| ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠰᠣᠩᠭᠤᠨ ᠪᠠᠶᠢᠴᠠᠭᠠᠯᠲᠠ ᠢ ᠦᠨᠳᠦᠰᠦᠯᠡᠪᠡᠯ᠂ | 2023 ᠣᠨ ᠤ ᠨᠢᠭᠡᠳᠦᠭᠡᠷ ᠤᠯᠠᠷᠢᠯ ᠳᠤ ᠮᠠᠨ ᠤ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 8105 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠡᠯ᠎ᠡ ᠠᠶᠢᠮᠠᠭ ᠬᠤᠲᠠ ᠶᠢᠨ | ᠳᠥᠷᠪᠡᠳᠦᠭᠡᠷ ᠲᠤ ᠣᠷᠣᠵᠤ᠂ 4 ᠬᠤᠰᠢᠭᠤ ᠰᠢᠶᠠᠨ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ | ᠬᠤᠲᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠵᠤ᠂ ᠲᠤᠰᠪᠤᠷᠢ ᠯᠢᠨᠰᠢ ᠰᠢᠶᠠᠨ᠂ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ | ᠪᠠᠭᠠᠷᠢᠨ ᠪᠠᠷᠠᠭᠤᠨ ᠬᠤᠰᠢᠭᠤ ᠪᠠᠶᠢᠵᠤ᠂ ᠨᠢᠩᠴᠧᠩ ᠰᠢᠶᠠᠨ ᠨᠢ ᠲᠡᠩᠴᠡᠪᠡ︔ ᠮᠠᠨ ᠤ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10824 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠡᠯ᠎ᠡ ᠠᠶᠢᠮᠠᠭ ᠬᠤᠲᠠ ᠶᠢᠨ ᠭᠤᠷᠪᠠᠳᠤᠭᠠᠷ ᠲᠤ ᠣᠷᠣᠵᠤ᠂ 4 ᠬᠤᠰᠢᠭᠤ ᠰᠢᠶᠠᠨ ᠲᠣᠭᠤᠷᠢᠭ ᠤᠨ ᠬᠤᠲᠠ ᠪᠠᠯᠭᠠᠰᠤᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠵᠤ᠂ ᠲᠤᠰᠪᠤᠷᠢ ᠪᠠᠭᠠᠷᠢᠨ ᠪᠠᠷᠠᠭᠤᠨ ᠬᠤᠰᠢᠭᠤ᠂ ᠠᠷᠤ ᠬᠤᠷᠴᠢᠨ ᠬᠤᠰᠢᠭᠤ᠂ ᠯᠢᠨᠰᠢ ᠰᠢᠶᠠᠨ᠂ ᠠᠤᠬᠠᠨ | ᠬᠤᠰᠢᠭᠤ ᠪᠠᠶᠢᠵᠤ᠂ ᠨᠢᠩᠴᠧᠩ ᠰᠢᠶᠠᠨ ᠨᠢ ᠲᠡᠩᠴᠡᠪᠡ︔ ᠮᠠᠨ ᠤ ᠬᠤᠲᠠ ᠶᠢᠨ ᠬᠥᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5560 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ | ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠡᠯ᠎ᠡ ᠠᠶᠢᠮᠠᠭ ᠬᠤᠲᠠ ᠶᠢᠨ ᠳᠥᠷᠪᠡᠳᠦᠭᠡᠷ ᠲᠤ ᠣᠷᠣᠵᠤ᠂ 5 ᠬᠤᠰᠢᠭᠤ ᠰᠢᠶᠠᠨ ᠲᠣᠭᠤᠷᠢᠭ ᠤᠨ ᠬᠥᠳᠡᠭᠡ ᠲᠤᠰᠬᠤᠨ | ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ᠪᠥᠬᠦ | ᠬᠤᠲᠠ ᠶᠢᠨ ᠨᠡᠮᠡᠭᠳᠡᠯ ᠤᠨ ᠬᠤᠷᠳᠤᠴᠠ ᠠᠴᠠ ᠥᠨᠳᠥᠷ ᠪᠠᠶᠢᠵᠤ᠂ ᠲᠤᠰᠪᠤᠷᠢ ᠯᠢᠨᠰᠢ ᠰᠢᠶᠠᠨ᠂ ᠪᠠᠭᠠᠷᠢᠨ ᠵᠡᠭᠦᠨ ᠬᠤᠰᠢᠭᠤ᠂ ᠨᠢᠩᠴᠧᠩ ᠰᠢᠶᠠᠨ᠂ ᠠᠷᠤ ᠬᠤᠷᠴᠢᠨ | ᠬᠤᠰᠢᠭᠤ᠂ ᠬᠠᠷᠠᠴᠢᠨ ᠬᠤᠰᠢᠭᠤ ᠪᠠᠶᠢᠵᠤ᠂ ᠪᠠᠭᠠᠷᠢᠨ ᠪᠠᠷᠠᠭᠤᠨ ᠬᠤᠰᠢᠭᠤᠨ ᠨᠢ ᠲᠡᠩᠴᠡᠪᠡ᠃ | |