| ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠰᠣᠩᠭᠤᠨ ᠪᠠᠶᠢᠴᠠᠭᠠᠯᠲᠠ ᠢ ᠦᠨᠳᠦᠰᠦᠯᠡᠪᠡᠯ᠂ | 2023 ᠣᠨ ᠤ ᠨᠢᠭᠡᠳᠦᠭᠡᠷ ᠤᠯᠠᠷᠢᠯ ᠳᠤ ᠤᠯᠠᠭᠠᠨᠬᠠᠳᠠ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ | 8105 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ | ᠣᠷᠣᠨ ᠤ ᠡᠯ᠎ᠡ ᠠᠶᠢᠮᠠᠭ ᠬᠤᠲᠠ ᠳᠤ ᠳᠥᠷᠪᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 0.9 ᠵᠠᠭᠤᠨ ᠤ | ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.4 ᠵᠠᠭᠤᠨ ᠤ ᠨᠢᠭᠡᠴᠢ ᠥᠨᠳᠥᠷ ᠪᠣᠯᠪᠠ︔ ᠤᠯᠠᠭᠠᠨᠬᠠᠳᠠ | ᠬᠤᠲᠠ ᠶᠢᠨ ᠬᠤᠲᠠ ᠪᠠᠯᠭᠠᠰᠤ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 10824 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ | ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 1.0 ᠵᠠᠭᠤᠨ ᠤ ᠨᠢᠭᠡᠴᠢ | ᠥᠨᠳᠥᠷ ᠪᠠᠶᠢᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.8 ᠵᠠᠭᠤᠨ ᠤ ᠨᠢᠭᠡᠴᠢ ᠥᠨᠳᠥᠷ ᠪᠣᠯᠪᠠ︔ ᠤᠯᠠᠭᠠᠨᠬᠠᠳᠠ ᠬᠤᠲᠠ ᠶᠢᠨ | ᠬᠥᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 5560 | ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.9% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ | ᠠᠶᠢᠮᠠᠭ ᠬᠤᠲᠠ ᠳᠤ ᠳᠥᠷᠪᠡᠳᠦᠭᠡᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 0.9 ᠵᠠᠭᠤᠨ ᠤ ᠨᠢᠭᠡᠴᠢ | ᠥᠨᠳᠥᠷ ᠪᠠᠶᠢᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.8 ᠵᠠᠭᠤᠨ ᠤ ᠨᠢᠭᠡᠴᠢ ᠥᠨᠳᠥᠷ ᠪᠣᠯᠪᠠ᠃ | |