| ᠰᠢᠨᠬᠤᠸᠠ ᠬᠤᠷᠢᠶ᠎ᠠ ᠶᠢᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠤᠨ 5 ᠰᠠᠷ᠎ᠠ ᠶᠢᠨ 10 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ | ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 10 ᠤ ᠡᠳᠦᠷ | ᠾᠧᠪᠧᠢ ᠮᠤᠵᠢ ᠶᠢᠨ ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ | ᠰᠢᠶᠦ᠋ᠩ ᠠᠨ ᠰᠢᠨ᠎ᠡ ᠲᠣᠭᠤᠷᠢᠭ ᠨᠢᠭᠡᠨᠲᠡ ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ ᠬᠢᠭᠡᠳ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ | ᠵᠣᠬᠢᠴᠠᠭᠤᠯᠤᠨ ᠰᠢᠢᠳᠪᠦᠷᠢᠯᠡᠬᠦ ᠶᠢ ᠵᠣᠯᠭᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠱᠠᠲᠤᠨ ᠳᠤ ᠣᠷᠣᠵᠤ᠂ ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ | ᠪᠦᠲᠦᠭᠡᠨ ᠪᠠᠶᠢᠭᠤᠯᠤᠯᠲᠠ᠂ ᠥᠨᠳᠥᠷ ᠲᠦᠪᠰᠢᠨ ᠪᠦᠬᠦᠢ ᠬᠠᠮᠢᠶᠠᠷᠤᠯᠲᠠ᠂ ᠴᠢᠨᠠᠷ ᠰᠠᠶᠢᠲᠠᠢ ᠵᠣᠬᠢᠴᠠᠭᠤᠯᠤᠨ ᠰᠢᠢᠳᠪᠦᠷᠢᠯᠡᠬᠦ ᠬᠥᠭᠵᠢᠯᠲᠡ ᠶᠢ ᠵᠡᠷᠭᠡ ᠪᠠᠷ | ᠴᠢᠬᠤᠯᠠᠴᠢᠯᠠᠬᠤ ᠲᠡᠶᠢᠰᠢ ᠰᠢᠯᠵᠢᠪᠡ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ ᠴᠢᠳᠠᠮᠠᠭᠠᠢ ᠪᠦᠲᠦᠭᠡᠯᠴᠢ ᠪᠠᠷ | ᠠᠵᠢᠯᠯᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ | ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ᠃ | 5 ᠰᠠᠷ᠎ᠠ ᠶᠢᠨ 10 ᠤ ᠡᠳᠦᠷ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ᠂ ᠮᠤᠵᠢ ᠶᠢᠨ ᠳᠠᠷᠤᠭ᠎ᠠ ᠸᠠᠩ | ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ᠂ ᠰᠢᠶᠦ᠋ᠩ ᠠᠨ ᠰᠢᠨ᠎ᠡ ᠲᠣᠭᠤᠷᠢᠭ ᠤᠨ ᠲᠦᠷᠭᠡᠨ ᠤ ᠲᠡᠮᠦᠷ ᠵᠠᠮ ᠤᠨ ᠥᠷᠲᠡᠭᠡ᠂ ᠨᠡᠶᠢᠭᠡᠮ ᠲᠣᠭᠤᠷᠢᠭ᠂ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠵᠡᠷᠭᠡ ᠪᠠᠷ ᠭᠦᠨᠵᠡᠭᠡᠶᠢᠷᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃ | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ ᠰᠢᠶᠦ᠋ᠩ ᠠᠨ ᠰᠢᠨ᠎ᠡ ᠲᠣᠭᠤᠷᠢᠭ ᠲᠤ ᠬᠦᠷᠴᠦ᠂ ᠭᠦᠷᠦᠭᠰᠡᠨ ᠤ | ᠳᠠᠷᠠᠭ᠎ᠠ ᠡᠩ ᠲᠡᠷᠢᠭᠦᠨ ᠳᠤ ᠰᠢᠶᠦ᠋ᠩ ᠠᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠰᠢᠶᠦ᠋ᠩ ᠠᠨ | ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ | ᠮᠥᠨ ᠪᠠᠶᠢᠵᠤ ᠂ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ ᠰᠢ ᠶᠢᠨ ᠫᠢᠩ ᠤᠷᠢᠳ ᠬᠤᠵᠢᠳ ᠥᠷᠲᠡᠭᠡᠨ ᠤ ᠵᠣᠭᠰᠣᠭᠠᠯ᠂ ᠲᠡᠷᠭᠡ | ᠬᠦᠯᠢᠶᠡᠬᠦ ᠲᠢᠩᠬᠢᠮ᠂ ᠥᠷᠲᠡᠭᠡᠨ ᠤ ᠭᠠᠳᠠᠨᠠᠬᠢ ᠠᠭᠤᠳᠠᠮ ᠲᠠᠯᠠᠪᠠᠢ ᠶᠢ ᠪᠠᠶᠢᠴᠠᠭᠠᠨ ᠦᠵᠡᠵᠦ᠂ ᠰᠢᠶᠦ᠋ᠩ ᠠᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢᠨ | ᠠᠵᠢᠯᠯᠠᠭᠠᠨ ᠪᠣᠯᠣᠨ ᠪᠠᠶᠢᠭ᠎ᠠ ᠽᠠᠨ ᠭᠠᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ | ᠰᠢᠶᠦ᠋ᠩ ᠠᠨ ᠦᠷᠳᠡᠭᠡ ᠪᠣᠯ ᠰᠢᠶᠦ᠋ᠩ ᠠᠨ ᠰᠢᠨ᠎ᠡ ᠲᠣᠭᠤᠷᠢᠭ ᠤᠨ ᠠᠭᠤᠯᠵᠠᠷ ᠲᠡᠷᠭᠡᠨ ᠦᠷᠳᠡᠭᠡ ᠪᠣᠯᠣᠨ᠎ᠠ᠂ ᠰᠢᠶᠦ᠋ᠩ ᠠᠨ ᠦᠷᠳᠡᠭᠡ ᠪᠣᠯᠣᠨ ᠰᠢᠶᠦ᠋ᠩ ᠠᠨ | ᠰᠢᠨ᠎ᠡ ᠲᠣᠭᠤᠷᠢᠭ ᠢ ᠬᠤᠯᠪᠣᠨ ᠨᠡᠪᠲᠡᠷᠡᠭᠦᠯᠬᠦ ᠵᠠᠮ ᠬᠠᠷᠢᠯᠴᠠᠭᠠᠨ ᠤ ︽ᠨᠠᠷᠢᠨ ᠴᠢᠰᠤᠨ ᠰᠤᠳᠠᠯ︾ ᠢ ᠴᠢᠨᠠᠭᠰᠢᠳᠠ ᠲᠡᠭᠦᠯᠳᠡᠷᠵᠢᠭᠦᠯᠵᠦ᠂ ᠬᠥᠮᠥᠨ ᠤ ᠤᠷᠤᠰᠬᠠᠯ | ᠪᠠᠷᠠᠭᠠᠨ ᠤ ᠭᠦᠢᠯᠭᠡᠭᠡ ᠶᠢᠨ ᠲᠥᠪᠯᠡᠷᠡᠬᠦ ᠪᠠ ᠲᠠᠷᠬᠠᠭᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠽᠠᠨ ᠭᠠᠩ ᠲᠣᠭᠤᠷᠢᠭ ᠢ ᠳᠡᠭᠡᠳᠦ ᠲᠡᠰ ᠤᠨ ᠳᠡᠭᠡᠳᠦ | ᠰᠢᠨ᠎ᠡ ᠠᠵᠤ ᠦᠢᠯᠡᠰ ᠤᠨ ᠲᠥᠪᠯᠡᠷᠡᠭᠰᠡᠨ ᠣᠷᠣᠨ ᠪᠣᠯᠭᠠᠨ ᠪᠦᠲᠦᠭᠡᠨ ᠪᠠᠶᠢᠭᠤᠯᠵᠤ᠂ ᠡᠯ᠎ᠡ ᠲᠠᠯ᠎ᠠ ᠶᠢᠨ ᠵᠣᠴᠢᠳ ᠲᠤ ᠰᠢᠶᠦ᠋ᠩ ᠠᠨ ᠳᠤ ᠢᠷᠡᠮᠡᠭᠴᠡ ᠰᠢᠶᠦ᠋ᠩ | ᠠᠨ ᠰᠢᠨ᠎ᠡ ᠲᠣᠭᠤᠷᠢᠭ ᠤᠨ ᠰᠦᠷ ᠳᠠᠯᠠᠶᠢᠴᠠᠲᠠᠢ ᠣᠳᠣᠬᠢᠴᠢᠯᠠᠯᠲᠠ ᠶᠢᠨ ᠰᠢᠨ᠎ᠡ ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠡᠷᠭᠡᠨ ᠳᠤ ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ ᠶᠢᠩ ᠨᠡᠶᠢᠭᠡᠮ ᠲᠣᠭᠤᠷᠢᠭ ᠲᠤ ᠭᠦᠷᠪᠡ᠃ ᠲᠣᠰ ᠨᠡᠶᠢᠭᠡᠮ | ᠲᠣᠭᠤᠷᠢᠭ ᠠᠨ ᠰᠢᠨ᠂ ᠷᠦᠩ ᠴᠧᠩ ᠬᠤᠶᠠᠷ ᠰᠢᠶᠠᠨ ᠤ 5000 ᠭᠠᠷᠤᠢ ᠪᠤᠴᠠᠭᠠᠨ ᠨᠡᠭᠦᠯᠭᠡᠭᠰᠡᠨ ᠠᠷᠠᠳ ᠢ ᠲᠥᠪᠬᠢᠨᠡᠭᠦᠯᠪᠡ᠃ ᠰᠢ ᠶᠢᠨ ᠫᠢᠩ ᠤᠷᠢᠳ | ᠬᠤᠵᠢᠳ ᠨᠠᠮ ᠤᠯᠠᠨ ᠲᠦᠮᠡᠨ ᠤ ᠦᠢᠯᠡᠴᠢᠯᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠲᠠᠩᠬᠢᠮ ᠳᠤ ᠬᠦᠷᠴᠦ᠂ ᠨᠡᠶᠢᠭᠡᠮ ᠲᠣᠭᠤᠷᠢᠭ ᠤᠨ | ᠠᠵᠢᠯᠲᠠᠨ᠂ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠤᠯᠠᠨ ᠲᠦᠮᠡᠨ᠂ ᠬᠤᠭᠤᠯᠠ ᠢᠳᠡᠵᠦ ᠪᠠᠶᠢᠭ᠎ᠠ ᠨᠡᠶᠢᠭᠡᠮ ᠲᠣᠭᠤᠷᠢᠭ ᠤᠨ | ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠠᠷᠠᠳ ᠤᠨ ᠪᠠᠶᠢᠳᠠᠯ ᠤᠨ ᠡᠬᠡ ᠲᠠᠩᠰᠠ ᠶᠢ ᠨᠠᠷᠢᠨ ᠦᠵᠡᠵᠦ᠂ ᠨᠡᠶᠢᠭᠡᠮ ᠲᠣᠭᠤᠷᠢᠭ ᠤᠨ ᠥᠷᠨᠢᠭᠦᠯᠦᠭᠰᠡᠨ | ᠠᠷᠠᠳ ᠲᠤ ᠲᠦᠭᠦᠮ ᠦᠵᠡᠭᠦᠯᠭᠦ ᠨᠠᠰᠤᠵᠢᠯ ᠤᠨ ᠦᠢᠯᠡᠴᠢᠯᠡᠭᠡ ᠵᠡᠷᠭᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ ᠰᠢ ᠶᠢᠨ ᠫᠢᠩ᠂ ᠪᠢ ᠪᠤᠴᠠᠭᠠᠨ ᠨᠡᠭᠦᠯᠭᠡᠭᠰᠡᠨ | ᠤᠯᠠᠨ ᠲᠦᠮᠡᠨ ᠤ ᠲᠥᠯᠥᠭᠡ ᠰᠠᠨᠠᠭᠠᠰᠢᠷᠠᠭᠰᠠᠭᠠᠷ ᠢᠷᠡᠵᠠᠢ᠂ ᠤᠯᠠᠨ ᠤ ᠠᠮᠢᠳᠤᠷᠠᠯ ᠰᠠᠶᠢᠨ ᠪᠠᠶᠢᠬᠤ ᠶᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠰᠢᠶᠦ᠋ᠩ | ᠠᠨ ᠰᠢᠨ᠎ᠡ ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠳᠤ᠂ ᠴᠢᠬᠤᠯᠠ ᠨᠢ ᠠᠮᠤᠷ ᠠᠮᠤᠭᠤᠯᠠᠩ ᠣᠷᠣᠨ ᠰᠠᠭᠤᠴᠠ ᠪᠠ ᠪᠠᠶᠠᠷ ᠪᠠᠶᠠᠰᠤᠯ ᠲᠠᠢ ᠠᠵᠤ ᠳᠦᠷᠦᠭᠦ | ᠶᠢ ᠵᠤᠯᠭᠠᠯᠴᠠᠭᠤᠯᠵᠦ᠂ ᠤᠯᠠᠨ ᠲᠦᠮᠡᠨ ᠢ ᠲᠣᠭᠲᠠᠭᠤᠨ ᠰᠠᠭᠤᠷᠢᠰᠢᠭᠤᠯᠵᠤ ᠂ ᠠᠮᠤᠷ ᠲᠠᠶᠢᠪᠤᠩ ᠠᠮᠢᠳᠤᠷᠠᠭᠤᠯᠵᠤ᠂ ᠬᠦᠰᠡᠯ ᠡᠷᠡᠮᠡᠯᠵᠡᠯ ᠲᠠᠢ ᠪᠣᠯᠭᠠᠬᠤ ᠶᠠᠪᠤᠳᠠᠯ | ᠪᠣᠯᠣᠨ᠎ᠠ᠃ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢ ᠵᠡᠷᠭᠡ ᠪᠠᠷ ᠠᠬᠢᠭᠤᠯᠵᠤ ᠂ ᠡᠬᠢᠯᠡᠩᠭᠦᠲᠡ ᠪᠠᠨ ︽ᠬᠠᠳᠬᠤᠮᠠᠯ ᠬᠠᠳᠬᠤᠬᠤ︾ ᠬᠦᠴᠦ ᠶᠢ | ᠣᠷᠣᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠵᠢᠯᠯᠠᠵᠤ | ᠠᠮᠢᠳᠤᠷᠠᠬᠤ ᠳᠤ ᠲᠣᠬᠢᠷᠠᠮᠵᠢᠲᠠᠢ ︽ᠠᠷᠠᠳ ᠤᠨ ᠬᠤᠳᠠ︾ ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ ᠬᠦᠷᠴᠦ ᠪᠣᠯᠭᠤᠭᠠᠨ ᠦᠵᠡᠪᠡ᠃ ᠯᠢ ᠵᠢᠩ ᠾᠧ ᠶᠡᠷᠦᠩᠬᠡᠢ | ᠱᠦᠵᠢ ᠳᠤ᠂ 2021 ᠣᠨ ᠤ 11 ᠰᠠᠷ᠎ᠠ ᠳᠤ ᠰᠢᠨ᠎ᠡ ᠣᠷᠣᠨ ᠰᠠᠭᠤᠴᠠ ᠳᠤ ᠨᠡᠭᠦᠨ ᠣᠷᠣᠵᠤ᠂ ᠭᠡᠷ ᠪᠠᠶᠢᠰᠢᠩ ᠠᠭᠤᠵᠢᠮ ᠰᠠᠷᠠᠭᠤᠯ᠂ ᠰᠠᠭᠤᠬᠤ ᠳᠤ | ᠲᠤᠶᠢᠯ ᠤᠨ ᠲᠠᠭᠠᠯᠠᠮᠵᠢᠲᠠᠢ ᠪᠠᠶᠢᠵᠤ ᠂ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠪᠡ᠃ ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠢ | ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ | ᠤᠯᠠᠨ ᠢᠶᠠᠷ ᠢᠶᠠᠨ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ᠂ ᠢᠳᠡᠪᠬᠢᠲᠡᠢ ᠬᠠᠮᠵᠢᠯᠴᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠤᠪᠢ | ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ᠃ ᠲᠡᠷᠡ ᠵᠠᠯᠠᠭᠤ ᠨᠢᠭᠡ ᠦᠶ᠎ᠡ ᠶᠢᠨ ᠬᠢᠨ ᠢ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠ ᠢᠲᠡᠭᠡᠯ ᠵᠣᠷᠢᠭ ᠢᠶᠠᠨ ᠪᠠᠲᠤᠳᠬᠠᠵᠤ᠂ ᠡᠷᠳᠡᠮ ᠴᠢᠳᠠᠪᠤᠷᠢ ᠶᠢ ᠰᠠᠶᠢᠲᠤᠷ ᠰᠤᠷᠤᠯᠴᠠᠵᠤ᠂ ᠨᠤᠲᠤᠭ | ᠤᠰᠤᠨ ᠳᠠᠭᠠᠨ ᠪᠤᠶᠠᠨ ᠦᠢᠯᠡᠳᠴᠦ᠂ ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠣᠭᠠᠷᠠᠢ ᠭᠡᠵᠦ ᠵᠣᠷᠢᠭᠵᠢᠭᠤᠯᠪᠠ᠃ | ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ︽ᠶᠡᠷᠦᠩᠬᠡᠢ ᠱᠦᠵᠢ ᠰᠠᠶᠢᠨ︾ ᠭᠡᠵᠦ ᠥᠨᠳᠥᠷ ᠲᠠᠭᠤᠨ ᠢᠶᠠᠷ ᠬᠠᠰᠬᠢᠷᠤᠨ᠂ ᠰᠢ ᠶᠢᠨ ᠫᠢᠩ ᠤᠯᠠᠨ ᠤ | ᠵᠦᠭ ᠭᠠᠷ ᠳᠠᠯᠠᠯᠤᠨ ᠮᠡᠨᠳᠦᠴᠢᠯᠡᠯ ᠳᠡᠪᠰᠢᠭᠦᠯᠪᠡ᠃ ᠲᠡᠷᠡ ᠭᠦᠨ ᠰᠡᠳᠬᠢᠯᠭᠡ ᠲᠠᠢ ᠪᠠᠷ ᠤᠯᠠᠨ ᠳᠤ᠂ ᠾᠧᠪᠧᠢ ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ᠂ ᠪᠢ | ᠠᠳᠡ ᠬᠠᠶᠢᠷ᠎ᠠ ᠰᠡᠳᠬᠢᠯᠭᠡ ᠲᠠᠢ᠂ ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠮᠢᠨᠤ ᠬᠦᠰᠡᠯ ᠡᠷᠡᠮᠡᠯᠵᠡᠯ ᠮᠥᠨ᠃ ᠰᠢᠶᠦ᠋ᠩ ᠠᠨ ᠰᠢᠨ᠎ᠡ ᠲᠣᠭᠤᠷᠢᠭ ᠢ | ᠪᠦᠲᠦᠭᠡᠨ ᠪᠠᠶᠢᠭᠤᠯᠬᠤ ᠪᠣᠯ ᠮᠢᠩᠭᠠᠨ ᠣᠨ ᠤ ᠶᠡᠭᠡ ᠪᠣᠳᠣᠯᠭ᠎ᠠ᠂ ᠤᠯᠤᠰ ᠤᠨ ᠶᠡᠭᠡ ᠶᠠᠪᠤᠳᠠᠯ ᠮᠥᠨ᠂ ᠭᠦᠪᠰᠦᠷᠭᠡᠵᠤ ᠬᠥᠭᠡᠷᠴᠦ ᠪᠣᠯᠬᠤ ᠦᠭᠡᠢ᠂ ᠬᠦᠯᠢᠶᠡᠵᠦ | ᠲᠦᠰᠢᠵᠦ ᠠᠪᠴᠤ ᠪᠣᠯᠬᠤ ᠦᠭᠡᠢ᠂ ᠯᠠᠪᠳᠠᠭᠤᠨ ᠪᠠᠲᠤᠲᠠᠢ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠬᠦ ᠬᠡᠷᠡᠭᠲᠡᠢ ᠭᠡᠪᠡ᠃ | ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠶᠢᠨ ᠬᠦᠢᠰᠦ ᠪᠠᠷᠢᠯᠭ᠎ᠠ ᠨᠢ ᠰᠢᠶᠦ᠋ᠩ ᠠᠨ ᠰᠢᠨ᠎ᠡ ᠲᠣᠭᠤᠷᠢᠭ ᠤᠨ ᠡᠬᠢᠯᠡᠭᠦᠯᠬᠦ ᠣᠷᠣᠨ ᠤ | ᠭᠤᠣᠯ ᠪᠠᠶᠢᠷᠢᠨ ᠳᠤ ᠪᠤᠢ᠃ ᠰᠢ ᠶᠢᠨ ᠫᠢᠩ ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ | ᠲᠥᠪ ᠤᠨ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦᠨ ᠴᠠᠷᠠᠭ᠎ᠠ ᠶᠢ ᠦᠵᠡᠵᠦ᠂ ᠲᠠᠭᠲᠤ ᠳᠤ ᠭᠠᠷᠴᠤ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠪᠠᠷᠠᠯᠠᠵᠤ᠂ ᠡᠬᠢᠯᠡᠭᠦᠯᠬᠦ ᠣᠷᠣᠨ ᠤ ᠴᠢᠬᠤᠯᠠ ᠶᠡᠭᠡ ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ ᠵᠢᠴᠢ | ᠭᠤᠣᠯᠳᠠᠯᠭ᠎ᠠ ᠲᠠᠢ ᠲᠠᠷᠬᠠᠭᠠᠨ ᠵᠣᠬᠢᠴᠠᠭᠤᠯᠬᠤ ᠲᠦᠷᠤᠯ ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ᠃ | ᠰᠢ ᠶᠢᠨ ᠫᠢᠩ᠂ ᠵᠠᠮ ᠬᠠᠷᠢᠯᠴᠠᠭ᠎ᠠ ᠪᠣᠯ ᠤᠳᠤ ᠦᠶ᠎ᠡ ᠶᠢᠨ ᠬᠤᠳᠠ ᠶᠢᠨ ᠴᠢᠰᠤᠨ ᠰᠤᠳᠠᠯ ᠮᠥᠨ᠃ ᠴᠢᠰᠤᠨ ᠰᠤᠳᠠᠯ ᠰᠠᠭᠠᠳ ᠦᠭᠡᠢ ᠨᠡᠪᠲᠡᠷᠡᠪᠡᠯ ᠬᠤᠲᠠ ᠨᠢ | ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ | ᠲᠠᠯᠪᠢᠵᠤ᠂ ᠭᠠᠵᠠᠷ ᠳᠣᠣᠷᠠᠬᠢ ᠣᠷᠣᠨ ᠵᠠᠢ ᠶᠢ ᠭᠦᠢᠴᠡᠳ ᠠᠰᠢᠭᠯᠠᠬᠤ ᠳᠡᠭᠡᠷ᠎ᠡ ᠬᠦᠴᠦ ᠲᠠᠯᠪᠢᠵᠤ᠂ ︽ᠬᠤᠳᠠ ᠶᠢᠨ ᠡᠪᠡᠳᠴᠢᠨ︾ ᠦᠭᠡᠢ ᠢᠷᠡᠭᠡᠳᠦᠢ ᠶᠢᠨ | ᠬᠤᠳᠠ ᠶᠢ ᠬᠦᠴᠦᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠬᠤᠳᠠ ᠶᠢᠨ ᠲᠥᠯᠦᠪᠵᠢᠭᠦᠯᠭᠡ ᠶᠢᠨ ᠠᠤᠭ᠎ᠠ ᠲᠥᠰᠥᠪ ᠢ ᠦᠨᠡᠨ ᠬᠦ ᠴᠢᠨᠠᠷ ᠰᠠᠶᠢᠲᠠᠢ ᠬᠤᠳᠠ ᠶᠢᠨ | ᠬᠥᠭᠵᠢᠯᠲᠡ ᠶᠢᠨ ᠪᠣᠳᠠᠲᠤ ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠦᠳᠡ ᠶᠢᠨ ᠬᠤᠶᠢᠨ᠎ᠠ᠂ ᠰᠢ ᠶᠢᠨ ᠫᠢᠩ ᠰᠢᠶᠦ᠋ᠩ ᠠᠨ ᠤ ᠬᠤᠷᠠᠯ ᠦᠵᠡᠰᠬᠦᠯᠡᠩ ᠤᠨ ᠲᠥᠪ ᠤᠨ ᠰᠢᠶᠦ᠋ᠩ ᠠᠨ ᠲᠢᠩᠬᠢᠮ ᠳᠤ ᠬᠦᠷᠴᠦ᠂ ᠡᠯᠡᠰᠦᠨ ᠴᠠᠷ᠎ᠠ | ᠂ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ᠂ ᠰᠢᠶᠦ᠋ᠩ ᠠᠨ ᠰᠢᠨ᠎ᠡ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠠᠬᠢᠴᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠵᠢᠴᠢ | ᠬᠤᠷᠠᠭᠰᠠᠨ ᠰᠢᠪᠠᠷ ᠢ ᠴᠡᠪᠡᠷᠯᠡᠨ ᠯᠠᠶᠢᠳᠠᠬᠤ᠂ ᠪᠠᠢ ᠶᠠᠩ ᠳ᠋ᠢᠶᠠᠨ ᠤ ᠳᠣᠲᠣᠭᠠᠳᠤ ᠤᠰᠤᠨ ᠵᠠᠮ ᠤᠨ ᠨᠡᠪᠲᠡᠷᠡᠯᠴᠡᠭᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ | ᠣᠶᠢᠯᠠᠭᠠᠪᠠ᠃ ᠰᠢ ᠶᠢᠨ ᠫᠢᠩ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠨᠢ ᠤᠳᠤ ᠦᠶ᠎ᠡ ᠳᠤ ᠭᠠᠪᠢᠶ᠎ᠠ | ᠪᠠᠶᠢᠭᠤᠯᠵᠤ᠂ ᠮᠢᠩᠭᠠᠨ ᠣᠨ ᠳᠤ ᠠᠰᠢᠭ ᠬᠦᠷᠲᠡᠭᠡᠬᠦ ᠤᠴᠢᠷ ᠠᠴᠠ ᠡᠷᠬᠡᠪᠰᠢ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠵᠦ᠂ ᠯᠠᠪᠳᠠᠭᠤᠨ ᠪᠠᠲᠤᠲᠠᠢ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠬᠤᠷᠠᠯ ᠦᠵᠡᠰᠬᠦᠯᠡᠩ ᠤᠨ ᠲᠥᠪ ᠤᠨ ᠭᠤᠷᠪᠠᠳᠤᠭᠠᠷ ᠳᠠᠪᠬᠤᠷᠭ᠎ᠠ ᠶᠢᠨ ᠤᠯᠠᠨ ᠴᠢᠳᠠᠪᠬᠢᠲᠤ ᠲᠢᠩᠬᠢᠮ ᠳᠤ ᠰᠢᠶᠦ᠋ᠩ ᠠᠨ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠪᠠ᠃ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠾᠧᠪᠧᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠨᠢ ᠶᠤᠸᠠᠢ ᠹᠧᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠭᠦᠸᠧ ᠬᠤᠸᠠ ᠤᠷᠢᠳ | ᠬᠤᠵᠢᠳ ᠦᠭᠡ ᠬᠡᠯᠡᠵᠡᠢ᠃ ᠳᠤᠮᠳᠠᠳᠤ ᠤᠯᠤᠰ ᠤᠨ ᠳᠠᠭᠠᠭᠤᠯᠢ ᠤᠳᠤᠨ ᠤ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠪᠢᠴᠢᠭ ᠢᠶᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠥᠪ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ | ᠾᠧᠪᠧᠢ ᠮᠤᠵᠢ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ | ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠵᠦ ᠲᠥᠯᠥᠪᠯᠡᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠠᠵᠢᠯ ᠠᠩᠬ᠎ᠠ | ᠠᠯᠬᠤᠮ ᠦᠷ᠎ᠡ ᠪᠦᠲᠦᠮᠵᠢ ᠣᠯᠵᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠵᠢᠯ ᠢᠳᠡᠪᠬᠢᠲᠡᠢ ᠠᠬᠢᠯᠲᠠ ᠲᠠᠢ ᠪᠣᠯᠵᠤ᠂ ᠠᠵᠤ ᠦᠢᠯᠡᠰ ᠪᠠ ᠰᠢᠨ᠎ᠡ ᠶᠢ ᠡᠭᠦᠳᠬᠦ ᠡᠯᠧᠮᠧᠨ᠋ᠲ ᠤᠨ | ᠲᠥᠪᠯᠡᠷᠡᠯ ᠤᠨ ᠨᠥᠬᠦᠴᠡᠯ ᠠᠯᠬᠤᠮ ᠠᠯᠬᠤᠮ ᠢᠶᠠᠷ ᠲᠡᠭᠦᠯᠳᠡᠷᠵᠢᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ᠃ | ᠣᠬᠤᠷᠬᠠᠨ 6 ᠵᠢᠯ ᠳᠤ᠂ ᠰᠢᠶᠦ᠋ᠩ ᠠᠨ ᠰᠢᠨ᠎ᠡ ᠲᠣᠭᠤᠷᠢᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ᠂ | ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠳᠠ ᠶᠠᠭ ᠰᠦᠨᠳᠡᠷᠯᠡᠨ ᠪᠣᠰᠴᠤ᠂ ᠭᠠᠶᠢᠬᠠᠮᠰᠢᠭ ᠲᠤ ᠲᠣᠭᠠᠴᠠᠭᠳᠠᠵᠤ ᠪᠣᠯᠣᠨ᠎ᠠ᠃ ᠡᠳᠡᠭᠡᠷ ᠠᠮᠵᠢᠯᠲᠠ | ᠪᠦᠲᠦᠮᠵᠢ ᠶᠢ ᠪᠣᠯ ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠂ 3 ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠪᠠᠶᠢᠳᠠᠯ ᠳᠣᠣᠷ᠎ᠠ ᠣᠯᠣᠭᠰᠠᠨ ᠶᠤᠮ᠂ ᠮᠠᠰᠢ ᠭᠢᠯᠪᠠᠷ ᠪᠤᠰᠤ ᠪᠢᠯᠡ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ | ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ᠂ ᠡᠯ᠎ᠡ ᠲᠠᠯ᠎ᠠ ᠶᠢᠨ ᠠᠵᠢᠯ ᠪᠣᠯ | ᠯᠠᠪᠳᠠᠭᠤᠨ ᠪᠦᠲᠦᠮᠵᠢᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ | ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠲᠦ ᠶᠢᠨ ᠲᠡᠦᠬᠡᠲᠦ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ | ᠰᠢᠶᠦ᠋ᠩ ᠠᠨ ᠰᠢᠨ᠎ᠡ ᠲᠣᠭᠤᠷᠢᠭ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠡᠦᠬᠡᠲᠦ ᠡᠭᠦᠷᠭᠡ ᠪᠠ ᠵᠠᠷᠴᠢᠮ ᠤᠨ | ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡᠲᠦ ᠲᠡᠰᠪᠦᠷᠢ ᠲᠡᠪᠴᠢᠶᠡᠷᠢ ᠶᠢ ᠪᠠᠲᠤᠯᠠᠵᠤ᠂ ᠣᠶᠢᠷ᠎ᠠ ᠶᠢᠨ | ᠬᠤᠭᠤᠴᠠᠭᠠᠨ ᠤ ᠬᠠᠷᠠᠯᠲᠠ ᠪᠣᠯᠣᠨ ᠳᠤᠮᠳᠠ ᠤᠷᠳᠤ ᠬᠤᠭᠤᠴᠠᠭᠠᠨ ᠤ ᠬᠠᠷᠠᠯᠲᠠ᠂ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠬᠥᠮᠥᠨ | ᠠᠮᠠ ᠶᠢᠨ ᠲᠥᠪᠯᠡᠷᠡᠯ ᠤᠨ ᠬᠡᠪᠴᠢᠶ᠎ᠡ᠂ ᠠᠵᠤ ᠦᠢᠯᠡᠰ ᠤᠨ ᠰᠢᠯᠵᠢᠯᠲᠡ ᠪᠠ ᠠᠵᠤ ᠦᠢᠯᠡᠰ ᠤᠨ ᠳᠡᠰ ᠳᠠᠪᠰᠢᠯᠲᠠ᠂ ᠵᠠᠰᠠᠭ ᠤᠨ ᠣᠷᠳᠣᠨ ᠪᠠ ᠵᠠᠬ᠎ᠠ ᠳᠡᠯᠭᠡᠭᠦᠷ᠂ | ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠬᠤᠲᠠ ᠶᠢᠨ ᠲᠣᠰ ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ᠂ ᠬᠤᠲᠠ ᠶᠢᠨ | ᠪᠦᠲᠦᠭᠡᠨ ᠪᠠᠶᠢᠭᠤᠯᠤᠯᠲᠠ ᠪᠠ ᠡᠷᠭᠢᠨ ᠲᠣᠭᠤᠷᠢᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠥᠪ ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ ᠪᠦᠯᠦᠭ ᠤᠨ ᠲᠠᠷᠬᠠᠭᠠᠨ ᠵᠣᠬᠢᠴᠠᠭᠤᠯᠬᠤ ᠠᠵᠢᠯ ᠢ ᠡᠬᠢᠯᠡᠭᠦᠯᠦᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ | ᠠᠬᠤᠶᠢᠯᠠᠯ ᠤᠨ ᠶᠡᠷᠦᠩᠬᠡᠢ ᠬᠡᠯᠲᠡᠰ ᠵᠢᠴᠢ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ | ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠠᠵᠢᠯ ᠦᠢᠯᠡᠰ ᠤᠨ ᠨᠢᠭᠡᠴᠡ ᠶᠢ ᠲᠠᠷᠬᠠᠭᠠᠨ ᠰᠢᠯᠵᠢᠭᠦᠯᠬᠦ ᠠᠵᠢᠯ ᠢ ᠭᠠᠷᠳᠠᠨ ᠲᠥᠯᠥᠪᠵᠢᠭᠦᠯᠵᠦ ᠬᠡᠷᠡᠭᠲᠡᠢ᠃ ᠲᠠᠷᠬᠠᠭᠠᠨ ᠵᠣᠬᠢᠴᠠᠭᠤᠯᠬᠤ ᠶᠢ ᠵᠣᠷᠢᠭᠵᠢᠭᠤᠯᠬᠤ | ᠬᠢᠵᠠᠭᠠᠷᠯᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ᠃ᠲᠠᠷᠬᠠᠭᠠᠨ ᠵᠣᠬᠢᠴᠠᠭᠤᠯᠬᠤ ᠬᠥᠮᠥᠰ ᠤᠨ ᠦᠷ᠎ᠡ | ᠬᠡᠦᠬᠡᠳ ᠤᠨ ᠰᠤᠷᠭᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠴᠠᠯᠢᠩ ᠬᠥᠯᠥᠰᠦ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ᠂ ᠨᠠᠰᠤᠲᠠᠶᠢᠴᠤᠳ ᠲᠤᠨᠢ ᠬᠠᠭᠤᠴᠢᠨ ᠠᠷᠭ᠎ᠠ | ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ ᠬᠥᠮᠥᠨ ᠳᠤ ᠰᠢᠨ᠎ᠡ ᠠᠷᠭ᠎ᠠ ᠬᠡᠷᠡᠭᠵᠢᠭᠦᠯᠬᠦ ᠵᠠᠷᠴᠢᠮ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠠᠷᠬᠠᠭᠠᠨ ᠵᠣᠬᠢᠴᠠᠭᠤᠯᠤᠭᠰᠠᠨ ᠨᠢᠭᠡᠴᠢ ᠪᠠ ᠠᠵᠢᠯᠲᠠᠨ ᠳᠤ ᠦᠨᠡᠨ ᠪᠣᠳᠠᠲᠠᠢ ᠠᠰᠢᠭ | ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠪᠠ ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ ᠤᠶᠠᠯᠳᠤᠭᠤᠯᠬᠤ᠂ | ᠲᠦᠷᠦᠯ ᠵᠦᠢᠯ ᠪᠠ ᠲᠦᠷᠦ ᠶᠢᠨ ᠪᠣᠳᠣᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠳᠠ ᠶᠢᠨ ᠠᠷᠭ᠎ᠠ ᠪᠠᠷᠢᠯ ᠢᠶᠠᠷ | ᠳᠠᠮᠵᠢᠭᠤᠯᠤᠨ ᠨᠡᠶᠢᠰᠯᠡᠯ ᠤᠨ ᠪᠤᠰᠤ ᠴᠢᠳᠠᠮᠵᠢ ᠶᠢ ᠭᠠᠳᠠᠭᠰᠢ ᠪᠠᠨ ᠲᠠᠷᠬᠠᠭᠠᠨ ᠵᠣᠬᠢᠴᠠᠭᠤᠯᠬᠤ ᠳᠣᠲᠣᠭᠠᠳᠤ ᠬᠦᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠡᠯ᠎ᠡ ᠬᠦᠷᠢᠶᠡᠨ ᠤ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ | ᠲᠤᠷᠰᠢᠯᠲᠠ ᠶᠢᠨ ᠵᠢᠱᠢᠶ᠎ᠡ ᠦᠵᠡᠭᠦᠯᠭᠦ ᠲᠦᠷᠦᠯ ᠵᠦᠢᠯ ᠢ ᠰᠢᠶᠦ᠋ᠩ ᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠷᠮᠠᠶᠢᠵᠤ ᠪᠠᠶᠢᠭᠠᠳ ᠰᠢᠨ᠎ᠡ ᠴᠢᠳᠠᠪᠬᠢ ᠶᠢ | ᠪᠠᠶᠢᠭᠤᠯᠵᠤ᠂ ᠰᠢᠨ᠎ᠡ ᠳᠦᠷᠢ ᠲᠥᠷᠬᠦ ᠶᠢ ᠪᠦᠷᠢᠯᠳᠦᠭᠦᠯᠵᠦ᠂ ᠰᠢᠨ᠎ᠡ ᠠᠵᠤ ᠦᠢᠯᠡᠰ ᠢ ᠬᠥᠭᠵᠢᠭᠦᠯᠵᠦ᠂ ᠰᠢᠨ᠎ᠡ ᠴᠢᠳᠠᠪᠤᠷᠢᠲᠠᠨ ᠢ ᠲᠥᠪᠯᠡᠷᠡᠭᠦᠯᠵᠦ᠂ ᠰᠢᠨ᠎ᠡ | ᠲᠣᠭᠲᠠᠴᠠ ᠶᠢ ᠪᠠᠶᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠢ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ ᠪᠣᠰᠬᠠᠬᠤ ᠬᠠᠯᠠᠭᠤᠨ | ᠬᠥᠷᠥᠰᠥ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ | ᠨᠥᠬᠦᠴᠡᠯ ᠢ ᠪᠤᠢ ᠪᠣᠯᠭᠠᠵᠤ᠂ ᠠᠯᠢ ᠤᠯᠠᠨ ᠣᠨᠴᠠᠭᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ ᠥᠷᠭᠡᠨ ᠢᠶᠠᠷ ᠲᠠᠲᠠᠬᠤ ᠪᠠ ᠲᠥᠪᠯᠡᠷᠡᠭᠦᠯᠵᠦ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ | ᠪᠣᠯᠣᠨ ᠬᠥᠭᠵᠢᠯᠲᠡ ᠳᠤ ᠣᠷᠣᠯᠴᠠᠭᠤᠯᠵᠤ᠂ ᠬᠥᠮᠥᠰ ᠤᠨ ᠬᠦᠰᠡᠨ ᠡᠷᠡᠮᠡᠯᠵᠡᠵᠦ᠂ ᠴᠢᠬᠤᠯᠠ ᠡᠯᠧᠮᠧᠨ᠋ᠲ ᠴᠤᠭᠯᠠᠷᠠᠵᠤ᠂ ᠬᠦᠴᠦ ᠪᠠᠨ ᠬᠠᠮᠲᠤᠳᠬᠠᠵᠤ ᠬᠠᠮᠲᠤ ᠪᠠᠷ | ᠪᠠᠶᠢᠭᠤᠯᠬᠤ᠂ ᠬᠠᠮᠲᠤ ᠪᠠᠷ ᠬᠥᠭᠵᠢᠬᠦ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠥᠷᠭᠡᠨ ᠢᠶᠠᠷ | ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ | ᠢᠳᠡᠪᠬᠢᠲᠡᠢ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠵᠤ᠂ ᠰᠢᠨ᠎ᠡ ᠬᠦᠳᠡᠯᠭᠡᠬᠦ ᠡᠨᠧᠷᠭᠢ ᠶᠢ ᠪᠦᠷᠢᠯᠳᠦᠭᠦᠯᠵᠦ᠂ ᠣᠶᠤᠨᠴᠢ᠂ ᠪᠣᠬᠢᠷᠳᠤᠯ ᠦᠭᠡᠢ᠂ | ᠰᠢᠨ᠎ᠡ ᠶᠢ ᠡᠭᠦᠳᠬᠦ ᠶᠢ ᠰᠢᠶᠦ᠋ᠩ ᠠᠨ ᠰᠢᠨ᠎ᠡ ᠲᠣᠭᠤᠷᠢᠭ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠢ ᠪᠣᠬᠢᠷᠳᠤᠯ ᠦᠭᠡᠢ ᠬᠥᠭᠵᠢᠬᠦ ᠬᠤᠳᠠ ᠶᠢᠨ ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠤᠳᠤᠷᠢᠳᠬᠤ ᠪᠠᠶᠢᠭᠤᠯᠤᠮᠵᠢ ᠪᠣᠯᠣᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ | ᠪᠦᠷᠢᠨᠰᠢᠭᠦᠯᠵᠦ᠂ ᠰᠢᠨ᠎ᠡ ᠲᠣᠭᠤᠷᠢᠭ ᠤᠨ ᠬᠤᠳᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠡᠶᠢᠰᠢ ᠬᠤᠪᠢᠷᠠᠬᠤ ᠶᠢ ᠱᠠᠲᠤ ᠬᠤᠪᠢᠶᠠᠨ ᠠᠯᠬᠤᠮ ᠲᠠᠷᠠᠭ᠎ᠠ ᠬᠤᠪᠢᠶᠠᠨ | ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠰᠢᠨ᠎ᠡ ᠲᠣᠭᠤᠷᠢᠭ ᠤᠨ ᠡᠯ᠎ᠡ ᠱᠠᠲᠤᠨ ᠤ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠪᠠ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠰᠢᠨ᠎ᠡ ᠲᠣᠭᠤᠷᠢᠭ ᠤᠨ ᠺᠠᠳ᠋ᠷ ᠢ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠴᠢᠳᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠪᠦᠲᠦᠭᠡᠨ ᠪᠠᠶᠢᠭᠤᠯᠵᠤ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠤ ᠲᠥᠯᠥᠭᠡ | ᠪᠠᠶᠢᠯᠭᠠᠬᠤ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠲᠤᠰ ᠪᠡᠶ᠎ᠡ ᠶᠢᠨ ᠠᠰᠢᠭ ᠲᠤᠰᠠ ᠶᠢᠨ | ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠠᠴᠠ ᠦᠨᠡᠨ ᠪᠣᠳᠠᠲᠠᠢ | ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ | ᠣᠯᠭᠤᠬᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠬᠥᠳᠡᠯᠮᠦᠷᠢ ᠬᠦᠴᠦᠨ ᠳᠤ | ᠲᠠᠭᠢᠨ ᠠᠵᠢᠯ ᠣᠯᠭᠤᠬᠤ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠬᠤ ᠬᠡᠷᠡᠭᠲᠡᠢ᠃ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ | ᠠᠬᠢᠭᠤᠯᠵᠤ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠪᠦᠭᠦ ᠠᠷᠠᠳ ᠲᠦᠮᠡᠨ ᠤ | ᠬᠠᠮᠲᠤ ᠪᠠᠷ ᠪᠠᠶᠠᠵᠢᠬᠤ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ | ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠶᠢᠨ ᠬᠠᠮᠲᠤ ᠡᠭᠦᠨ ᠢᠶᠠᠷ ᠠᠵᠠ ᠲᠣᠭᠢᠶᠠᠯ ᠪᠣᠯᠭᠠᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ | ᠦᠵᠡᠯ ᠰᠠᠨᠠᠭᠠᠨ ᠤ ᠶᠡᠭᠡ ᠴᠢᠯᠦᠭᠡᠯᠡᠯᠲᠡ᠂ ᠴᠢᠳᠠᠪᠤᠷᠢ ᠶᠢᠨ ᠶᠡᠭᠡ ᠳᠡᠭᠡᠭᠰᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ ᠠᠵᠢᠯ ᠤᠨ ᠶᠡᠭᠡ | ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ | ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠠᠷᠢᠭᠤᠨ ᠴᠢᠬᠡᠴᠢ ᠰᠢᠶᠦ᠋ᠩ ᠠᠨ︾ ᠢᠶᠠᠷ ︽ᠰᠢᠶᠦ᠋ᠩ ᠠᠨ ᠤ ᠶᠠᠰᠤ | ᠴᠢᠨᠠᠷ︾ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ | ᠠᠬᠢᠭᠤᠯᠬᠤ ᠳᠤ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠲᠥᠪ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠶᠠᠪᠤᠳᠠᠯ ᠪᠣᠯᠣᠨ᠎ᠠ᠃ ︽ᠮᠢᠩᠭᠠᠨ ᠣᠨ ᠤ ᠶᠡᠭᠡ ᠪᠣᠳᠣᠯᠭ᠎ᠠ︾ ᠶᠢᠨ ᠲᠣᠭᠲᠠᠯ ᠬᠦᠴᠦᠨ ᠲᠠᠢ ᠪᠠᠶᠢᠵᠤ᠂ ᠰᠢᠶᠦ᠋ᠩ ᠠᠨ ᠰᠢᠨ᠎ᠡ ᠲᠣᠭᠤᠷᠢᠭ ᠤᠨ ᠴᠢᠳᠠᠮᠵᠢ ᠶᠢᠨ | ᠪᠠᠶᠢᠷᠢ ᠲᠣᠭᠲᠠᠭᠠᠯᠲᠠ ᠪᠠ ᠲᠡᠦᠬᠡᠲᠦ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ | ᠬᠡᠷᠡᠭᠲᠡᠢ᠃ ︽ᠥᠷᠯᠥᠭᠡ ᠦᠳᠡᠰᠢ ᠶᠢ ᠲᠡᠮᠡᠴᠡᠬᠦ︾ ᠡᠷᠴᠢ ᠵᠣᠷᠢᠭ ᠲᠠᠢ ᠪᠠᠶᠢᠵᠤ᠂ ᠨᠢᠭᠡᠨᠲᠡ ᠲᠣᠳᠣᠷᠬᠠᠢ ᠪᠣᠯᠤᠭᠰᠠᠨ᠂ ᠡᠷᠬᠡᠪᠰᠢ ᠬᠢᠬᠦ ᠴᠢᠬᠤᠯᠠᠲᠠᠢ ᠶᠠᠪᠤᠳᠠᠯ ᠢ | ᠴᠢᠩᠭ᠎ᠠ ᠠᠳᠬᠤᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ᠂ ᠱᠠᠯᠠᠮᠠᠭᠠᠶᠢᠯᠠᠨ ᠠᠵᠢᠯᠯᠠᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ | ᠵᠣᠬᠢᠴᠠᠭᠤᠯᠬᠤ ᠶᠢ ᠲᠦᠷᠭᠡᠪᠴᠢᠯᠡᠨ ᠵᠣᠯᠭᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ | ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ | ᠬᠥᠭᠵᠢᠯᠲᠡ ᠶᠢᠨ ᠦᠨᠳᠦᠰᠦ ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ ᠡᠭᠦᠳᠬᠦ ᠴᠢᠬᠤᠯᠠ ᠭᠤᠯᠣᠮᠲᠠ ᠶᠢ ᠬᠦᠴᠦᠯᠡᠨ | ᠪᠠᠶᠢᠭᠤᠯᠵᠤ᠂ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ | ᠡᠭᠦᠳᠬᠦ ᠶᠢ ᠥᠷᠨᠢᠭᠦᠯᠬᠦ ᠭᠡᠷᠡᠭᠲᠡᠢ︔ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠤᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ | ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠭᠡᠷᠡᠭᠳᠠᠢ︔ ᠪᠡᠭᠡᠵᠢᠩ | ᠲᠢᠶᠠᠨᠵᠢᠨ ᠾᠧᠪᠧᠢ ᠶᠢᠨ ᠬᠠᠮᠵᠢᠯᠴᠠᠨ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ᠂ ᠠᠰᠢᠭ ᠲᠤᠰᠠ ᠶᠢ ᠬᠠᠮᠲᠤ ᠪᠠᠷ ᠡᠳ᠋ᠯᠡᠬᠦ | ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠨᠡᠩ ᠤᠯᠠᠨ ᠡᠯᠧᠮᠧᠨ᠋ᠲ ᠤᠨ ᠡᠬᠢ ᠪᠠᠶᠠᠯᠢᠭ ᠢ ᠰᠢᠩᠭᠡᠬᠡᠨ ᠠᠪᠬᠤ ᠪᠠ ᠲᠥᠪᠯᠡᠷᠡᠭᠦᠯᠵᠦ ᠪᠠᠶᠢᠭᠠᠳ | ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠷᠣᠯᠴᠠᠭᠤᠯᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ᠂ ᠦ᠋ ᠵᠧᠩ ᠯᠦᠩ᠂ ᠮᠦ | ᠬᠤᠩ᠂ ᠵᠢᠶᠠᠩ ᠰᠢᠨ ᡁᠢ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ | ᠪᠦᠬᠦᠢ ᠨᠢᠭᠡᠴᠢ᠂ ᠾᠧᠪᠧᠢ ᠮᠤᠵᠢ᠂ ᠰᠢᠶᠦ᠋ᠩ ᠠᠨ ᠰᠢᠨ᠎ᠡ ᠲᠣᠭᠤᠷᠢᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ | ᠬᠤᠷᠠᠯ ᠳᠤ ᠣᠷᠣᠯᠴᠠᠵᠠᠢ᠃ | | |