ᠬᠤᠳᠠ ᠶᠢᠨ ᠵᠠᠰᠠᠭ ᠤᠨ ᠣᠷᠳᠣᠨ 2023 ᠣᠨ ᠤ ᠳᠥᠷᠪᠡᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/24
     5 ᠰᠠᠷ᠎ᠠ ᠶᠢᠨ 22 ᠎ ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ 2023 ᠣᠨ ᠤ ᠳᠥᠷᠪᠡᠳᠦᠭᠡᠷ ᠤᠳᠠᠭ᠎ᠠ ᠶᠢᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ︽ᠤᠯᠠᠭᠠᠨᠬᠠᠳᠠ ᠶᠢᠨ ᠠᠭᠤᠷᠬᠠᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠰᠬᠠᠢ ᠠᠵᠢᠯᠯᠠᠭᠠᠨ ᠤ ᠲᠥᠰᠥᠯ︾ ︽ᠤᠯᠠᠭᠠᠨᠬᠠᠳᠠ ᠬᠤᠲᠠ ᠶᠢᠨ ᠨᠤᠭᠤ ᠭᠠᠵᠠᠷ ᠢ ᠬᠠᠮᠠᠭᠠᠯᠠᠬᠤ ᠲᠥᠯᠦᠪᠵᠢᠭᠦᠯᠭᠡ ︵2023 ︱ 2035 ᠣᠨ︶︾ ︽ᠤᠯᠠᠭᠠᠨᠬᠠᠳᠠ ᠬᠤᠲᠠ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ︽ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠤᠯᠠᠮ ᠨᠢᠭᠡ ᠠᠯᠬᠤᠮ ᠠᠬᠢᠭᠤᠯᠬᠤ ᠲᠤᠬᠠᠢ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ︾ ︽2023 ᠣᠨ ᠤ ᠤᠯᠠᠭᠠᠨᠬᠠᠳᠠ ᠬᠤᠲᠠ ᠶᠢᠨ ᠲᠠᠸᠠᠷ ᠤᠨ ᠭᠡᠷ ᠪᠠᠶᠢᠰᠢᠩ᠂ ᠭᠡᠷ ᠤᠨ ᠬᠡᠷᠡᠭᠰᠡᠯ ᠪᠠᠷᠢᠯᠭ᠎ᠠ ᠶᠢᠨ ᠮᠠᠲ᠋ᠧᠷᠢᠶᠠᠯ ᠤᠨ ᠠᠷᠠᠯᠵᠢᠶᠠᠨ ᠤ ᠴᠤᠭᠯᠠᠭᠠᠨ ᠤ ᠬᠡᠷᠡᠭᠵᠢᠭᠦᠯᠬᠦ ᠲᠥᠰᠥᠯ︾ ︽ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠠᠩ ᠰᠠᠶᠢᠨ ᠬᠦᠴᠦᠨ ᠨᠡᠮᠡᠷᠢᠯᠡᠬᠦ ᠲᠤᠬᠠᠢ ᠬᠡᠷᠡᠭᠵᠢᠭᠦᠯᠬᠦ ᠰᠠᠨᠠᠯ︾ ︽ᠤᠯᠠᠭᠠᠨᠬᠠᠳᠠ ᠬᠤᠲᠠ ᠶᠢᠨ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠶᠠᠪᠤᠳᠠᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠢ ᠵᠢᠷᠤᠮᠵᠢᠭᠤᠯᠬᠤ ᠵᠢᠯᠤᠭᠤᠳᠬᠤ ᠭᠠᠷᠴᠠᠭ︾᠎ ᠢ ᠬᠢᠨᠠᠨ ᠵᠥᠪᠯᠡᠭᠰᠡᠨ ᠪᠥᠭᠡᠳ ᠵᠠᠷᠴᠢᠮ ᠳᠡᠭᠡᠷ᠎ᠡ ᠪᠠᠨ ᠪᠠᠲᠤᠯᠠᠪᠠ᠃     ᠬᠤᠷᠠᠯ ᠠᠴᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ᠂ ᠶᠡᠷᠦᠩᠬᠡᠶᠢᠯᠡᠨ ᠨᠡᠭᠡᠭᠡᠨ ᠠᠰᠢᠭᠯᠠᠬᠤ ᠡᠷᠴᠢᠮ ᠢᠶᠠᠨ ᠴᠢᠩᠭᠠᠷᠠᠭᠤᠯᠵᠤ᠂ ᠲᠣᠮᠣ ᠬᠡᠯᠪᠡᠷᠢ ᠶᠢᠨ ᠠᠭᠤᠷᠬᠠᠢ ᠶᠢᠨ ᠦᠢᠯᠡᠰ ᠤᠨ ᠪᠦᠯᠦᠭᠯᠡᠯ ᠪᠣᠯᠣᠨ ᠠᠭᠤᠷᠬᠠᠢ ᠶᠢᠨ ᠦᠢᠯᠡᠰ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠢ ᠢᠳᠡᠪᠬᠢᠲᠡᠢ ᠣᠷᠣᠭᠤᠯᠤᠨ ᠠᠪᠴᠢᠷᠠᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠪᠦᠬᠦ ᠬᠤᠳᠠ ᠶᠢᠨ ᠠᠭᠤᠷᠬᠠᠢ ᠶᠢᠨ ᠦᠢᠯᠡᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ︽ᠲᠥᠯᠦᠪᠵᠢᠭᠦᠯᠭᠡ︾᠎ ᠶᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠬᠦ᠂ ᠪᠦᠬᠦ ᠲᠠᠯ᠎ᠠ ᠪᠠᠷ ᠬᠠᠮᠠᠭᠠᠯᠠᠬᠤ᠂ ᠰᠢᠨᠵᠢᠯᠡᠬᠦ ᠤᠬᠠᠭᠠᠨᠴᠢ ᠪᠠᠷ ᠰᠡᠷᠭᠦᠭᠡᠬᠦ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠬᠠᠤᠯᠢ ᠶᠣᠰᠣᠭᠠᠷ ᠴᠣᠬᠢᠯᠲᠠ ᠥᠭᠬᠦ ᠪᠠ ᠬᠠᠮᠠᠭᠠᠯᠠᠬᠤ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠨᠤᠭᠤ ᠭᠠᠵᠠᠷ ᠢ ᠬᠠᠮᠠᠭᠠᠯᠠᠵᠤ ᠰᠡᠷᠭᠦᠭᠡᠬᠦ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠡᠭᠦᠷᠭᠡ ᠴᠢᠳᠠᠪᠬᠢ ᠶᠢ ᠣᠨᠣᠪᠴᠢᠲᠠᠶ ᠲᠣᠭᠲᠠᠭᠠᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠭᠯᠡᠯ᠂ ᠵᠣᠷᠢᠯᠭ᠎ᠠ ᠪᠠ ᠭᠤᠣᠯᠳᠠᠯᠭ᠎ᠠ ᠶᠢ ᠲᠣᠳᠣᠷᠬᠠᠶᠢᠯᠠᠵᠤ᠂ ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ ᠪᠠ ᠠᠷᠭ᠎ᠠ ᠶᠢ ᠰᠤᠷᠤᠯᠴᠠᠵᠤ᠂ ᠮᠠᠨ ᠤ ᠬᠤᠲᠠ ᠶᠢᠨ ᠬᠠᠩᠭᠠᠨ ᠪᠣᠷᠣᠯᠠᠭᠤᠯᠬᠤ ᠰᠢᠰᠲ᠋ᠧᠮ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠷᠢᠶᠠᠯᠠᠩ ᠮᠠᠯ ᠠᠵᠤ ᠠᠬᠤᠢ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠦᠷᠭᠦᠯᠵᠢᠯᠡᠨ ᠰᠢᠯᠢᠳᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠲᠠᠷᠢᠶᠠᠯᠠᠩ ᠮᠠᠯ ᠠᠵᠤ ᠠᠬᠤᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ᠃ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠤᠴᠢᠷ ᠶᠠᠪᠤᠳᠠᠯ᠂ ᠲᠣᠭᠲᠠᠴᠠ ᠶᠢᠨ ᠫᠠᠶᠢᠰᠠ ᠪᠠ ᠭᠡᠷᠡᠴᠢᠯᠡᠬᠦ ᠵᠦᠢᠯᠡᠰ ᠤᠨ ᠪᠠᠶᠢᠩᠭᠤ ᠶᠢᠨ ᠬᠠᠮᠢᠶᠠᠷᠤᠯᠲᠠ ᠶᠢᠨ ᠲᠣᠭᠲᠠᠴᠠ ᠶᠢ ᠨᠠᠶᠢᠳᠠᠪᠤᠷᠢᠵᠢᠭᠤᠯᠵᠤ᠂ ᠱᠠᠭᠠᠷᠳᠠᠨ ᠪᠠᠶᠢᠴᠠᠭᠠᠬᠤ ᠪᠠ ᠮᠥᠷᠳᠡᠨ ᠨᠠᠶᠢᠳᠠᠪᠤᠷᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠤᠰᠬᠤᠨ ᠤ ᠱᠠᠲᠤᠨ ᠤ ᠵᠣᠬᠢᠶᠠᠨ ᠪᠠᠶᠢᠭᠤᠯᠤᠯᠲᠠ ᠶᠢᠨ ᠳᠠᠷᠤᠭᠠᠰᠤ ᠶᠢ ᠳᠤᠷ᠎ᠠ ᠪᠠᠷ ᠢᠶᠠᠨ ᠨᠡᠮᠡᠭᠳᠡᠭᠦᠯᠬᠦ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠵᠤ᠂ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ ᠠᠴᠠ ᠡᠮᠦᠨ᠎ᠡ ᠪᠠᠰᠠ ︽ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠦᠷᠢᠮ︾᠎ ᠢ ᠰᠤᠷᠤᠯᠴᠠᠪᠠ᠃     ᠬᠤᠲᠠ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠵᠠᠩ ᠵᠢᠢ ᠺᠠᠩ᠂ ᠰᠦᠨ ᠬᠠᠢ ᠲᠤᠸ᠂ ᠯᠢ ᠵᠢᠩ ᠵᠢᠩ᠂ ᠶᠠᠩ ᠮᠦ᠂ ᠵᠣᠣ ᡁᠢ ᠭᠠᠩ᠂ ᠵᠠᠩ ᠭᠦᠸᠧ ᠬᠤᠸᠠ ᠬᠤᠷᠠᠯ ᠳᠤ ᠣᠷᠤᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ