| ᠨᠢᠭᠡ᠂ ᠨᠠᠶᠢᠷᠠᠭᠤᠯᠤᠨ ᠵᠣᠬᠢᠶᠠᠭᠰᠠᠨ ᠠᠬᠤᠶ ᠪᠠᠶᠢᠳᠠᠯ | ︽ᠤᠯᠠᠭᠠᠨᠬᠠᠳᠠ ᠬᠤᠲᠠ ᠶᠢᠨ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ ᠶᠢᠨ ᠬᠡᠷᠡᠭᠵᠢᠭᠦᠯᠬᠦ ᠲᠥᠰᠦᠯ ︵2022-2025︶︾ ︵ᠤᠯᠠᠭᠠᠨᠬᠠᠳᠠ ᠨᠠᠮ ᠲᠠᠷᠬᠠᠭᠠᠭᠰᠠᠨ ﹇2022﹈ 14 ᠳ᠋ᠦ᠋ᠭᠡᠷ ᠲᠣᠭᠠᠲᠤ︶ ᠤᠨ ᠡᠯ᠎ᠡ | ᠵᠦᠢᠯ ᠤᠨ ᠡᠭᠦᠷᠭᠡ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿2023 | ᠣᠨ ᠤ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠠᠵᠢᠯ ᠤᠨ ᠭᠤᠤᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ﹀︾ ︵ᠥᠪᠥᠷ ᠵᠠᠰᠠᠭ ᠠᠯᠪᠠᠨ ᠲᠠᠷᠬᠠᠭᠠᠭᠰᠠᠨ ﹇2023 | ﹈ 9 ᠳ᠋ᠦ᠋ᠭᠡᠷ ᠲᠣᠭᠠᠲᠤ︶ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 2023 ᠣᠨ ᠤ ᠡᠯ᠎ᠡ ᠰᠠᠯᠠᠭ᠎ᠠ | ᠮᠥᠴᠢᠷ ᠤᠨ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠪᠥᠬᠦ ᠬᠤᠲᠠ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ | | ᠬᠤᠶᠠᠷ᠂ ᠭᠤᠣᠯ ᠡᠭᠦᠷᠭᠡ | ︽ᠠᠵᠢᠯ ᠤᠨ ᠭᠤᠤᠯᠳᠠᠯᠭ᠎ᠠ︾ ᠨᠢ ᠭᠤᠤᠯᠳᠠᠭᠤ ᠲᠠᠪᠤᠨ ᠲᠠᠯ᠎ᠠ ᠶᠢᠨ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠠᠵᠤ ᠦᠢᠯᠡᠰ ᠤᠨ ᠲᠠᠰ ᠳᠡᠪᠰᠢᠬᠦ ᠶᠢ | ᠠᠬᠢᠭᠤᠯᠵᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠄ ᠨᠢᠭᠡ ᠳᠤ᠂ ᠤᠨᠴᠠᠯᠢᠬᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ | ᠴᠢᠷᠮᠠᠶᠢᠨ ᠪᠠᠶᠢᠭᠤᠯᠤᠨ᠎ᠠ᠃ ᠲᠣᠰ ᠬᠡᠰᠡᠭ ᠨᠢ ᠭᠤᠤᠯᠳᠠᠭᠤ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠬᠤ 32 ᠵᠦᠢᠯ ᠤᠨ ᠪᠣᠳᠠᠲᠠᠶ ᠠᠵᠢᠯ ᠤᠨ ᠲᠣᠭᠤᠷᠢᠨ ᠳᠤ᠂ ᠤᠨᠴᠠᠯᠢᠬᠳᠤ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠴᠢᠷᠮᠠᠶᠢᠨ ᠪᠠᠶᠢᠭᠤᠯᠤᠨ᠎ᠠ᠃ | ᠬᠤᠶᠠᠷ ᠲᠤ᠂ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠠᠵᠤ ᠦᠢᠯᠡᠰ ᠤᠨ ᠪᠦᠯᠦᠭᠵᠢᠯ ᠠᠵᠤ ᠦᠢᠯᠡᠰ ᠤᠨ | ᠬᠡᠯᠬᠢᠶ᠎ᠡ ᠶᠢᠨ ᠳᠠᠶᠢᠴᠢᠯᠠᠬᠤ ᠦᠢᠯᠡᠳᠦᠯ ᠢ ᠰᠠᠶᠢᠲᠤᠷ ᠪᠠᠳᠠᠷᠠᠭᠤᠯᠬᠤ᠂ ᠰᠢᠨ᠎ᠡ ᠡᠨᠧᠷᠭᠢ ᠶᠢᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠬᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠬᠤ᠂ ᠬᠦᠷᠢᠶᠡᠯᠡᠩ | ᠲᠣᠭᠤᠷᠢᠭ ᠤᠨ ᠮᠥ ᠳᠤᠮᠳᠠᠴᠢ ᠶᠢᠨ ᠦᠢᠯᠡᠳᠬᠦᠨ ᠤ ᠥᠷᠲᠡᠭ ᠢ ᠳᠡᠭᠡᠭᠰᠢᠯᠡᠭᠦᠯᠬᠦ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠳᠠᠬᠢᠨ ᠢᠶᠠᠷ ᠨᠡᠮᠡᠭᠳᠡᠭᠦᠯᠬᠦ︾ ᠠᠵᠢᠯᠯᠠᠭᠠᠨ ᠢ ᠬᠡᠷᠡᠭᠵᠢᠭᠦᠯᠬᠦ ᠵᠡᠷᠭᠡ 5 ᠵᠦᠢᠯ ᠤᠨ | ᠠᠵᠢᠯ ᠤᠨ ᠲᠠᠯ᠎ᠠ ᠪᠠᠷ ᠠᠵᠤ ᠦᠢᠯᠡᠰ ᠤᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠭᠤᠷᠪᠠ ᠳᠤ᠂ ᠦᠢᠯᠡᠳᠬᠦ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ᠃ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠲᠦᠷᠭᠡᠳᠬᠡᠨ | ᠠᠬᠢᠭᠤᠯᠬᠤ᠂ ᠡᠮ ᠡᠮᠨᠡᠯᠭᠡ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠤᠵᠠᠭᠠᠶᠢᠷᠠᠭᠤᠯᠤᠨ ᠬᠦᠴᠦᠷᠬᠡᠭᠵᠢᠭᠦᠯᠬᠦ᠂ 5G ᠶᠢ ᠡᠯ᠎ᠡ ᠬᠦᠷᠢᠶᠡᠨ ᠳᠤ | ᠬᠡᠷᠡᠭᠯᠡᠬᠦ ᠶᠢ ᠠᠬᠢᠭᠤᠯᠬᠤ᠂ ᠦᠢᠯᠡᠳᠬᠦ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ᠂ ᠪᠣᠬᠢᠷᠲᠤᠯ ᠥᠬᠡᠶ ᠦᠢᠯᠡᠳᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠲᠡᠭᠦᠯᠳᠡᠷᠵᠢᠭᠦᠯᠬᠦ ᠵᠡᠷᠭᠡ 8 ᠵᠦᠢᠯ ᠤᠨ ᠪᠣᠳᠠᠲᠠᠶ ᠠᠵᠢᠯ ᠤᠨ ᠲᠣᠭᠤᠷᠢᠨ ᠳᠤ ᠦᠢᠯᠡᠳᠬᠦ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠠᠬᠢᠭᠤᠯᠤᠨ᠎ᠠ᠃ ᠲᠦᠷᠪᠡ ᠳᠤ᠂ ᠣᠷᠴᠢᠯ ᠠᠵᠤ ᠠᠬᠤᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ᠲᠣᠰ ᠬᠡᠰᠡᠭ ᠨᠢ ᠲᠠᠷᠢᠶᠠᠯᠠᠩ ᠮᠠᠯ ᠠᠵᠤ | ᠠᠬᠤᠶ ᠶᠢᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠬᠤ᠂ ᠬᠦᠷᠢᠶᠡᠯᠡᠩ ᠲᠣᠭᠤᠷᠢᠭ ᠢ ᠤᠷᠴᠢᠯᠵᠢᠭᠤᠯᠤᠨ ᠥᠭᠡᠷᠡᠴᠢᠯᠡᠬᠦ ᠠᠵᠢᠯ ᠢ ᠥᠷᠨᠢᠭᠦᠯᠬᠦ᠂ ᠤᠰᠤ | ᠠᠷᠪᠢᠯᠠᠬᠤ ᠬᠡᠯᠪᠡᠷᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ | ᠠᠵᠢᠯ ᠢ ᠲᠦᠷᠭᠡᠳᠬᠡᠨ ᠠᠬᠢᠭᠤᠯᠬᠤ᠂ ᠪᠣᠬᠢᠷᠲᠤᠯ ᠥᠬᠡᠶ ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠵᠡᠷᠭᠡ 6 ᠵᠦᠢᠯ ᠤᠨ ᠪᠣᠳᠠᠲᠠᠶ ᠠᠵᠢᠯ ᠢᠶᠠᠷ | ᠪᠦᠷᠢᠯᠳᠦᠪᠡ᠃ ᠲᠠᠪᠤ ᠳᠤ᠂ ᠦᠢᠯᠡᠴᠢᠯᠡᠭᠡᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠲᠣᠰ ᠬᠡᠰᠡᠭ ᠨᠢ 10 ᠰᠠᠯᠠᠭ᠎ᠠ | ᠮᠥᠴᠢᠷ ᠤᠨ 26 ᠵᠦᠢᠯ ᠤᠨ ᠪᠣᠳᠠᠲᠠᠶ ᠠᠵᠢᠯ ᠢᠶᠠᠷ ᠪᠦᠷᠢᠯᠳᠦᠵᠦ᠂ ᠡᠵᠡᠩᠨᠡᠯᠲᠠ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠮᠥᠩᠭᠦᠨ | ᠭᠦᠢᠯᠭᠡᠭᠡᠨ ᠤ ᠪᠠᠲᠤᠯᠠᠭ᠎ᠠ ᠬᠠᠩᠭᠠᠬᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠬᠤ᠂ ᠤᠯᠤᠰ ᠤᠨ | ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ᠂ ᠡᠯ᠎ᠡ ᠵᠦᠢᠯ ᠤᠨ ᠡᠯᠧᠮᠧᠨ᠋ᠲ ᠤᠨ | ᠪᠠᠲᠤᠯᠠᠭ᠎ᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠵᠡᠷᠭᠡ ᠬᠤᠯᠪᠤᠭᠳᠠᠨ᠎ᠠ᠃ | | |