| ᠨᠢᠭᠡᠳᠦᠭᠡᠷ ᠤᠯᠠᠷᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ | ᠬᠢ ᠠᠴᠠ 11.7% ᠪᠠᠷ ᠨᠡᠮᠡᠭᠳᠡᠵᠦ᠂ 2022 ᠣᠨ ᠤ ᠬᠢ ᠠᠴᠠ 9.8 ᠵᠠᠭᠤᠨ ᠤ ᠨᠢᠭᠡᠴᠢ ᠳᠡᠭᠡᠭᠰᠢᠯᠡᠪᠡ᠃ ᠭᠤᠷᠪᠠᠨ ᠲᠣᠮᠣ ᠲᠥᠷᠥᠯ ᠠᠴᠠ ᠦᠵᠡᠪᠡᠯ᠂ | ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ 20.6% ᠪᠠᠷ ᠪᠠᠭᠤᠷᠠᠵᠤ᠂ ᠦᠢᠯᠡᠳᠬᠦ ᠦᠢᠯᠡᠰ 29% ᠪᠠᠷ ᠨᠡᠮᠡᠭᠳᠡᠨ᠂ ᠴᠠᠬᠢᠯᠭᠠᠨ ᠬᠦᠴᠦᠨ᠂ | ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 6.7% ᠪᠠᠷ ᠨᠡᠮᠡᠭᠳᠡᠪᠡ᠃ ᠦᠢᠯᠡᠳᠬᠦᠨ ᠤ | ᠭᠠᠷᠤᠯᠲᠠ ᠶᠢᠨ ᠬᠡᠮᠵᠢᠶ᠎ᠡ ᠠᠴᠠ ᠦᠵᠡᠪᠡᠯ᠂ ᠲᠡᠮᠦᠷ ᠤᠨ ᠬᠦᠳᠡᠷ ᠤᠨ ᠪᠦᠲᠦᠭᠡᠭᠳᠡᠬᠦᠨ ᠤ ᠠᠭᠤᠷᠬᠠᠢ᠂ ᠱᠦᠢᠨᠢ᠂ ᠪᠣᠯᠣᠳ ᠮᠠᠲ᠋ᠧᠷᠢᠶᠠᠯ ᠵᠡᠷᠭᠡ ᠰᠠᠭᠤᠷᠢ ᠠᠵᠤ | ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠲᠤᠰᠪᠤᠷᠢ 28.8%᠂ 31.9%᠂ 129% ᠪᠠᠷ ᠨᠡᠮᠡᠭᠳᠡᠪᠡ᠃ ᠲᠤᠯᠭᠠᠭᠤᠷᠢ ᠠᠵᠢᠯ ᠲᠥᠷᠥᠯ ᠠᠴᠠ ᠦᠵᠡᠪᠡᠯ | ᠂ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ ᠤᠨ ᠨᠡᠮᠡᠭᠳᠡᠯ ᠥᠷᠲᠡᠭ 34.1% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 14.3 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ ᠬᠠᠷ᠎ᠠ ᠲᠡᠮᠦᠷᠯᠢᠭ ᠤᠨ ᠠᠵᠢᠯ ᠲᠥᠷᠥᠯ ᠨᠢ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 9.6 ᠵᠠᠭᠤᠨ ᠤ ᠨᠢᠭᠡᠴᠢ ᠳᠠᠶᠢᠴᠢᠯᠠᠪᠠ᠃ ᠠᠵᠤ | ᠠᠬᠤᠢ ᠶᠢᠨ ᠦᠷ᠎ᠡ ᠠᠰᠢᠭ ᠠᠴᠠ ᠦᠵᠡᠪᠡᠯ᠂ 1-2 ᠳ᠋ᠤᠭᠠᠷ ᠰᠠᠷ᠎ᠠ ᠳᠤ ᠪᠦᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 283.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠠᠴᠠ 10.6% ᠪᠠᠷ | ᠨᠡᠮᠡᠭᠳᠡᠪᠡ᠃ | |