| 5 ᠰᠠᠷ᠎ᠠ ᠶᠢᠨ 18 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ︽ᠬᠠᠤᠯᠢᠵᠢᠯ ᠤᠨ ᠡᠵᠡᠩᠨᠡᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠣᠨ︾ ᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ | ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠰᠣᠨᠢᠨ ᠮᠡᠳᠡᠭᠡᠨ ᠤ ᠵᠠᠭᠤᠴᠢᠯᠠᠭᠤᠷ ᠲᠤ | ︽ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠣᠨ︾ ᠤ 1+4 ᠲᠤᠰᠬᠠᠢ ᠠᠵᠢᠯᠯᠠᠭᠠᠨ ᠤ ᠠᠭᠤᠯᠭ᠎ᠠ᠂ | ᠦᠷ᠎ᠡ ᠪᠥᠲᠥᠮᠵᠢ ᠵᠢᠴᠢ ᠲᠠᠷᠠᠭᠠᠴᠢ ᠶᠢᠨ ᠠᠯᠬᠤᠮ ᠤᠨ ᠠᠷᠭ᠎ᠠ ᠬᠡᠮᠵᠢᠶ᠎ᠡ ᠶᠢ ᠲᠠᠨᠢᠯᠴᠠᠭᠤᠯᠪᠠ᠃ | ︽ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠵᠢᠭᠦᠯᠦᠯᠲᠡ ᠶᠢᠨ ᠣᠨ︾ ᠤ 1+4 ᠲᠤᠰᠬᠠᠢ ᠠᠵᠢᠯᠯᠠᠭᠠᠨ ᠨᠢ | ᠲᠤᠬᠠᠶᠢᠯᠠᠪᠠᠯ ᠠᠵᠤ ᠠᠬᠤᠶᠢᠯᠠᠯ ᠤᠨ ᠢᠲᠡᠭᠡᠮᠵᠢ ᠶᠢ ᠰᠡᠷᠭᠦᠭᠡᠬᠦ ︽ᠠᠵᠤ ᠠᠬᠤᠶᠢᠯᠠᠯ ᠢ ᠳᠤᠯᠠᠭᠠᠯᠠᠬᠤ︾ ᠲᠤᠰᠬᠠᠢ ᠠᠵᠢᠯᠯᠠᠭᠠᠨ᠂ ᠵᠠᠬ᠎ᠠ ᠳᠡᠯᠭᠡᠭᠦᠷ ᠤᠨ ᠭᠤᠣᠯ | ᠴᠣᠭᠴᠠ ᠶᠢᠨ ︽ᠠᠵᠤ ᠠᠬᠤᠶᠢᠯᠠᠯ ᠢ ᠲᠤᠰᠠᠯᠠᠬᠤ︾ ᠲᠤᠰᠬᠠᠢ ᠠᠵᠢᠯᠯᠠᠭᠠᠨ᠂ ᠴᠠᠯᠠᠭᠠᠢ ᠪᠣᠯᠪᠠᠰᠤᠨ ᠢ ᠬᠡᠷᠡᠭᠵᠢᠭᠦᠯᠬᠦ ︽ᠠᠵᠤ ᠠᠬᠤᠶᠢᠯᠠᠯ ᠢ ᠬᠠᠮᠠᠭᠠᠯᠠᠬᠤ︾ | ᠲᠤᠰᠬᠠᠢ ᠠᠵᠢᠯᠯᠠᠭᠠᠨ᠂ ᠨᠠᠮ ᠵᠠᠰᠠᠭ ᠤᠨ ᠪᠠᠶᠢᠭᠤᠯᠭ᠎ᠠ ᠳᠤ ᠬᠤᠯᠪᠣᠭᠳᠠᠭᠰᠠᠨ ᠳᠠᠷᠤᠭᠳᠠᠮᠠᠯ ᠬᠡᠷᠡᠭ ᠢ ᠢᠯᠭᠠᠷᠠᠭᠤᠯᠬᠤ ︽ᠠᠵᠤ ᠠᠬᠤᠶᠢᠯᠠᠯ ᠳᠤ ᠠᠰᠢᠭ ᠬᠦᠷᠲᠡᠭᠡᠬᠦ︾ | ᠲᠤᠰᠬᠠᠢ ᠠᠵᠢᠯᠯᠠᠭᠠᠨ ᠪᠠ ᠵᠠᠬᠢᠳᠠᠯ ᠰᠤᠷᠪᠤᠯᠵᠢᠯᠠᠯ ᠤᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ︽ᠠᠵᠤ ᠠᠬᠤᠶᠢᠯᠠᠯ ᠢ ᠠᠮᠤᠷᠵᠢᠭᠤᠯᠬᠤ︾ ᠲᠤᠰᠬᠠᠢ | ᠠᠵᠢᠯᠯᠠᠭᠠᠨ ᠪᠣᠯᠣᠨ᠎ᠠ᠃ | ᠲᠤᠰ ᠤᠳᠠᠭᠠᠨ ᠤ ᠲᠤᠰᠬᠠᠢ ᠠᠵᠢᠯᠯᠠᠭᠠᠨ ᠢ ᠥᠷᠨᠢᠭᠦᠯᠦᠭᠰᠡᠨ ᠠᠴᠠ ᠨᠠᠰᠢ᠂ ᠪᠦᠬᠦ ᠬᠤᠳᠠ ᠶᠢᠨ ᠰᠢᠭᠦᠬᠦ ᠬᠤᠷᠢᠶ᠎ᠠ ᠶᠢᠨ ᠢᠲᠡᠭᠡᠯ ᠢᠶᠠᠨ ᠠᠯᠳᠠᠭᠰᠠᠨ ᠠᠵᠤ | ᠠᠬᠤᠶᠢᠯᠠᠯ᠂ ᠠᠵᠤ ᠠᠬᠤᠶᠢᠯᠠᠯ ᠤᠨ ᠭᠦᠢᠴᠡᠳᠬᠡᠭᠳᠡᠭᠴᠢ ᠶᠢᠨ ᠪᠣᠳᠠᠲᠠᠢ ᠭᠦᠢᠴᠡᠳᠬᠡᠵᠦ ᠳᠠᠭᠤᠰᠬᠠᠭᠰᠠᠨ ᠦᠭᠡᠢ ᠬᠡᠷᠡᠭ᠂ ᠨᠠᠮ ᠵᠠᠰᠠᠭ ᠤᠨ ᠪᠠᠶᠢᠭᠤᠯᠭ᠎ᠠ ᠳᠤ | ᠬᠤᠯᠪᠣᠭᠳᠠᠭᠰᠠᠨ ᠠᠷᠠᠳ ᠤᠨ ᠰᠢᠭᠦᠬᠦ ᠬᠤᠷᠢᠶ᠎ᠠ ᠶᠢᠨ ᠬᠦᠴᠦᠨ ᠲᠠᠢ ᠪᠣᠯᠤᠭᠰᠠᠨ ᠲᠠᠰᠤᠯᠤᠨ ᠲᠣᠭᠲᠠᠭᠠᠯᠲᠠ ᠶᠢ ᠭᠦᠢᠴᠡᠳᠬᠡᠭᠰᠡᠨ ᠦᠭᠡᠢ ᠬᠡᠷᠡᠭ ᠢ ᠪᠦᠬᠦ ᠲᠠᠯ᠎ᠠ ᠪᠠᠷ | ᠵᠢᠭᠰᠠᠭᠠᠨ ᠪᠠᠶᠢᠴᠠᠭᠠᠵᠤ ᠪᠠᠶᠢᠳᠠᠯ ᠢ ᠣᠶᠢᠯᠠᠭᠠᠬᠤ ᠶᠢ ᠨᠢᠭᠡᠨᠲᠡ ᠪᠡᠶᠡᠯᠡᠭᠦᠯᠵᠦ᠂ ᠬᠥᠳᠡᠯᠦᠩᠭᠦᠢ ᠬᠠᠮᠢᠶᠠᠷᠤᠯᠲᠠ ᠶᠢᠨ ᠨᠠᠷᠢᠨ ᠲᠠᠩᠰᠠ ᠶᠢ ᠪᠠᠶᠢᠭᠤᠯᠵᠤ᠂ ᠡᠵᠡᠩᠨᠡᠯᠲᠡ | ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠬᠤᠯᠪᠣᠭᠳᠠᠭᠰᠠᠨ ᠭᠦᠢᠴᠡᠳᠬᠡᠬᠦ ᠬᠡᠷᠡᠭ ᠢ ᠪᠦᠬᠦ ᠲᠠᠯ᠎ᠠ ᠪᠠᠷ ᠡᠵᠡᠮᠰᠢᠭᠰᠡᠨ ᠪᠥᠭᠡᠳ ᠨᠠᠷᠢᠨ | ᠲᠠᠩᠰᠠ ᠶᠢᠨ ᠳᠣᠲᠣᠷᠠᠬᠢ ᠬᠡᠷᠡᠭ ᠢ ᠦᠨᠳᠦᠰᠦᠯᠡᠨ᠂ ᠬᠡᠷᠡᠭ ᠳᠠᠷᠠᠭᠠᠯᠠᠨ ᠵᠠᠳᠠᠯᠤᠨ ᠰᠤᠳᠤᠯᠵᠤ ᠮᠠᠭᠠᠳᠯᠠᠭᠠᠳ᠂ ᠰᠢᠰᠲ᠋ᠧᠮ ᠲᠠᠢ ᠪᠠᠷ ᠡᠪᠳᠡᠪᠡ᠃ | ᠡᠨᠡ ᠵᠢᠯ ᠠᠴᠠ ᠨᠠᠰᠢ᠂ ᠪᠥᠬᠦ ᠬᠤᠲᠠ ᠶᠢᠨ ᠰᠢᠭᠦᠬᠦ ᠬᠤᠷᠢᠶ᠎ᠠ ᠶᠢᠨ ᠰᠢᠰᠲ᠋ᠧᠮ ᠤᠨ ᠬᠢᠨ ᠠᠵᠤ ᠠᠬᠤᠶᠢᠯᠠᠯ ᠳᠤ ᠬᠤᠯᠪᠣᠭᠳᠠᠭᠰᠠᠨ ᠬᠡᠷᠡᠭ ᠢ ᠨᠡᠶᠢᠲᠡ | 6900 ᠭᠠᠷᠤᠢ ᠭᠦᠢᠴᠡᠳᠬᠡᠨ ᠳᠠᠭᠤᠰᠬᠠᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 48% ᠪᠠᠷ ᠳᠡᠭᠡᠭᠰᠢᠯᠡᠪᠡ︔ ᠬᠡᠷᠡᠭ ᠢ ᠳᠠᠭᠤᠰᠬᠠᠭᠰᠠᠨ | ᠨᠣᠷᠮ᠎ᠠ 75% ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 20% ᠪᠠᠷ ᠳᠡᠭᠡᠭᠰᠢᠯᠡᠪᠡ︔ 143 ᠢᠲᠡᠭᠡᠯ ᠠᠯᠳᠠᠭᠰᠠᠨ ᠠᠵᠤ ᠠᠬᠤᠶᠢᠯᠠᠯ ᠤᠨ | ᠢᠲᠡᠭᠡᠮᠵᠢ ᠶᠢ ᠰᠡᠷᠭᠦᠭᠡᠵᠦ᠂ ᠰᠢᠨ᠎ᠡ ᠪᠠᠷ ᠨᠡᠮᠡᠭᠳᠡᠭᠰᠡᠨ ᠢᠲᠡᠭᠡᠯ ᠠᠯᠳᠠᠭᠰᠠᠨ ᠠᠵᠤ ᠠᠬᠤᠶᠢᠯᠠᠯ ᠠᠳᠠᠯᠢ ᠬᠤᠭᠤᠴᠠᠭᠠᠨ ᠤ ᠬᠢ ᠠᠴᠠ 34% ᠪᠠᠷ ᠪᠠᠭᠤᠷᠠᠪᠠ᠃ | | |