ᠠᠯᠳᠠᠷᠲᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠨᠠᠮ ᠤᠨ ᠲᠥᠪ | ᠬᠤᠷᠢᠶ᠎ᠠ ᠶᠢᠨ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠶᠢᠬᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠥᠰᠡᠷᠳᠡᠭᠦᠯᠬᠦ ᠦᠭᠡᠢ ᠪᠠᠶᠢᠬᠤ ᠲᠥᠪ ᠴᠢᠩᠭ᠎ᠠ | ᠠᠮᠠᠯᠠᠯᠲᠠ ᠪᠠᠨ ᠴᠢᠷᠮᠠᠶᠢᠨ ᠪᠡᠶᠡᠯᠡᠭᠦᠯᠵᠡᠢ ᠭᠡᠪᠡ᠃ | ᠯᠢ ᠵᠠᠨ ᠱᠤ᠋ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ᠂ ᠦᠨᠳᠦᠰᠦᠨ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠠᠲᠤᠯᠠᠵᠤ᠂ 47 ᠬᠠᠤᠯᠢ | ᠲᠣᠭᠲᠠᠭᠠᠵᠤ᠂ 111 ᠬᠠᠤᠯᠢ ᠳᠤ ᠵᠠᠰᠠᠪᠤᠷᠢ ᠣᠷᠣᠭᠤᠯᠵᠤ᠂ ᠬᠠᠤᠯᠢ ᠴᠠᠭᠠᠵᠠ ᠶᠢᠨ ᠲᠠᠶᠢᠯᠪᠤᠷᠢᠯᠠᠯᠲᠠ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠠᠰᠠᠭᠤᠳᠠᠯ | ᠪᠣᠯᠣᠨ ᠴᠢᠬᠤᠯᠠ ᠶᠡᠭᠡ ᠠᠰᠠᠭᠤᠳᠠᠯ ᠤᠨ ᠲᠣᠭᠲᠠᠭᠠᠯ ᠰᠢᠢᠳᠪᠦᠷᠢ ᠶᠢ 53 ᠭᠠᠷᠭᠠᠵᠤ᠂ ᠨᠢᠭᠡᠨᠲᠡ ᠬᠢᠨᠠᠨ ᠵᠥᠪᠯᠡᠭᠡᠳ ᠬᠠᠷᠠᠬᠠᠨ ᠪᠠᠲᠤᠯᠠᠭᠠᠳᠤᠢ ᠬᠠᠤᠯᠢ ᠶᠢᠨ | ᠲᠥᠰᠥᠯ᠂ ᠲᠣᠭᠲᠠᠭᠠᠯ ᠤᠨ ᠲᠥᠰᠥᠯ 19 ᠬᠤᠪᠢ ᠪᠠᠶᠢᠨ᠎ᠠ︔ 182 ᠬᠢᠨᠠᠯᠲᠠ ᠲᠠᠯᠪᠢᠬᠤ ᠠᠵᠢᠯ ᠤᠨ ᠮᠡᠳᠡᠭᠦᠯᠦᠯᠲᠡ ᠪᠠ ᠪᠤᠰᠤᠳ ᠮᠡᠳᠡᠭᠦᠯᠦᠯᠲᠡ ᠶᠢ | ᠰᠣᠨᠣᠰᠤᠨ ᠬᠢᠨᠠᠨ ᠵᠥᠪᠯᠡᠵᠦ᠂ 30 ᠬᠠᠤᠯᠢ ᠪᠠ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠵᠤ᠂ 11 ᠤᠳᠠᠭ᠎ᠠ ᠲᠤᠰᠬᠠᠢ ᠰᠡᠳᠦᠪᠲᠦ ᠯᠠᠪᠯᠠᠨ | ᠠᠰᠠᠭᠤᠬᠤ ᠠᠵᠢᠯ᠂ 33 ᠵᠦᠢᠯ ᠤᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠥᠷᠨᠢᠭᠦᠯᠪᠡ︔ ᠲᠥᠯᠥᠭᠡᠯᠡᠭᠴᠢ ᠶᠢᠨ 2282 ᠬᠤᠪᠢ ᠰᠠᠨᠠᠯ ᠵᠥᠪᠯᠡᠯᠭᠡ᠂ | ᠲᠥᠯᠥᠭᠡᠯᠡᠭᠴᠢ ᠶᠢᠨ 43750 ᠬᠤᠪᠢ ᠰᠠᠨᠠᠭᠤᠯᠭ᠎ᠠ ᠶᠢ ᠪᠦᠭᠦᠨ ᠢ ᠰᠢᠢᠳᠪᠦᠷᠢᠯᠡᠨ ᠳᠠᠭᠤᠰᠬᠠᠵᠤ᠂ ᠲᠥᠯᠥᠭᠡᠯᠡᠭᠴᠢᠳ ᠤᠨ ᠰᠠᠨᠠᠯ ᠵᠥᠪᠯᠡᠯᠭᠡ ᠰᠠᠨᠠᠭᠤᠯᠭ᠎ᠠ ᠶᠢ | ᠰᠢᠢᠳᠪᠦᠷᠢᠯᠡᠭᠰᠡᠨ ᠠᠵᠢᠯ ᠤᠨ ᠲᠤᠬᠠᠢ ᠬᠠᠨᠤᠮᠵᠢ ᠶᠢᠨ ᠬᠡᠮᠵᠢᠶ᠎ᠡ 98% ᠳᠤ ᠭᠦᠷᠪᠡ︔ 36 ᠭᠡᠷ᠎ᠡ ᠪᠣᠯᠣᠨ ᠴᠢᠬᠤᠯᠠ ᠬᠡᠯᠡᠯᠴᠡᠭᠡᠷ ᠢ ᠵᠥᠪᠰᠢᠶᠡᠷᠡᠬᠦ ᠪᠠᠷ | ᠲᠣᠭᠲᠠᠭᠰᠠᠨ ᠪᠤᠶᠤ ᠲᠡᠭᠦᠨ ᠳᠤ ᠤᠷᠤᠯᠴᠠᠪᠠ︔ ᠲᠦᠷᠦ ᠶᠢᠨ ᠪᠠᠶᠢᠭᠤᠯᠭ᠎ᠠ ᠶᠢᠨ ᠠᠵᠢᠯᠲᠠᠨ ᠢ 1515 ᠬᠥᠮᠥᠨ ᠤᠳᠠᠭ᠎ᠠ ᠬᠠᠤᠯᠢ ᠶᠣᠰᠣᠭᠠᠷ ᠲᠣᠮᠢᠯᠠᠵᠤ | ᠪᠠᠭᠤᠯᠭᠠᠪᠠ᠃ ᠭᠤᠣᠯᠳᠠᠭᠤ ᠳᠣᠣᠷᠠᠬᠢ ᠠᠵᠢᠯ ᠤᠳ ᠢ ᠥᠷᠨᠢᠭᠦᠯᠪᠡ᠄ ᠨᠢᠭᠡ ᠳᠤ ᠦᠨᠳᠦᠰᠦᠨ ᠬᠠᠤᠯᠢ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠬᠡᠷᠡᠭᠵᠢᠭᠦᠯᠵᠦ᠂ | ᠦᠨᠳᠦᠰᠦᠨ ᠬᠠᠤᠯᠢ ᠶᠢᠨ ᠡᠷᠬᠡ ᠰᠦᠷ ᠪᠠ ᠨᠡᠷ᠎ᠡ ᠬᠦᠨᠳᠦ ᠶᠢ ᠬᠠᠮᠠᠭᠠᠯᠠᠪᠠ︔ ᠬᠤᠶᠠᠷ ᠲᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ | ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠰᠠᠶᠢᠨ ᠬᠠᠤᠯᠢ ᠪᠠᠷ ᠬᠥᠭᠵᠢᠯᠲᠡ ᠶᠢ ᠠᠬᠢᠭᠤᠯᠵᠤ᠂ ᠴᠢᠳᠠᠮᠠᠭᠠᠢ ᠵᠠᠰᠠᠯᠲᠠ ᠶᠢ ᠪᠠᠲᠤᠯᠠᠵᠠᠢ︔ ᠭᠤᠷᠪᠠ ᠳᠤ | ᠦᠨᠳᠦᠰᠦᠨ ᠬᠠᠤᠯᠢ ᠠᠴᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠯᠭᠤᠭᠰᠠᠨ ᠬᠢᠨᠠᠯᠲᠠ ᠲᠠᠯᠪᠢᠬᠤ ᠡᠷᠬᠡ ᠶᠢ ᠰᠠᠶᠢᠲᠤᠷ ᠬᠡᠷᠡᠭᠯᠡᠵᠦ᠂ ᠵᠥᠪ ᠢᠶᠠᠷ | ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠶᠢ ᠭᠡᠷᠡᠭᠵᠢᠭᠦᠯᠵᠠᠢ︔ ᠳᠥᠷᠪᠡ ᠳᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠵᠤ᠂ ᠠᠷᠠᠳ ᠲᠦᠮᠡᠨ ᠬᠦᠰᠡᠯ ᠱᠠᠭᠠᠷᠳᠠᠯᠭ᠎ᠠ ᠪᠠᠶᠢᠪᠠᠯ ᠬᠠᠷᠢᠭᠤ ᠦᠭᠭᠦ ᠶᠢ | ᠪᠡᠶᠡᠯᠡᠭᠦᠯᠪᠡ︔ ᠲᠠᠪᠤ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠨᠠᠮ ᠪᠠ | ᠤᠯᠤᠰ ᠤᠨ ᠭᠠᠳᠠᠭᠠᠳᠤ ᠬᠠᠷᠢᠯᠴᠠᠭ᠎ᠠ ᠶᠢᠨ ᠶᠡᠭᠡ ᠲᠠᠯ᠎ᠠ ᠳᠤ ᠦᠢᠯᠡᠴᠢᠯᠡᠪᠡ︔ ᠵᠢᠷᠭᠤᠭ᠎ᠠ ᠳᠤ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ | ᠵᠢᠯᠣᠭᠤᠳᠤᠭᠤᠯᠵᠤ᠂ ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠪᠠᠨ ᠦᠨᠡᠨ ᠬᠦ ᠴᠢᠩᠭᠠᠳᠬᠠᠪᠠ ᠭᠡᠪᠡ᠃ | ᠯᠢ ᠵᠠᠨ ᠱᠤ᠋ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠦᠢᠯᠡᠳᠦᠯᠭᠡ ᠳᠤ ᠮᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠤᠨ | ᠰᠢᠨᠵᠢᠯᠡᠬᠦ ᠤᠬᠠᠭᠠᠨᠴᠢ ᠠᠭᠤᠯᠬᠤᠨ᠂ ᠦᠨᠳᠦᠰᠦᠨ ᠣᠨᠴᠠᠯᠢᠭ ᠪᠣᠯᠣᠨ ᠮᠥᠨ ᠴᠢᠨᠠᠷ ᠤᠨ ᠱᠠᠭᠠᠷᠳᠠᠯᠭ᠎ᠠ ᠶᠢᠨ ᠲᠤᠬᠠᠢ ᠲᠠᠨᠢᠯᠲᠠ ᠶᠢ ᠤᠯᠠᠮ ᠭᠦᠨᠵᠡᠭᠡᠶᠢᠷᠡᠭᠦᠯᠵᠡᠢ᠂ | ᠡᠨᠡ ᠨᠢ ᠳᠠᠷᠤᠢ᠄ ᠡᠷᠬᠡᠪᠰᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠡᠷᠬᠡᠪᠰᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠠᠷᠢᠮᠲᠠᠯᠠᠵᠤ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠤᠯᠤᠰ ᠲᠦᠷᠦ ᠶᠢᠨ ᠬᠥᠭᠵᠢᠯᠲᠡ ᠶᠢᠨ ᠵᠠᠮ ᠢ ᠪᠠᠷᠢᠮᠲᠠᠯᠠᠵᠤ᠂ ᠡᠷᠬᠡᠪᠰᠢ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ | ᠣᠶᠢᠯᠠᠭᠠᠭᠳᠠᠬᠤᠨ ᠢ ᠪᠠᠷᠢᠮᠲᠠᠯᠠᠵᠤ᠂ ᠡᠷᠬᠡᠪᠰᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠵᠤ᠂ ᠡᠷᠬᠡᠪᠰᠢ ᠦᠨᠳᠦᠰᠦᠨ | ᠬᠠᠤᠯᠢ ᠳᠤ ᠲᠣᠭᠲᠠᠭᠠᠭᠰᠠᠨ ᠤᠯᠤᠰ ᠤᠨ ᠦᠨᠳᠦᠰᠦᠨ ᠡᠭᠦᠷᠭᠡ᠂ ᠬᠥᠭᠵᠢᠯᠲᠡ ᠶᠢᠨ ᠵᠠᠮ᠂ ᠲᠡᠮᠡᠴᠡᠬᠦ ᠬᠠᠷᠠᠯᠲᠠ ᠶᠢ ᠪᠠᠷᠢᠮᠲᠠᠯᠠᠬᠤ ᠬᠡᠷᠡᠭᠲᠡᠢ ᠶᠠᠪᠤᠳᠠᠯ ᠪᠣᠯᠣᠨ᠎ᠠ | ᠭᠡᠵᠡᠢ᠃ | ᠬᠤᠶᠢᠰᠢᠳᠠ ᠶᠢᠨ ᠨᠢᠭᠡ ᠵᠢᠯ ᠤᠨ ᠠᠵᠢᠯ ᠤᠨ ᠲᠤᠬᠠᠢ ᠰᠠᠨᠠᠭᠤᠯᠭ᠎ᠠ ᠳᠠᠭᠠᠨ ᠯᠢ ᠵᠠᠨ ᠱᠤ᠋᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠭᠢᠯᠡᠯᠲᠡ ᠶᠢᠨ ᠵᠢᠯ ᠪᠣᠯᠣᠨ᠎ᠠ᠂ ᠪᠠᠶᠢᠩᠭᠤ ᠶᠢᠨ ᠬᠤᠷᠢᠶ᠎ᠠ ᠶᠢᠨ ᠠᠵᠢᠯ ᠪᠣᠯ | ᠨᠢᠭᠡ ᠳᠤ ᠦᠨᠳᠦᠰᠦᠨ ᠬᠠᠤᠯᠢ ᠶᠢ ᠬᠡᠷᠡᠭᠵᠢᠭᠦᠯᠬᠦ ᠪᠠ ᠬᠠᠤᠯᠢ ᠲᠣᠭᠲᠠᠭᠠᠬᠤ ᠠᠵᠢᠯ ᠢ ᠰᠠᠶᠢᠲᠤᠷ ᠭᠢᠨ᠎ᠠ︔ ᠬᠤᠶᠠᠷ ᠲᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠢᠨᠠᠯᠲᠠ ᠲᠠᠯᠪᠢᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠴᠢᠩᠭᠠᠳᠬᠠᠨ᠎ᠠ︔ ᠭᠤᠷᠪᠠ ᠳᠤ ᠲᠥᠯᠥᠭᠡᠯᠡᠭᠴᠢ ᠶᠢᠨ ᠠᠵᠢᠯ ᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠠ︔ ᠳᠥᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠠᠳᠠᠭᠠᠳᠤ ᠬᠠᠷᠢᠯᠴᠠᠭ᠎ᠠ ᠶᠢ ᠰᠠᠶᠢᠲᠤᠷ ᠭᠢᠨ᠎ᠠ︔ ᠲᠠᠪᠤ ᠳᠤ | ᠪᠠᠶᠢᠩᠭᠤ ᠶᠢᠨ ᠬᠤᠷᠢᠶ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠵᠢᠭᠠᠵᠤ ᠭᠠᠷᠭᠠᠪᠠ᠃ | ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠳᠠᠷᠤᠭ᠎ᠠ ᠵᠧᠦ ᠴᠢᠶᠠᠩ ᠠᠷᠠᠳ ᠤᠨ ᠳᠡᠭᠡᠳᠦ ᠰᠢᠭᠦᠭᠦ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠳᠡᠭᠡᠨ᠂ | 2022 ᠣᠨ ᠳᠤ᠂ ᠪᠦᠭᠦ ᠤᠯᠤᠰ ᠤᠨ ᠰᠢᠭᠦᠭᠦ ᠬᠤᠷᠢᠶ᠎ᠠ ᠶᠢᠨ ᠡᠯ᠎ᠡ ᠵᠦᠢᠯ ᠤᠨ ᠠᠵᠢᠯ ᠲᠣᠭᠲᠠᠭᠤᠨ ᠤ ᠳᠤᠮᠳᠠ ᠠᠬᠢᠵᠠᠢ᠃ ᠠᠷᠠᠳ ᠤᠨ ᠳᠡᠭᠡᠳᠦ ᠰᠢᠭᠦᠭᠦ | ᠬᠤᠷᠢᠶ᠎ᠠ 18547 ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ 13785 ᠬᠡᠷᠡᠭ ᠢ ᠰᠢᠭᠦᠨ ᠳᠠᠭᠤᠰᠬᠠᠪᠠ︔ ᠣᠷᠣᠨ ᠨᠤᠲᠤᠭ ᠤᠨ ᠡᠯ᠎ᠡ ᠱᠠᠲᠤᠨ ᠤ | ᠠᠷᠠᠳ ᠤᠨ ᠰᠢᠭᠦᠭᠦ ᠬᠤᠷᠢᠶ᠎ᠠ ᠪᠠ ᠠᠷᠠᠳ ᠤᠨ ᠲᠤᠰᠬᠠᠢ ᠰᠢᠭᠦᠭᠦ ᠬᠤᠷᠢᠶ᠎ᠠ 3370.4 ᠲᠦᠮᠡᠨ ᠬᠡᠷᠡᠭ ᠢ ᠭᠥᠯᠢᠶᠡᠨ ᠠᠪᠴᠤ ᠰᠢᠢᠳᠪᠦᠷᠢᠯᠡᠵᠦ᠂ 3081 | ᠲᠦᠮᠡᠨ ᠬᠡᠷᠡᠭ ᠢ ᠰᠢᠭᠦᠵᠦ ᠳᠠᠭᠤᠰᠬᠠᠭᠰᠠᠨ ᠪᠠ ᠭᠦᠢᠴᠡᠳᠬᠡᠵᠦ ᠳᠠᠭᠤᠰᠬᠠᠨ᠂ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ ᠬᠠᠷᠠᠯᠲᠠ ᠶᠢᠨ ᠬᠡᠮᠵᠢᠶ᠎ᠡ 9.9 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠡᠢ ᠭᠡᠵᠦ ᠵᠢᠭᠠᠵᠤ ᠭᠠᠷᠭᠠᠪᠠ᠃ | ᠵᠧᠦ ᠴᠢᠶᠠᠩ ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ᠂ ᠠᠷᠠᠳ ᠤᠨ ᠳᠡᠭᠡᠳᠦ ᠰᠢᠭᠦᠭᠦ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠤᠳᠠᠭ᠎ᠠ ᠪᠦᠷᠢ ᠶᠢᠨ ᠪᠦᠭᠦᠳᠠ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠲᠤᠰᠢᠶᠠᠯ | ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠠᠷᠠᠳ ᠤᠨ ᠰᠢᠭᠦᠭᠦ ᠬᠤᠷᠢᠶ᠎ᠠ ᠶᠢᠨ ᠠᠵᠢᠯ ᠤᠨ ᠰᠢᠨ᠎ᠡ ᠬᠤᠪᠢᠰᠤᠯᠲᠠ ᠰᠢᠨ᠎ᠡ ᠬᠥᠭᠵᠢᠯᠲᠡ ᠶᠢ ᠠᠬᠢᠭᠤᠯᠪᠠ᠃ | ᠨᠢᠭᠡ ᠳᠤ ᠤᠯᠤᠰ ᠤᠨ ᠠᠮᠤᠷ ᠲᠦᠪᠰᠢᠨ᠂ ᠨᠡᠶᠢᠭᠡᠮ ᠤᠨ ᠠᠮᠤᠷ ᠲᠣᠭᠲᠠᠭᠤᠨ᠂ ᠠᠷᠠᠳ ᠲᠦᠮᠡᠨ ᠤ ᠠᠮᠤᠷ ᠠᠮᠤᠭᠤᠯᠠᠩ ᠢ ᠡᠷᠡᠰ ᠬᠠᠮᠠᠭᠠᠯᠠᠪᠠ︔ ᠬᠤᠶᠠᠷ ᠲᠤ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠠᠤᠯᠢ ᠶᠣᠰᠣᠭᠠᠷ ᠦᠢᠯᠡᠴᠢᠯᠡᠪᠠ︔ ᠭᠤᠷᠪᠠ ᠳᠤ | ᠳᠤᠮᠳᠠᠳᠤ ᠤᠯᠤᠰ ᠤᠨ ᠣᠨᠴᠠᠯᠢᠭ ᠲᠠᠢ ᠠᠷᠠᠳ ᠤᠨ ᠲᠥᠯᠥᠭᠡ ᠬᠠᠤᠯᠢ ᠪᠠᠷᠢᠬᠤ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠪᠠ︔ ᠳᠥᠷᠪᠡ ᠳᠤ ᠨᠡᠶᠢᠭᠡᠮ ᠤᠨ | ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠬᠠᠮᠤᠭ ᠤᠨ ᠡᠴᠦᠰ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠰᠠᠭᠢᠵᠠᠢ︔ ᠲᠠᠪᠤ ᠳᠤ ᠬᠠᠤᠯᠢ ᠴᠠᠭᠠᠵᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠪᠠ ᠣᠶᠤᠨᠴᠢ ᠰᠢᠭᠦᠭᠦ ᠬᠤᠷᠢᠶ᠎ᠠ ᠶᠢᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠤᠯᠪᠠ︔ ᠵᠢᠷᠭᠤᠭ᠎ᠠ ᠳᠤ ᠦᠨᠡᠨᠴᠢ | ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠭᠦᠭᠦ ᠬᠤᠷᠢᠶ᠎ᠠ ᠶᠢᠨ ᠲᠡᠮᠦᠷ ᠴᠡᠷᠢᠭ ᠢ ᠳᠠᠪᠲᠠᠨ ᠪᠣᠯᠪᠠᠰᠤᠷᠠᠭᠤᠯᠵᠠᠢ ᠭᠡᠵᠦ ᠢᠯᠡᠳᠬᠡᠪᠡ᠃ | ᠮᠡᠳᠡᠭᠦᠯᠦᠯᠲᠡ ᠳᠤ᠂ ᠵᠧᠦ ᠴᠢᠶᠠᠩ 5 ᠲᠠᠯ᠎ᠠ ᠠᠴᠠ 2023 ᠣᠨ ᠤ ᠠᠵᠢᠯ ᠳᠤ ᠰᠠᠨᠠᠭᠤᠯᠭ᠎ᠠ ᠳᠤᠷᠠᠳᠪᠠ᠄ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠵᠠᠮ ᠢᠶᠠᠷ ᠭᠤᠶᠢᠪᠢᠰᠢ ᠦᠭᠡᠢ ᠵᠠᠮᠨᠠᠬᠤ | ᠭᠡᠷᠡᠭᠲᠡᠢ︔ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠥᠨᠳᠥᠷ ᠲᠦᠪᠰᠢᠨ ᠪᠦᠬᠦᠢ ᠠᠮᠤᠷ ᠲᠦᠪᠰᠢᠨ ᠪᠠ ᠴᠢᠨᠠᠷ | ᠰᠠᠶᠢᠲᠠᠢ ᠬᠥᠭᠵᠢᠯᠲᠡ ᠳᠤ ᠬᠠᠤᠯᠢ ᠶᠣᠰᠣᠭᠠᠷ ᠦᠢᠯᠡᠴᠢᠯᠡᠬᠦ ᠭᠡᠷᠡᠭᠳᠠᠢ︔ ᠠᠷᠠᠳ ᠲᠦᠮᠡᠨ ᠢᠶᠠᠷ ᠭᠤᠣᠯ ᠪᠤᠯᠭᠠᠬᠤ ᠶᠢ ᠪᠠᠷᠢᠮᠲᠠᠯᠠᠵᠤ᠂ ᠠᠷᠠᠳ ᠤᠨ ᠲᠥᠯᠥᠭᠡ | ᠬᠠᠤᠯᠢ ᠪᠠᠷᠢᠬᠤ᠂ ᠲᠥᠪ ᠭᠤᠣᠯᠴᠢ ᠪᠠᠷ ᠬᠠᠤᠯᠢ ᠪᠠᠷᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠭᠡᠷᠡᠭᠳᠠᠢ︔ ᠬᠠᠤᠯᠢ ᠴᠠᠭᠠᠵᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠭᠦᠨ ᠲᠠᠰᠤᠯᠬᠤ ᠰᠢᠰᠲ᠋ᠧᠮ ᠪᠠ ᠰᠢᠭᠦᠨ ᠲᠠᠰᠤᠯᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠷᠭᠡᠪᠴᠢᠯᠡᠨ | ᠠᠬᠢᠭᠤᠯᠬᠤ ᠭᠡᠷᠡᠭᠳᠠᠢ︔ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠰᠢᠭᠦᠭᠦ ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠰᠢᠭᠦᠭᠦ ᠬᠤᠷᠢᠶ᠎ᠠ ᠶᠢᠨ ᠡᠩᠨᠡᠭᠡ | ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ | ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠵᠠᠩ ᠵᠢᠶᠦ᠋ᠨ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠳᠡᠭᠡᠨ᠂ ᠲᠠᠪᠤᠨ ᠵᠢᠯ ᠤᠨ ᠲᠤᠷᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠦᠴᠦᠲᠡᠢ | ᠬᠢᠨᠠᠯᠲᠠ ᠶᠢᠨ ᠳᠣᠣᠷ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠡᠷᠡᠭᠦᠦ ᠶᠢᠨ ᠬᠡᠷᠡᠭ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ ᠠᠰᠠᠷᠠᠮᠵᠢ ᠶᠢᠨ | ᠵᠠᠷᠭᠤ ᠵᠡᠷᠭᠡ ︽ᠲᠦᠷᠪᠡᠨ ᠶᠡᠭᠡ ᠪᠠᠶᠢᠴᠠᠭᠠᠬᠤ ᠠᠵᠢᠯ︾ ᠤᠨ ᠰᠢᠨ᠎ᠡ ᠪᠠᠶᠢᠷᠢᠰᠢᠯ ᠢ ᠰᠢᠨ᠎ᠡ ᠪᠠᠷ ᠡᠭᠦᠳᠦᠨ ᠪᠠᠶᠢᠭᠤᠯᠵᠤ᠂ ᠠᠷᠠᠳ ᠲᠦᠮᠡᠨ ᠢ ᠳᠡᠭᠡᠳᠦᠯᠡᠬᠦ ᠶᠢ | ᠦᠢᠯᠡᠳᠦᠯᠭᠡᠵᠢᠭᠦᠯᠦᠨ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠲᠤᠰᠢᠶᠠᠯ ᠬᠠᠷᠢᠭᠤᠴᠠᠯᠭ᠎ᠠ ᠪᠠᠨ | ᠴᠢᠳᠠᠮᠠᠭᠠᠢ ᠪᠠᠷ ᠭᠦᠢᠴᠡᠳᠬᠡᠵᠦ᠂ ᠠᠷᠠᠳ ᠤᠨ ᠪᠠᠶᠢᠴᠠᠭᠠᠬᠤ ᠠᠵᠢᠯ ᠦᠢᠯᠡᠰ ᠰᠢᠨ᠎ᠡ ᠲᠠᠪᠠᠯᠳᠠᠳᠤ ᠬᠥᠭᠵᠢᠯᠲᠡ ᠶᠢ ᠪᠡᠶᠡᠯᠡᠭᠦᠯᠪᠡ᠃ 2018 ᠣᠨ ᠠᠴᠠ 2022 | ᠣᠨ ᠪᠤᠯᠲᠠᠯ᠎ᠠ᠂ ᠪᠦᠭᠦ ᠤᠯᠤᠰ ᠤᠨ ᠪᠠᠶᠢᠴᠠᠭᠠᠬᠤ ᠪᠠᠶᠢᠭᠤᠯᠭ᠎ᠠ ᠡᠯ᠎ᠡ ᠲᠦᠷᠦᠯ ᠤᠨ ᠬᠡᠷᠡᠭ ᠢ ᠨᠡᠶᠢᠳᠡ 1733.6 ᠲᠦᠮᠡᠨ ᠬᠤᠪᠢ ᠰᠢᠢᠳᠪᠦᠷᠢᠯᠡᠵᠦ᠂ ᠲᠦᠷᠦᠭᠦᠦ | ᠲᠠᠪᠤᠨ ᠵᠢᠯ ᠤᠨ ᠬᠢ ᠠᠴᠠ 40% ᠪᠠᠷ ᠨᠡᠮᠡᠭᠳᠡᠪᠡ᠃ 2018 ᠣᠨ ᠤ ᠬᠢ ᠲᠠᠢ ᠬᠠᠷᠢᠴᠠᠭᠤᠯᠪᠠᠯ᠂ 2022 ᠣᠨ ᠳᠤ ᠭᠥᠯᠢᠶᠡᠨ ᠠᠪᠤᠭᠰᠠᠨ ᠬᠢᠨᠠᠨ | ᠪᠠᠶᠢᠴᠠᠭᠠᠵᠤ ᠵᠠᠭᠠᠯᠳᠤᠬᠤ ᠬᠡᠷᠡᠭ 2.8% ᠪᠠᠷ ᠨᠡᠮᠡᠭᠳᠡᠵᠦ᠂ ᠢᠷᠭᠡᠨ ᠤ ᠬᠡᠷᠡᠭ᠂ ᠵᠠᠰᠠᠭ ᠵᠠᠬᠢᠷᠭ᠎ᠠ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠬᠡᠷᠡᠭ ᠢ | ᠰᠢᠢᠳᠪᠦᠷᠢᠯᠡᠭᠰᠡᠨ ᠬᠡᠮᠵᠢᠶ᠎ᠡ ᠲᠤᠰ ᠲᠤᠰ 1.5 ᠲᠠᠭᠢᠨ᠂ 3.3 ᠲᠠᠭᠢᠨ ᠪᠠ 72.6% ᠪᠠᠷ ᠨᠡᠮᠡᠭᠳᠡᠪᠡ ᠭᠡᠵᠦ ᠵᠢᠭᠠᠵᠤ ᠭᠠᠷᠭᠠᠪᠠ᠃ | ᠮᠡᠳᠡᠭᠦᠯᠦᠯᠲᠡ ᠳᠤ᠂ ᠵᠠᠩ ᠵᠢᠶᠦ᠋ᠨ ᠥᠩᠭᠡᠷᠡᠭᠰᠡᠨ ᠲᠠᠪᠤᠨ ᠵᠢᠯ ᠤᠨ ᠠᠵᠢᠯ ᠢ 6 ᠲᠠᠯ᠎ᠠ ᠪᠠᠷ ᠡᠷᠭᠢᠴᠡᠭᠦᠯᠪᠡ᠄ ᠨᠢᠭᠡ ᠳᠤ᠂ ᠠᠮᠤᠷ ᠲᠦᠪᠰᠢᠨ ᠲᠣᠭᠲᠠᠭᠤᠨ ᠢ | ᠬᠠᠮᠠᠭᠠᠯᠠᠵᠤ᠂ ᠴᠢᠳᠠᠮᠠᠭᠠᠢ ᠪᠠᠶᠢᠴᠠᠭᠠᠬᠤ ᠪᠠᠷ ᠳᠤᠮᠳᠠᠳᠤ ᠤᠯᠤᠰ ᠤᠨ ᠵᠠᠰᠠᠯᠲᠠ ᠳᠤ ᠬᠦᠴᠦᠨ ᠨᠡᠮᠡᠷᠢᠯᠡᠪᠡ︔ ᠬᠤᠶᠠᠷ ᠲᠤ᠂ ᠶᠡᠭᠡ ᠲᠠᠯ᠎ᠠ ᠳᠤ ᠦᠢᠯᠡᠴᠢᠯᠡᠬᠦ ᠳᠤ | ᠠᠩᠬᠠᠷᠤᠯ ᠢᠶᠠᠨ ᠲᠥᠪᠯᠡᠷᠡᠭᠦᠯᠵᠦ᠂ ᠴᠢᠳᠠᠮᠠᠭᠠᠢ ᠪᠠᠶᠢᠴᠠᠭᠠᠬᠤ ᠪᠠᠷ ᠴᠢᠨᠠᠷ ᠰᠠᠶᠢᠲᠠᠢ ᠬᠥᠭᠵᠢᠯᠲᠡ ᠶᠢ ᠠᠭᠢᠭᠤᠯᠪᠠ︔ ᠭᠤᠷᠪᠠ ᠳᠤ᠂ ᠠᠷᠠᠳ ᠤᠨ ᠲᠥᠯᠥᠭᠡ ᠬᠠᠤᠯᠢ | ᠪᠠᠷᠢᠬᠤ ᠶᠢ ᠪᠠᠷᠢᠮᠲᠠᠯᠠᠵᠤ᠂ ᠴᠢᠳᠠᠮᠠᠭᠠᠢ ᠪᠠᠶᠢᠴᠠᠭᠠᠬᠤ ᠪᠠᠷ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠪᠠᠲᠤᠯᠠᠪᠠ︔ ᠳᠥᠷᠪᠡ ᠳᠤ᠂ ᠵᠠᠷᠭᠤ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠴᠢᠳᠠᠮᠠᠭᠠᠢ ᠪᠠᠶᠢᠴᠠᠭᠠᠬᠤ ᠪᠠᠷ ᠬᠠᠤᠯᠢ ᠴᠠᠭᠠᠵᠠ ᠶᠢᠨ ᠲᠥᠪ ᠭᠤᠣᠯᠴᠢ ᠶᠢ ᠬᠠᠮᠠᠭᠠᠯᠠᠪᠠ︔ ᠲᠠᠪᠤ ᠳᠤ᠂ ᠨᠡᠶᠢᠲᠡ ᠶᠢᠨ | ᠠᠰᠠᠷᠠᠮᠵᠢ ᠶᠢᠨ ᠵᠠᠷᠭᠤ ᠶᠢ ᠥᠷᠭᠡᠳᠬᠡᠵᠦ᠂ ᠴᠢᠳᠠᠮᠠᠭᠠᠢ ᠪᠠᠶᠢᠴᠠᠭᠠᠬᠤ ᠪᠠᠷ ᠤᠯᠠᠨ ᠨᠡᠶᠢᠲᠡ ᠶᠢᠨ ᠠᠰᠢᠭ ᠲᠤᠰᠠ ᠶᠢ ᠬᠠᠮᠠᠭᠠᠯᠠᠪᠠ︔ ᠵᠢᠷᠭᠤᠭ᠎ᠠ ᠳᠤ᠂ ᠪᠠᠶᠢᠴᠠᠭᠠᠬᠤ | ᠬᠤᠷᠢᠶ᠎ᠠ ᠶᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠴᠢᠳᠠᠮᠠᠭᠠᠢ ᠪᠠᠶᠢᠴᠠᠭᠠᠬᠤ ᠪᠠᠷ ᠰᠢᠯᠭᠠᠷᠠᠭᠰᠠᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ | ᠵᠠᠩ ᠵᠢᠶᠦ᠋ᠨ ᠮᠡᠳᠡᠭᠦᠯᠦᠯᠲᠡ ᠳᠡᠭᠡᠨ 2023 ᠣᠨ ᠤ ᠠᠵᠢᠯ ᠳᠤ ᠰᠠᠨᠠᠭᠤᠯᠭ᠎ᠠ ᠳᠤᠷᠠᠳᠴᠠᠢ᠄ ᠨᠢᠭᠡ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠭᠡᠷᠡᠭᠳᠡᠢ︔ ᠬᠤᠶᠠᠷ ᠲᠤ᠂ | ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠡᠷᠡᠰ ᠬᠠᠮᠠᠭᠠᠯᠠᠬᠤ ᠭᠡᠷᠡᠭᠳᠡᠢ︔ ᠭᠤᠷᠪᠠ ᠳᠤ᠂ ᠬᠠᠤᠯᠢᠵᠢᠯ ᠤᠨ ᠬᠦᠴᠦᠨ ᠢ ᠭᠦᠢᠴᠡᠳ | ᠬᠡᠷᠡᠭᠯᠡᠵᠦ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠭᠡᠷᠡᠭᠳᠡᠢ︔ ᠳᠥᠷᠪᠡ ᠳᠤ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠴᠢᠳᠠᠪᠤᠷᠢ ᠶᠢ ᠳᠡᠭᠡᠭᠰᠢᠯᠡᠭᠦᠯᠭᠦ | ᠭᠡᠷᠡᠭᠳᠡᠢ︔ ᠲᠠᠪᠤ ᠳᠤ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠶᠡᠷᠦᠩᠬᠡᠶᠢᠯᠡᠭᠰᠡᠨ ᠢᠵᠢ ᠪᠦᠷᠢᠳᠦᠭᠦᠯᠦᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠭᠡᠷᠡᠭᠳᠡᠢ | ︔ ᠵᠢᠷᠭᠤᠭ᠎ᠠ ᠳᠤ᠂ ᠬᠦᠨᠳᠦ ᠡᠭᠦᠷᠭᠡ ᠶᠢ ᠡᠭᠦᠷᠭᠡᠯᠡᠵᠦ ᠲᠡᠶᠢᠯᠭᠦ ᠪᠠᠶᠢᠴᠠᠭᠠᠬᠤ ᠠᠵᠢᠯ ᠤᠨ ᠲᠡᠮᠦᠷ ᠴᠡᠷᠢᠭ ᠢ ᠪᠠᠶᠢᠭᠤᠯᠬᠤ ᠬᠡᠷᠡᠭᠲᠡᠢ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠵᠥᠪᠯᠡᠭᠦᠯᠭᠦ ᠪᠠᠷ ᠳᠡᠪᠰᠢᠭᠦᠯᠦᠭᠰᠡᠨ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠰᠠᠨᠠᠯ ᠵᠥᠪᠯᠡᠯᠭᠡ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ | ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠬᠠᠢ ᠴᠢᠬᠤᠯᠠ | ᠪᠠᠶᠢᠷᠢᠯᠠᠭᠤᠯᠤᠯᠲᠠ ᠬᠢᠪᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠠᠴᠠ ︽ᠨᠠᠮ ᠪᠠ ᠲᠥᠷᠥ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠬᠢᠨᠠᠨ ᠵᠥᠪᠯᠡᠵᠦ ᠪᠠᠲᠤᠯᠠᠭᠠᠳ᠂ ᠲᠡᠭᠦᠨ ᠤ ᠳᠣᠲᠣᠷᠠᠬᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠳᠤ ᠬᠤᠯᠪᠣᠭᠳᠠᠭᠰᠠᠨ ᠠᠭᠤᠯᠭ᠎ᠠ ᠶᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠳᠡᠪᠰᠢᠭᠦᠯᠵᠦ ᠬᠢᠨᠠᠨ ᠵᠦᠪᠯᠡᠭᠦᠯᠭᠦ ᠪᠠᠷ ᠵᠥᠪᠰᠢᠶᠡᠷᠡᠪᠡ᠃ ᠤᠳᠤ ︽ᠨᠠᠮ ᠪᠠ ᠲᠦᠷᠦ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠢ ᠦᠨᠳᠦᠰᠦᠯᠡᠨ ᠪᠦᠷᠢᠯᠳᠦᠭᠦᠯᠦᠭᠰᠡᠨ ︽ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ | ᠥᠭᠡᠷᠡᠴᠢᠯᠡᠯᠲᠡ ᠶᠢᠨ ᠲᠥᠰᠥᠯ︾ ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠩᠬᠠᠳᠤᠭᠠᠷ ᠬᠤᠷᠠᠯ ᠳᠤ ᠬᠢᠨᠠᠨ ᠵᠦᠪᠯᠡᠭᠦᠯᠭᠦ ᠪᠠᠷ ᠳᠡᠪᠰᠢᠭᠦᠯᠪᠡ ᠭᠡᠵᠦ ᠵᠢᠭᠠᠵᠤ ᠭᠠᠷᠭᠠᠪᠠ᠃ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠶᠢᠳᠠᠯᠭ᠎ᠠ ᠪᠠᠷ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ | ᠪᠢᠴᠢᠭ ᠤᠨ ᠳᠠᠷᠤᠭ᠎ᠠ ᠰᠢᠶᠣᠣ ᠵᠢᠶᠧ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠤᠨ ᠲᠤᠬᠠᠢ | ᠲᠣᠳᠣᠷᠬᠠᠶᠢᠯᠠᠯᠲᠠ ᠬᠢᠪᠡ᠃ ᠰᠢᠶᠣᠣ ᠵᠢᠶᠧ ᠲᠣᠳᠣᠷᠬᠠᠶᠢᠯᠠᠯᠲᠠ ᠳᠠᠭᠠᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠨᠢ ᠨᠠᠮ | ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠨᠢᠭᠡᠨ ᠴᠢᠬᠤᠯᠠ ᠡᠭᠦᠷᠭᠡ ᠪᠣᠯᠤᠭᠰᠠᠨ ᠤ ᠬᠤᠪᠢ ᠳᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠳ᠋ᠠᠶᠢᠲ᠋ᠠ ᠶᠢᠨ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠮᠡᠳᠡᠯᠭᠡ ᠶᠢᠨ | ᠥᠮᠴᠢᠯᠡᠯ ᠤᠨ ᠡᠷᠬᠡ᠂ ᠥᠲᠡᠭᠦᠰ ᠤᠨ ᠠᠵᠢᠯ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ | ᠲᠣᠬᠢᠷᠠᠭᠤᠯᠤᠯᠲᠠ ᠬᠢᠵᠦ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢ ᠬᠤᠪᠢᠷᠠᠭᠤᠯᠤᠨ᠂ ᠬᠠᠤᠯᠢᠵᠢᠯ ᠤᠨ ᠵᠠᠰᠠᠭ ᠤᠨ ᠣᠷᠳᠣᠨ ᠢ ᠲᠦᠷᠭᠡᠳᠬᠡᠨ ᠪᠠᠶᠢᠭᠤᠯᠬᠤ | ᠪᠣᠯ ᠭᠤᠣᠯᠳᠠᠯᠭ᠎ᠠ ᠪᠣᠯᠣᠨ᠎ᠠ ᠭᠡᠵᠦ ᠵᠢᠭᠠᠵᠤ ᠭᠠᠷᠭᠠᠪᠠ᠃ | ᠡᠨᠡ ᠤᠳᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠪᠣᠳᠠᠲᠠᠢ ᠠᠭᠤᠯᠭ᠎ᠠ ᠨᠢ ᠳᠣᠣᠷᠠᠬᠢ ᠮᠡᠲᠦ᠄ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ ᠢ ᠳᠠᠭᠢᠨ ᠰᠢᠨ᠎ᠡ ᠪᠠᠷ ᠪᠠᠶᠢᠭᠤᠯᠤᠨ᠎ᠠ︔ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ | ᠶᠡᠷᠦᠩᠬᠡᠢ ᠲᠣᠪᠴᠢᠶ᠎ᠠ ᠶᠢ ᠪᠠᠶᠢᠭᠤᠯᠤᠨ᠎ᠠ︔ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ︔ ᠳᠤᠮᠳᠠᠳᠤ ᠤᠯᠤᠰ ᠤᠨ ᠦᠨᠡᠲᠦ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ︔ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠰᠠᠯᠪᠤᠷᠢ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠭᠢᠭᠤᠯᠤᠨ᠎ᠠ︔ ᠤᠯᠤᠰ ᠤᠨ ᠥᠮᠴᠢᠯᠡᠯ ᠤᠨ ᠮᠥᠩᠭᠦᠨ ᠭᠦᠢᠯᠭᠡᠭᠡᠨ ᠤ ᠬᠥᠷᠥᠩᠭᠡ ᠶᠢᠨ ᠬᠠᠮᠢᠶᠠᠷᠤᠯᠲᠠ ᠶᠢᠨ | ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠠᠵᠢᠯᠲᠠᠨ ᠤ ᠨᠢᠭᠡᠳᠦᠯᠲᠡᠢ ᠵᠢᠷᠤᠮᠵᠢᠬᠰᠠᠨ | ᠬᠠᠮᠢᠶᠠᠷᠤᠯᠲᠠ ᠶᠢ ᠴᠢᠩᠭᠠᠳᠬᠠᠨ᠎ᠠ︔ ᠤᠯᠤᠰ ᠤᠨ ᠳ᠋ᠠᠶᠢᠲ᠋ᠠ ᠶᠢᠨ ᠲᠣᠪᠴᠢᠶ᠎ᠠ ᠶᠢ ᠪᠠᠶᠢᠭᠤᠯᠤᠨ᠎ᠠ︔ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠤ | ᠲᠤᠰᠢᠶᠠᠯ ᠬᠠᠷᠢᠭᠤᠴᠠᠯᠭ᠎ᠠ ᠶᠢ ᠰᠢᠯᠢᠳᠡᠭᠵᠢᠭᠦᠯᠦᠨ᠎ᠡ︔ ᠥᠲᠡᠭᠦᠰ ᠤᠨ ᠠᠵᠢᠯ ᠤᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠮᠡᠳᠡᠯᠭᠡ ᠶᠢᠨ ᠥᠮᠴᠢᠯᠡᠯ ᠤᠨ | ᠡᠷᠬᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ︔ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠰᠢᠭᠤᠳ ᠬᠠᠷᠢᠶ᠎ᠠ ᠪᠠᠶᠢᠭᠤᠯᠤᠮᠵᠢ ᠪᠣᠯᠭᠠᠨ ᠲᠤᠭᠢᠷᠠᠭᠤᠯᠤᠨ᠎ᠠ︔ ᠲᠥᠪ ᠤᠨ ᠲᠥᠷᠥ ᠶᠢᠨ ᠪᠠᠶᠢᠭᠤᠯᠭ᠎ᠠ ᠶᠢᠨ ᠠᠵᠢᠯᠲᠠᠨ ᠤ ᠣᠷᠣᠨ ᠲᠤᠭ᠎ᠠ ᠶᠢ | ᠴᠣᠮᠬᠠᠳᠬᠠᠨ᠎ᠠ᠃ ᠳᠡᠭᠡᠷ᠎ᠡ ᠳᠤᠷᠠᠳᠤᠭᠰᠠᠨ ᠲᠥᠰᠥᠯ ᠶᠣᠰᠣᠭᠠᠷ ᠲᠣᠬᠢᠷᠠᠭᠤᠯᠤᠯᠲᠠ ᠬᠢᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠠᠴᠠ ᠭᠠᠳᠠᠨ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠬᠢᠷᠠᠭᠤᠯᠤᠭᠰᠠᠨ ᠪᠦᠷᠢᠯᠳᠦᠭᠦᠨ ᠰᠠᠯᠠᠭ᠎ᠠ ᠮᠥᠴᠢᠷ ᠮᠥᠨ ᠬᠦ 26 ᠪᠣᠯᠣᠨ᠎ᠠ᠃ | ᠶᠡᠭᠡ ᠬᠤᠷᠠᠯ ᠤᠨ ᠭᠦᠢᠴᠡᠳᠭᠡᠭᠴᠢ ᠲᠡᠷᠢᠭᠦᠯᠡᠭᠴᠢ ᠸᠠᠩ ᠨᠢᠩ᠂ ᠯᠢᠦ ᠢ ᠯᠢᠶᠠᠩ᠂ ᠯᠢᠦ ᠨᠢᠩ᠂ ᠯᠢ ᠰᠢᠤ ᠯᠢᠩ᠂ ᠴᠧᠨ ᠭᠠᠩ᠂ ᠵᠧᠩᠱᠠᠨ ᠵᠢᠶᠧ᠂ ᠨᠢ | ᠶᠤᠸᠠᠢ ᠹᠧᠩ᠂ ᠵᠢᠩ ᠵᠢᠶᠦ᠋ᠨ ᠬᠠᠢ᠂ ᠯᠧᠦ ᠶᠠᠩ ᠱᠧᠩ ᠲᠡᠷᠢᠭᠦᠯᠡᠭᠴᠢᠳ ᠤᠨ ᠲᠠᠶᠢᠰᠠᠨ ᠤ ᠭᠦᠢᠴᠡᠳᠭᠡᠭᠴᠢ ᠲᠡᠷᠢᠭᠦᠯᠡᠭᠴᠢ ᠶᠢᠨ ᠰᠠᠭᠤᠳᠠᠯ ᠳᠤ ᠰᠠᠭᠠᠲᠠᠪᠠ᠃ | | | |