ᠲᠣᠭᠤᠷᠢᠨ ᠪᠠᠶᠢᠴᠠᠭᠠᠬᠤ ᠠᠯᠪᠠᠨ ᠵᠠᠷ
ᠨᠡᠶᠢᠲᠡᠯᠡᠭᠰᠡᠨ ᠴᠠᠭ᠄
2023/4/17
      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠤᠨ ᠲᠣᠭᠲᠠᠭᠠᠯ ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 4 ᠰᠠᠷ᠎ᠠ ᠶᠢᠨ 18 ᠤ ᠡᠳᠦᠷ ᠠᠴᠠ 6 ᠰᠠᠷ᠎ᠠ ᠶᠢᠨ 30 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠤᠯᠠᠭᠠᠨᠬᠠᠳᠠ ᠬᠤᠲᠠ ᠳᠤ ᠲᠤᠰᠬᠠᠢ + ᠬᠡᠪ ᠤᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠤᠰᠬᠠᠢ ᠲᠣᠭᠤᠷᠢᠨ ᠪᠠᠶᠢᠴᠠᠭᠠᠯᠲᠠ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠵᠢᠴᠢ ︽ᠲᠠᠪᠤ ᠶᠢ ᠲᠤᠶᠢᠯᠪᠤᠷᠢᠲᠠᠢ ᠪᠠᠶᠢᠴᠠᠭᠠᠬᠤ︾ ᠠᠵᠢᠯᠯᠠᠭᠠᠨ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠵᠤ᠂ ᠬᠡᠪ ᠤᠨ ᠲᠣᠭᠤᠷᠢᠨ ᠪᠠᠶᠢᠴᠠᠭᠠᠯᠲᠠ ᠨᠢ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠪᠣᠯᠣᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠤᠭᠰᠠᠨ ᠪᠠ ᠦᠷ᠎ᠡ ᠪᠦᠲᠦᠮᠵᠢ ᠶᠢᠨ ᠬᠡᠷᠡᠭᠯᠡᠭᠡᠨ ᠵᠡᠷᠭᠡ ᠪᠠᠶᠢᠳᠠᠯ ᠤᠨ ᠲᠣᠭᠤᠷᠢᠨ ᠳᠤ ᠬᠢᠨᠠᠯᠲᠠ ᠲᠠᠯᠪᠢᠨ᠎ᠠ᠃ ᠲᠣᠭᠤᠷᠢᠨ ᠪᠠᠶᠢᠴᠠᠭᠠᠬᠤ ᠳᠤᠭᠤᠶᠢᠯᠠᠩ ᠭᠤᠣᠯᠳᠠᠭᠤ ᠤᠯᠠᠭᠠᠨᠬᠠᠳᠠ ᠬᠤᠲᠠ ᠶᠢᠨ ᠤᠳᠤᠷᠢᠳᠬᠤ ᠪᠠᠭ ᠵᠢᠴᠢ ᠲᠡᠭᠦᠨ ᠤ ᠭᠡᠰᠢᠭᠦᠳ᠂ ᠳᠣᠣᠷ᠎ᠠ ᠨᠢᠭᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠪᠣᠯᠣᠨ ᠴᠢᠬᠤᠯᠠ ᠠᠵᠢᠯ ᠤᠨ ᠪᠠᠶᠢᠷᠢ ᠶᠢᠨ ᠤᠳᠤᠷᠢᠳᠬᠤ ᠺᠠᠳ᠋ᠷ ᠤᠨ ᠠᠰᠠᠭᠤᠳᠠᠯ ᠤᠨ ᠲᠤᠬᠠᠢ ᠢᠷᠡᠭᠦᠯᠦᠭᠰᠡᠨ ᠵᠠᠬᠢᠳᠠᠯ ᠤᠲᠠᠰᠤ ᠰᠣᠷᠪᠤᠯᠵᠢᠯᠠᠭ᠎ᠠ ᠶᠢ ᠭᠥᠯᠢᠶᠡᠨ ᠠᠪᠴᠤ᠂ ᠤᠯᠤᠰ ᠲᠥᠷᠥ ᠶᠢᠨ ᠰᠠᠬᠢᠯᠭ᠎ᠠ ᠪᠠᠲᠤ᠂ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠣᠯᠠᠨ ᠲᠦᠮᠡᠨ ᠤ ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ ᠪᠠ ᠠᠮᠢᠳᠤᠷᠠᠯ ᠤᠨ ᠰᠠᠬᠢᠯᠭ᠎ᠠ ᠪᠠᠲᠤ ᠶᠢ ᠵᠥᠷᠢᠴᠡᠭᠰᠡᠨ ᠵᠡᠷᠭᠡ ᠲᠠᠯ᠎ᠠ ᠪᠠᠷ ᠬᠢ ᠢᠯᠡᠴᠢᠯᠡᠨ ᠮᠡᠳᠡᠭᠦᠯᠬᠦ ᠪᠠ ᠲᠤᠰᠬᠠᠬᠤ ᠶᠢ ᠭᠤᠣᠯᠳᠠᠯᠭ᠎ᠠ ᠲᠠᠢ ᠬᠦᠯᠢᠶᠡᠨ ᠠᠪᠤᠨ᠎ᠠ᠃ ᠲᠣᠭᠤᠷᠢᠨ ᠪᠠᠶᠢᠴᠠᠭᠠᠵᠤ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠪᠠᠭᠲᠠᠬᠤ ᠦᠭᠡᠢ ᠪᠤᠰᠤᠳ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠲᠣᠭᠲᠠᠭᠠᠯ ᠶᠣᠰᠣᠭᠠᠷ ᠬᠤᠯᠪᠣᠭᠳᠠᠯ ᠪᠦᠬᠦᠢ ᠪᠠᠶᠢᠭᠤᠯᠭ᠎ᠠ ᠳᠤ ᠲᠤᠰᠢᠶᠠᠵᠤ ᠨᠠᠷᠢᠨ ᠬᠢᠨᠠᠮᠠᠭᠠᠢ ᠰᠢᠢᠳᠪᠦᠷᠢᠯᠡᠭᠦᠯᠦᠨ᠎ᠡ᠃      ᠲᠣᠭᠤᠷᠢᠨ ᠪᠠᠶᠢᠴᠠᠭᠠᠬᠤ ᠬᠤᠭᠤᠴᠠᠭᠠᠨ ᠳᠤ᠂ ᠲᠣᠭᠤᠷᠢᠨ ᠪᠠᠶᠢᠴᠠᠭᠠᠬᠤ ᠳᠤᠭᠤᠶᠢᠯᠠᠩ ᠲᠤᠰᠬᠠᠢ ᠵᠢᠵᠢᠭᠦᠷᠯᠡᠬᠦ ᠤᠲᠠᠰᠤ ᠲᠣᠬᠢᠷᠠᠭᠤᠯᠪᠠ᠄ 0476-8282063᠂ ᠡᠳᠦᠷ ᠪᠦᠷᠢ ᠶᠢᠨ ᠭᠥᠯᠢᠶᠡᠨ ᠠᠪᠴᠤ ᠰᠢᠢᠳᠪᠦᠷᠢᠯᠡᠬᠦ ᠴᠠᠭ ᠨᠢ 8᠄ 00 ᠠᠴᠠ 18᠄ 00 ᠪᠣᠯᠣᠨ᠎ᠠ︔ ᠰᠢᠤᠳᠠᠨ ᠬᠠᠶᠢᠷᠴᠠᠭ᠄ ᠥᠪᠥᠷ ᠮᠣᠩᠭᠤᠯ ᠤᠨ ᠤᠯᠠᠭᠠᠨᠬᠠᠳᠠ ᠬᠤᠲᠠ ᠶᠢᠨ A002 ᠳ᠋ᠤᠭᠠᠷ ᠨᠣᠮᠧᠷ︔ ᠴᠠᠬᠢᠮ ᠵᠠᠬᠢᠳᠠᠯ ᠤᠨ ᠬᠠᠶᠢᠷᠴᠠᠭ᠄ wxjd2023_ts@163.com︔ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠣᠷᠪᠤᠯᠵᠢᠯᠠᠭ᠎ᠠ ᠶᠢ ᠬᠦᠯᠢᠶᠡᠨ ᠠᠪᠬᠤ ᠭᠠᠵᠠᠷ᠄ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠰᠠᠯᠪᠤᠷᠢ ᠬᠤᠶᠠᠳᠤᠭᠠᠷ ᠵᠠᠮ ᠪᠣᠯᠣᠨ ᠴᠢᠤᠸᠠᠨ ᠨᠢᠩ ᠵᠡᠭᠡᠯᠢ ᠶᠢᠨ ᠠᠭᠤᠯᠵᠠᠷ ᠤᠨ ᠵᠡᠭᠦᠨ ᠡᠮᠦᠨ᠎ᠡ 80 ᠮᠧᠲᠷ ᠲᠤ ᠪᠠᠶᠢᠭ᠎ᠠ ᠤᠯᠠᠭᠠᠨᠬᠠᠳᠠ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠦᠢᠯᠡᠴᠢᠯᠡᠭᠡᠨ ᠤ ᠲᠥᠪ᠃ ᠡᠭᠦᠨ ᠤ ᠬᠠᠮᠲᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠴᠢᠤᠸᠠᠨ ᠨᠢᠩ ᠵᠡᠭᠡᠯᠢ ᠶᠢᠨ 21 ᠳ᠋ᠦ᠋ᠭᠡᠷ ᠤᠨ ᠵᠣᠣ ᠤᠳᠠ ᠵᠣᠴᠢᠳ ᠤᠨ ᠪᠠᠭᠤᠳᠠᠯ ᠤᠨ ᠬᠤᠶᠢᠲᠤ ᠡᠭᠦᠳᠡᠨ ᠤ ᠵᠡᠭᠦᠨ ᠲᠠᠯ᠎ᠠ ᠳᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠬᠠᠰ ᠯᠤᠤ ᠶᠡᠭᠡ ᠵᠡᠭᠡᠯᠢ ᠶᠢᠨ 1 ᠳ᠋ᠦ᠋ᠭᠡᠷ ᠤᠨ ᠬᠤᠲᠠ ᠶᠢᠨ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠬᠤᠶᠢᠲᠤ ᠡᠭᠦᠳᠡᠨ ᠤ ᠪᠠᠷᠠᠭᠤᠨ ᠲᠠᠯ᠎ᠠ ᠳᠤ᠂ ᠤᠯᠠᠭᠠᠨᠬᠠᠳᠠ ᠬᠤᠲᠠ ᠶᠢᠨ ᠰᠦᠩᠱᠠᠨ ᠲᠣᠭᠤᠷᠢᠭ ᠤᠨ ᠳ᠋ᠠ ᠮᠢᠩ ᠵᠡᠭᠡᠯᠢ ᠶᠢᠨ 11 ᠳ᠋ᠦ᠋ᠭᠡᠷ ᠤᠨ ᠬᠤᠲᠠ ᠶᠢᠨ ᠬᠠᠮᠲᠤᠷᠠᠭᠰᠠᠨ ᠰᠣᠷᠪᠤᠯᠵᠢᠯᠠᠭ᠎ᠠ ᠬᠦᠯᠢᠶᠡᠨ ᠠᠪᠬᠤ ᠲᠥᠪ ᠤᠨ ᠪᠠᠷᠠᠭᠤᠨ ᠡᠭᠦᠳᠡᠨ ᠤ ᠬᠤᠶᠢᠲᠤ ᠲᠠᠯ᠎ᠠ ᠳᠤ ᠬᠠᠷᠢᠯᠴᠠᠬᠤ ᠵᠠᠬᠢᠳᠠᠯ ᠤᠨ ᠬᠠᠶᠢᠷᠴᠠᠭ ᠲᠣᠬᠢᠷᠠᠭᠤᠯᠪᠠ᠃ ᠲᠣᠭᠤᠷᠢᠨ ᠪᠠᠶᠢᠴᠠᠭᠠᠬᠤ ᠳᠤᠭᠤᠶᠢᠯᠠᠩ ᠨᠢ ᠵᠠᠬᠢᠳᠠᠯ ᠰᠣᠷᠪᠤᠯᠵᠢᠯᠠᠭ᠎ᠠ ᠶᠢ 2023 ᠣᠨ ᠤ 6 ᠰᠠᠷ᠎ᠠ ᠶᠢᠨ 25 ᠤ ᠡᠳᠦᠷ ᠪᠣᠯᠲᠠᠯ᠎ᠠ ᠭᠥᠯᠢᠶᠡᠨ ᠠᠪᠤᠨ᠎ᠠ᠃ ᠥᠷᠭᠡᠨ ᠤᠯᠠᠨ ᠺᠠᠳ᠋ᠷ ᠤᠯᠠᠨ ᠲᠦᠮᠡᠨ ᠤ ᠵᠠᠬᠢᠳᠠᠯ ᠢᠷᠡᠭᠦᠯᠬᠦ᠂ ᠤᠲᠠᠰᠤ ᠢᠷᠡᠭᠦᠯᠬᠦ᠂ ᠰᠣᠷᠪᠤᠯᠵᠢᠯᠠᠭ᠎ᠠ ᠬᠢᠬᠦ ᠵᠡᠷᠭᠡ ᠠᠷᠭ᠎ᠠ ᠬᠡᠯᠪᠡᠷᠢ ᠪᠠᠷ ᠲᠣᠭᠤᠷᠢᠨ ᠪᠠᠶᠢᠴᠠᠭᠠᠬᠤ ᠳᠤᠭᠤᠶᠢᠯᠠᠩ ᠳᠤ ᠪᠠᠶᠢᠳᠠᠯ ᠢ ᠪᠣᠳᠠᠲᠠᠢ ᠪᠠᠷ ᠨᠢ ᠲᠤᠰᠬᠠᠬᠤ ᠶᠢ ᠪᠠᠶᠠᠷᠯᠠᠨ ᠤᠭᠲᠤᠵᠤ ᠪᠠᠶᠢᠨ᠎ᠠ᠃                                     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠢᠷᠭᠤᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ                                       2023ᠣᠨ ᠤ 4 ᠰᠠᠷ᠎ᠠ ᠶᠢᠨ18 ᠤ ᠡᠳᠦᠷ
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ