︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠲᠣᠭᠲᠠᠭᠠᠯ︾ ᠤᠨ ᠲᠤᠬᠠᠢ ᠲᠣᠳᠣᠷᠬᠠᠶᠢᠯᠠᠯᠲᠠ | | ︵2023 ᠣᠨ ᠤ 7 ᠰᠠᠷ᠎ᠠ ᠶᠢᠨ 3 ᠤ ᠡᠳᠦᠷ︶ | ᠰᠦᠨ ᠱᠣᠣ ᠴᠧᠩ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠨᠠᠶᠢᠳᠠᠯᠭ᠎ᠠ ᠪᠠᠷ ᠪᠢ ︽ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠲᠠᠭᠠᠯ︾ ᠢ | ᠲᠤᠭᠤᠷᠪᠢᠭᠰᠠᠨ ᠪᠠᠶᠢᠳᠠᠯ ᠤᠨ ᠲᠤᠬᠠᠢ ᠪᠦᠭᠦᠳᠠ ᠬᠤᠷᠠᠯ ᠳᠤ ᠲᠣᠳᠣᠷᠬᠠᠶᠢᠯᠠᠯᠲᠠ ᠭᠢᠶ᠎ᠡ᠃ | ᠨᠢᠭᠡ᠂ ︽ᠲᠣᠭᠲᠠᠭᠠᠯ︾ ᠢ ᠲᠣᠭᠲᠠᠭᠠᠵᠤ ᠨᠡᠶᠢᠲᠡᠯᠡᠬᠦ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠨᠢᠭᠡᠨ ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ | ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ | ᠲᠠᠯᠪᠢᠭᠰᠠᠨ ᠢᠮᠠᠭᠲᠠ ᠶᠢᠨ ᠱᠠᠭᠠᠷᠳᠠᠯᠭ᠎ᠠ ᠪᠣᠯᠣᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠶᠡᠷᠦᠩᠬᠡᠢ ᠱᠦᠵᠢ ᠵᠢᠱᠢᠶᠡᠴᠢ ᠥᠪᠡᠷᠲᠡᠭᠡᠨ | ᠵᠠᠰᠠᠬᠤ ᠣᠷᠣᠨ ᠢ ᠰᠠᠶᠢᠲᠤᠷ ᠪᠦᠲᠦᠭᠡᠨ ᠪᠠᠶᠢᠭᠤᠯᠬᠤ ᠲᠤᠬᠠᠢ ᠣᠯᠠᠨ ᠤᠳᠠᠭ᠎ᠠ ᠲᠣᠳᠣᠷᠬᠠᠢ ᠱᠠᠭᠠᠷᠳᠠᠯᠭ᠎ᠠ ᠳᠤᠷᠠᠳᠴᠤ᠂ ᠥᠪᠥᠷ ᠮᠣᠩᠭᠤᠯ ᠤᠨ | ︽ᠦᠨᠳᠦᠰᠦᠲᠡᠨ ᠨᠦᠭᠦᠳ ᠤᠨ ᠠᠷᠠᠳ ᠲᠦᠮᠡᠨ ᠢᠮᠠᠭᠲᠠ ᠨᠠᠮ ᠢᠶᠠᠨ ᠳᠠᠭᠠᠵᠤ᠂ ᠨᠠᠮ ᠤᠨ ᠲᠥᠪ ᠬᠤᠷᠢᠶ᠎ᠠ ᠶᠢ ᠳᠠᠭᠠᠵᠤ᠂ ᠵᠢᠱᠢᠶᠡᠴᠢ ᠥᠪᠡᠷᠲᠡᠭᠡᠨ ᠵᠠᠰᠠᠬᠤ | ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠭᠥᠷᠳᠡᠭᠰᠡᠨ ᠪᠥᠭᠡᠳ ᠣᠷᠳᠣ ᠬᠤᠭᠤᠴᠠᠭ᠎ᠠ ᠪᠠᠷ ᠬᠠᠮᠠᠭᠠᠯᠠᠪᠠ︾ ᠭᠡᠵᠦ ᠵᠢᠭᠠᠨ ᠭᠠᠷᠭᠠᠵᠤ᠂ ᠥᠪᠥᠷ ᠮᠣᠩᠭᠤᠯ ᠤᠨ | ᠺᠠᠳ᠋ᠷ ᠣᠯᠠᠨ ᠲᠦᠮᠡᠨ ᠳᠤ ︽ᠢᠷᠠᠭᠤ ᠠᠯᠳᠠᠷ ᠢᠶᠠᠨ ᠬᠤᠪᠢ ᠳᠠᠭᠢᠨ ᠨᠠᠨᠳᠢᠩᠨᠠᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠬᠤ ᠬᠡᠷᠡᠭᠲᠡᠢ︾᠂ ︽ᠰᠢᠨ᠎ᠡ ᠴᠠᠭ | ᠦᠶ᠎ᠡ ᠳᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢᠶᠠᠨ ᠦᠷᠭᠦᠯᠵᠢᠯᠡᠨ ᠪᠠᠲᠤᠯᠠᠬᠤ ᠬᠡᠷᠡᠭᠲᠡᠢ︾ ᠭᠡᠵᠦ ᠵᠠᠬᠢᠪᠠ᠃ ᠡᠨᠡ | ᠤᠳᠠᠭ᠎ᠠ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠶᠡᠷᠦᠩᠬᠡᠢ ᠱᠦᠵᠢ ︽ᠥᠪᠥᠷ ᠮᠣᠩᠭᠤᠯ ᠪᠣᠯ ᠮᠠᠨ ᠤ ᠤᠯᠤᠰ ᠤᠨ ᠬᠠᠮᠤᠭ ᠤᠨ ᠡᠷᠲᠡ | ᠪᠠᠶᠢᠭᠤᠯᠤᠭᠳᠠᠭᠰᠠᠨ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ | ᠳᠤᠮᠳᠠ ᠰᠢᠨ᠎ᠡ ᠵᠠᠮ ᠨᠡᠭᠡᠭᠡᠬᠦ ᠨᠢ ᠪᠦᠭᠦ ᠤᠯᠤᠰ᠂ ᠳᠡᠯᠡᠬᠡᠢ ᠳᠡᠭᠡᠷ᠎ᠡ ᠴᠥᠮ ᠴᠢᠬᠤᠯᠠ ᠨᠥᠯᠥᠭᠡ ᠲᠠᠢ ᠶᠤᠮ︾ ᠭᠡᠵᠦ ᠵᠢᠭᠠᠵᠤ ᠭᠠᠷᠭᠠᠨ᠂ ᠪᠢᠳᠡᠨ ᠢ ︽ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠦᠷᠭᠦᠯᠵᠢᠯᠡᠨ | ᠰᠠᠶᠢᠲᠤᠷ ᠪᠦᠲᠦᠭᠡᠨ ᠪᠠᠶᠢᠭᠤᠯᠬᠤ ᠬᠡᠷᠡᠭᠲᠡᠢ︾ ᠭᠡᠵᠦ ᠱᠠᠭᠠᠷᠳᠠᠪᠠ᠃ | ᠨᠢᠳᠤᠨᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ ᠲᠥᠪᠯᠡᠷᠡᠭᠦᠯᠵᠦ ᠰᠠᠶᠢᠲᠤᠷ ᠬᠢᠬᠦ ᠬᠡᠷᠡᠭᠲᠡᠢ ᠭᠡᠵᠦ ᠰᠤᠳᠤᠯᠤᠨ ᠳᠤᠷᠠᠳᠪᠠ᠂ ᠡᠭᠦᠨ ᠳᠤ | ᠨᠢᠭᠡ ᠨᠢ ᠳᠠᠷᠤᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠡᠨᠡ ᠬᠦ ᠶᠡᠭᠡ ᠶᠠᠪᠤᠳᠠᠯ ᠢ ᠰᠠᠶᠢᠲᠤᠷ ᠬᠢᠬᠦ ᠪᠣᠯ ᠡᠷᠬᠢᠮ ᠳᠡᠭᠡᠳᠦ ᠢᠷᠠᠭᠤ ᠠᠯᠳᠠᠷ ᠢ ᠨᠠᠩ ᠬᠦᠴᠦᠲᠡᠢ᠂ ᠨᠠᠩ ᠭᠦᠨ ᠭᠦᠨᠵᠡᠭᠡᠢ᠂ ᠨᠠᠩ | ᠤᠳᠠᠭᠠᠨ ᠳᠠᠭᠠᠭᠠᠮᠠᠭᠠᠢ ᠬᠠᠮᠠᠭᠠᠯᠠᠵᠤ ᠪᠠᠶᠢᠭ᠎ᠠ ᠶᠠᠪᠤᠳᠠᠯ ᠶᠤᠮ᠃ ᠮᠠᠨ ᠤ ᠨᠠᠮ ᠤᠨ ᠤᠳᠤᠷᠢᠳᠤᠯᠭ᠎ᠠ ᠪᠣᠯᠣᠨ ᠮᠠᠨ ᠤ ᠤᠯᠤᠰ ᠤᠨ ᠦᠨᠳᠦᠰᠦᠲᠡᠨ ᠤ ᠣᠷᠣᠨ ᠤ | ᠥᠪᠡᠷᠲᠡᠭᠡᠨ ᠵᠠᠰᠠᠬᠤ ᠪᠠᠶᠢᠭᠤᠯᠤᠯ ᠤᠨ ᠢᠯᠡᠳᠲᠡ ᠳᠠᠪᠠᠭᠤᠯᠢᠭ ᠢ ᠪᠦᠭᠦ ᠲᠠᠯ᠎ᠠ ᠪᠠᠷ ᠢᠯᠡᠷᠡᠭᠦᠯᠬᠦ ᠳᠤ᠂ ᠰᠢᠨ᠎ᠡ ᠴᠠᠭ ᠦᠶ᠎ᠡ ᠶᠢᠨ ᠥᠪᠥᠷ ᠮᠣᠩᠭᠤᠯ ᠤᠨ | ᠬᠠᠷᠢᠭᠤᠴᠠᠯᠭ᠎ᠠ ᠡᠭᠦᠷᠭᠡᠯᠡᠯ ᠪᠣᠯᠣᠨ ᠵᠢᠳᠬᠦᠯ ᠴᠢᠷᠮᠠᠶᠢᠯᠭ᠎ᠠ ᠶᠢ ᠪᠦᠭᠦ ᠲᠠᠯ᠎ᠠ ᠪᠠᠷ ᠢᠯᠡᠷᠡᠭᠦᠯᠬᠦ ᠳᠤ᠂ ᠪᠦᠭᠦ ᠣᠷᠣᠨ ᠳᠠᠶᠠᠭᠠᠷ ᠢ ᠵᠣᠷᠢᠭᠵᠢᠭᠤᠯᠤᠨ ᠶᠡᠷᠦᠩᠬᠡᠢ | ᠱᠦᠵᠢ ᠶᠢᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠳᠤ ᠰᠢᠨ᠎ᠡ ᠵᠠᠮ ᠨᠡᠭᠡᠭᠡᠬᠦ ᠳᠤ ᠴᠢᠬᠤᠯᠠ ᠶᠡᠭᠡ ᠪᠥᠭᠡᠳ ᠠᠯᠤᠰ ᠭᠡᠲᠦ ᠶᠢᠨ ᠠᠴᠢ ᠬᠤᠯᠪᠣᠭᠳᠠᠯ ᠲᠠᠢ ᠶᠤᠮ ᠭᠡᠵᠦ ᠦᠵᠡᠪᠡ᠃ ᠡᠨᠡ ᠬᠦ ᠶᠡᠭᠡ | ᠶᠠᠪᠤᠳᠠᠯ ᠢ ᠰᠠᠶᠢᠲᠤᠷ ᠬᠢᠬᠦ ᠳᠤ ᠶᠡᠷᠦᠩᠬᠡᠢ ᠳᠤᠨᠢ ᠬᠠᠮᠢᠶᠠᠷᠬᠤ ᠪᠢᠴᠢᠭ ᠮᠠᠲ᠋ᠧᠷᠢᠶᠠᠯ ᠪᠠᠶᠢᠬᠤ ᠬᠡᠷᠡᠭᠲᠡᠢ᠃ ᠪᠦᠭᠦ ᠤᠯᠤᠰ ᠤᠨ ︽ᠬᠤᠶᠠᠷ ᠬᠤᠷᠠᠯ︾ ᠤᠨ ᠳᠠᠷᠠᠭ᠎ᠠ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠳᠠᠷᠤᠢ ᠲᠣᠭᠲᠠᠭᠠᠯ ᠢ ᠲᠣᠭᠲᠠᠭᠠᠬᠤ ᠠᠵᠢᠯ ᠢ ᠭᠠᠷᠳᠠᠵᠤ ᠰᠤᠳᠤᠯᠤᠭᠰᠠᠨ ᠪᠥᠭᠡᠳ ᠲᠣᠭᠲᠠᠭᠠᠯ ᠤᠨ ᠨᠣᠣᠷᠠᠭ ᠢ | ᠬᠢᠨᠠᠨ ᠵᠥᠪᠯᠡᠬᠦ ᠶᠢ ᠡᠨᠡ ᠤᠳᠠᠭ᠎ᠠ ᠶᠢᠨ ᠪᠦᠭᠦᠳᠡ ᠬᠤᠷᠠᠯ ᠤᠨ ᠴᠢᠬᠤᠯᠠ ᠵᠥᠪᠯᠡᠬᠦ ᠵᠦᠢᠯ ᠪᠣᠯᠭᠠᠵᠠᠢ᠃ | ᠬᠤᠶᠠᠷ᠂ ᠲᠣᠭᠲᠠᠭᠠᠯ ᠤᠨ ᠨᠣᠣᠷᠠᠭ ᠢ ᠲᠤᠭᠤᠷᠪᠢᠭᠰᠠᠨ ᠶᠠᠪᠤᠴᠠ ᠪᠠ ᠦᠨᠳᠦᠰᠦᠨ ᠪᠦᠳᠦᠭᠦᠪᠴᠢ ᠲᠥᠰᠥᠪ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠲᠣᠭᠲᠠᠭᠠᠯ ᠢ ᠲᠤᠭᠤᠷᠪᠢᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠨᠠᠮ ᠤᠨ ᠬᠤᠷᠢᠶ᠎ᠠ | ᠶᠢᠨ ᠪᠠᠶᠢᠩᠭᠤ ᠶᠢᠨ ᠭᠡᠰᠢᠭᠦᠨ ᠵᠡᠷᠭᠡ ᠮᠤᠵᠢ ᠶᠢᠨ ᠱᠠᠲᠤᠨ ᠤ ᠤᠳᠤᠷᠢᠳᠬᠤ ᠨᠥᠬᠦᠳ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠵᠦ᠂ ᠨᠢᠭᠡ ᠪᠦᠯᠦᠭ | ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠪᠤᠢ ᠪᠤᠯᠭᠠᠵᠤ᠂ ᠲᠣᠭᠲᠠᠭᠠᠯ ᠢ ᠲᠤᠭᠤᠷᠪᠢᠬᠤ ᠳᠤ ᠰᠠᠭᠤᠷᠢ ᠶᠢ ᠰᠠᠶᠢᠲᠤᠷ ᠲᠠᠯᠪᠢᠵᠤ ᠥᠭᠴᠡᠢ᠃ ᠲᠤᠭᠤᠷᠪᠢᠬᠤ | ᠳᠤᠭᠤᠶᠢᠯᠠᠩ ᠨᠢ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠰᠤᠳᠤᠯᠵᠤ᠂ ᠡᠯ᠎ᠡ ᠲᠠᠯ᠎ᠠ ᠶᠢᠨ ᠰᠤᠳᠤᠯᠭᠠᠨ ᠤ ᠦᠷ᠎ᠡ ᠪᠦᠲᠦᠭᠡᠯ | ᠪᠣᠯᠣᠨ ᠰᠠᠨᠠᠯ ᠰᠠᠨᠠᠭᠤᠯᠭ᠎ᠠ ᠶᠢ ᠭᠦᠢᠴᠡᠳ ᠰᠢᠩᠭᠡᠬᠡᠨ ᠠᠪᠴᠤ᠂ ᠲᠣᠭᠲᠠᠭᠠᠯ ᠤᠨ ᠰᠠᠨᠠᠯ ᠬᠤᠷᠢᠶᠠᠬᠤ ᠨᠣᠣᠷᠠᠭ ᠢ ᠲᠤᠭᠤᠷᠪᠢᠨ ᠪᠢᠴᠢᠪᠡ᠃ 6 ᠰᠠᠷ᠎ᠠ ᠶᠢᠨ | ᠰᠡᠭᠦᠯᠴᠢ ᠠᠴᠠ ᠡᠬᠢᠯᠡᠨ᠂ ᠤᠷᠢᠳ ᠬᠤᠵᠢᠳ ᠲᠤᠰᠢᠶᠠᠯ ᠳᠤ ᠪᠠᠶᠢᠭ᠎ᠠ ᠮᠤᠵᠢ ᠶᠢᠨ ᠱᠠᠲᠤᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠭᠡᠰᠢᠭᠦᠨ᠂ ᠣᠷᠣᠯᠠᠭᠴᠢ ᠭᠡᠰᠢᠭᠦᠨ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠨᠢᠭᠡᠴᠢ ᠶᠢᠨ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠤᠨ | ᠲᠥᠯᠥᠭᠡᠯᠡᠭᠴᠢ᠂ ᠮᠤᠵᠢ ᠶᠢᠨ ᠱᠠᠲᠤᠨ ᠤ ᠠᠬᠠᠮᠠᠳ ᠨᠥᠬᠦᠳ ᠪᠠ ᠨᠢᠭᠡᠳᠦᠮᠡᠯ ᠹᠷᠣᠨᠲ ᠦᠨᠳᠦᠰᠦᠲᠡᠨ ᠤ ᠠᠵᠢᠯ ᠤᠨ ᠬᠦᠷᠢᠶ᠎ᠡ᠂ ᠬᠡᠰᠡᠭ ᠠᠶᠢᠮᠠᠭ ᠬᠤᠲᠠ ᠶᠢᠨ | ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠰᠠᠨᠠᠯ ᠢ ᠬᠤᠷᠢᠶᠠᠪᠠ᠃ ᠲᠤᠭᠤᠷᠪᠢᠬᠤ ᠳᠤᠭᠤᠶᠢᠯᠠᠩ ᠬᠤᠷᠢᠶᠠᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ | ᠰᠤᠳᠤᠯᠵᠤ᠂ ᠬᠤᠷᠢᠶᠠᠪᠠᠰᠤ ᠵᠣᠬᠢᠬᠤ ᠶᠢ ᠨᠢ ᠪᠦᠭᠦᠨ ᠢ ᠬᠤᠷᠢᠶᠠᠪᠠ᠃ 6 ᠰᠠᠷ᠎ᠠ ᠶᠢᠨ 30 ᠤ ᠡᠳᠦᠷ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠲᠣᠭᠲᠠᠭᠠᠯ ᠤᠨ ᠨᠣᠣᠷᠠᠭ ᠢ ᠰᠤᠳᠤᠯᠤᠨ ᠶᠠᠷᠢᠯᠴᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ | ᠲᠣᠰ ᠤᠳᠠᠭ᠎ᠠ ᠶᠢᠨ ᠪᠦᠭᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠪᠡ᠃ | ᠲᠤᠭᠤᠷᠪᠢᠬᠤ ᠶᠠᠪᠤᠴᠠ ᠳᠤ ᠳᠣᠣᠷᠠᠬᠢ ᠵᠠᠷᠴᠢᠮ ᠢ ᠴᠢᠬᠤᠯᠠᠴᠢᠯᠠᠨ ᠡᠵᠡᠮᠳᠡᠪᠡ᠃ ᠨᠢᠭᠡ ᠳᠤ ᠪᠦᠭᠦ ᠲᠠᠯ᠎ᠠ ᠪᠠᠷ ᠪᠠᠷᠢᠮᠵᠢᠶᠠᠯᠠᠨ ᠬᠠᠷᠭᠤᠭᠤᠯᠪᠠ᠃ ᠶᠡᠷᠦᠩᠬᠡᠢ | ᠱᠦᠵᠢ ᠶᠢᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠪᠦᠬᠦᠯᠢ ᠴᠣᠭᠴᠠ ᠪᠠᠷ ᠨᠢ | ᠡᠵᠡᠮᠳᠡᠨ᠂ ᠨᠢᠭᠡ ᠴᠣᠭᠴᠠᠵᠢᠭᠤᠯᠤᠨ ᠲᠤᠭᠤᠰᠢᠯᠠᠭᠤᠯᠵᠤ᠂ ᠠᠯᠢ ᠠᠯᠢ ᠲᠠᠯ᠎ᠠ ᠪᠠᠷ ᠵᠢᠱᠢᠶᠡᠴᠢ ᠪᠤᠯᠬᠤ᠂ ᠶᠠᠮᠠᠷ ᠶᠠᠩᠵᠤ ᠶᠢᠨ ᠵᠢᠱᠢᠶᠡᠴᠢ ᠪᠤᠯᠬᠤ ᠶᠢ ᠰᠤᠳᠤᠯᠤᠨ | ᠳᠤᠷᠠᠳᠬᠤ ᠳᠤ ᠴᠥᠮ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠪᠠ᠃ ᠣᠨᠴᠠᠭᠠᠶᠢᠯᠠᠨ ᠶᠡᠷᠦᠩᠬᠡᠢ ᠱᠦᠵᠢ ᠶᠢᠨ ᠡᠨᠡ | ᠵᠢᠯ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠦᠶ᠎ᠡ ᠳᠤ ᠭᠠᠷᠭᠠᠭᠰᠠᠨ ᠰᠢᠨ᠎ᠡ ᠵᠢᠭᠠᠪᠤᠷᠢ ᠰᠢᠨ᠎ᠡ ᠱᠠᠭᠠᠷᠳᠠᠯᠭ᠎ᠠ ᠶᠢ ᠨᠢᠭᠡᠳ ᠨᠢᠭᠡ ᠪᠠᠷ ᠰᠤᠳᠤᠯᠤᠨ ᠡᠮᠬᠢᠯᠡᠵᠦ᠂ | ᠨᠢᠭᠡᠳ ᠨᠢᠭᠡ ᠪᠠᠷ ᠰᠢᠩᠭᠡᠬᠡᠨ ᠣᠨᠳᠣᠣᠰᠢᠭᠤᠯᠵᠤ᠂ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠳᠤ ᠲᠡᠷᠡ ᠶᠣᠰᠣᠭᠠᠷ ᠨᠢ ᠲᠤᠭᠤᠰᠢᠯᠠᠭᠤᠯᠪᠠ᠃ ᠬᠤᠶᠠᠷ ᠲᠤ | ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ ᠶᠢ ᠪᠠᠷᠢᠮᠲᠠᠯᠠᠪᠠ᠃ ᠥᠩᠭᠡᠷᠡᠭᠰᠡᠨ ᠤ ᠠᠵᠢᠯ ᠤᠨ ᠰᠠᠭᠤᠷᠢᠨ ᠳᠡᠭᠡᠷ᠎ᠡ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠦᠲᠦᠭᠡᠯᠴᠢ ᠴᠢᠨᠠᠷᠲᠠᠢ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠲᠣᠭᠲᠠᠴᠠ ᠪᠠᠶᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ | ᠰᠡᠳᠬᠢᠮᠵᠢ᠂ ᠠᠷᠭ᠎ᠠ ᠪᠠᠷᠢᠯ ᠪᠠ ᠠᠷᠭ᠎ᠠ ᠬᠡᠮᠵᠢᠶ᠎ᠡ ᠶᠢ ᠲᠥᠪᠯᠡᠷᠡᠭᠦᠯᠦᠨ ᠢᠯᠡᠷᠡᠭᠦᠯᠪᠡ᠃ ᠥᠪᠡᠷᠲᠡᠭᠡᠨ ᠵᠠᠰᠠᠬᠤ ᠣᠷᠣᠨ ᠤ ᠪᠦᠭᠦ ᠲᠠᠯ᠎ᠠ ᠪᠠ ᠠᠯᠤᠰ ᠭᠡᠲᠦ ᠶᠢᠨ | ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠪᠠ ᠭᠤᠣᠯᠳᠠᠯᠭ᠎ᠠ ᠲᠠᠢ ᠠᠵᠢᠯ ᠤᠨ ᠲᠤᠬᠠᠢ ᠲᠣᠭᠲᠠᠭᠠᠯ ᠤᠨ ᠨᠣᠣᠷᠠᠭ ᠲᠤ ᠵᠠᠷᠢᠮ ᠨᠢ ᠲᠣᠳᠣᠷᠬᠠᠢ | ᠪᠠᠶᠢᠷᠢᠯᠠᠭᠤᠯᠤᠯᠲᠠ ᠬᠢᠵᠦ᠂ ᠵᠠᠷᠢᠮ ᠨᠢ ᠴᠢᠭᠯᠡᠯ ᠤᠨ ᠴᠢᠨᠠᠷᠲᠠᠢ ᠱᠠᠭᠠᠷᠳᠠᠯᠭ᠎ᠠ ᠳᠤᠷᠠᠳᠴᠤ᠂ ᠠᠵᠢᠯ ᠤᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ | ᠪᠠᠲᠤᠯᠠᠭᠰᠠᠨ ᠮᠥᠷᠲᠡᠭᠡᠨ ᠪᠠᠰᠠ ᠠᠵᠢᠯ ᠤᠨ ᠰᠢᠨ᠎ᠡ ᠶᠢ ᠡᠭᠦᠳᠬᠦ ᠴᠢᠨᠠᠷ ᠪᠠ ᠨᠡᠭᠡᠭᠡᠯᠲᠡᠲᠤ ᠴᠢᠨᠠᠷ ᠢ ᠢᠯᠡᠷᠡᠭᠦᠯᠵᠦ᠂ ᠡᠭᠦᠨ ᠢᠶᠠᠷ ᠪᠦᠭᠦ ᠣᠷᠣᠨ ᠳᠠᠶᠠᠭᠠᠷ ᠤᠨ ᠪᠦᠭᠦ | ᠬᠦᠴᠦᠨ ᠢᠶᠠᠷ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠨᠢᠭᠡ ᠵᠢᠷᠤᠭ ᠲᠥᠰᠥᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠶᠢ ᠨᠠᠩ ᠰᠠᠶᠢᠲᠤᠷ ᠬᠥᠲᠥᠯᠥᠨ | ᠵᠢᠯᠣᠭᠤᠳᠪᠠ᠃ ᠭᠤᠷᠪᠠ ᠳᠤ ᠭᠤᠣᠯᠳᠠᠯᠭ᠎ᠠ ᠪᠠ ᠵᠠᠩᠭᠢᠯᠠᠭ᠎ᠠ ᠶᠢ ᠳᠣᠪᠤᠶᠢᠯᠭᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠤᠨ ᠲᠤᠭᠤᠰᠢᠯᠠᠭᠤᠯᠬᠤ ︽ᠲᠣᠭᠲᠠᠭᠠᠯ︾ ᠳᠤ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠲᠠᠢ ᠨᠢᠭᠲᠠ | ᠵᠣᠯᠭᠠᠭᠤᠯᠬᠤ ᠶᠢ ᠪᠠᠷᠢᠮᠲᠠᠯᠠᠵᠤ᠂ ᠨᠢᠭᠡᠨᠲᠡ ᠲᠣᠳᠣᠷᠬᠠᠢ ᠪᠠᠶᠢᠷᠢᠯᠠᠭᠤᠯᠤᠭᠰᠠᠨ ᠢ ᠨᠢ ᠲᠣᠭᠲᠠᠭᠠᠯ ᠤᠨ ᠨᠣᠣᠷᠠᠭ ᠲᠤ ᠳᠠᠭᠢᠵᠤ ᠪᠣᠳᠠᠲᠠᠢ ᠳᠤᠷᠠᠳᠬᠤ ᠦᠭᠡᠢ ᠪᠠᠶᠢᠵᠤ᠂ | ᠭᠤᠣᠯᠳᠠᠭᠤ ᠶᠡᠭᠡ ᠶᠠᠪᠤᠳᠠᠯ ᠴᠢᠬᠤᠯᠠ ᠶᠠᠪᠤᠳᠠᠯ ᠳᠤ ᠭᠤᠣᠯ ᠢ ᠨᠢ ᠠᠳᠬᠤᠵᠤ ᠭᠤᠣᠯᠳᠠᠯᠭ᠎ᠠ ᠶᠢ ᠨᠢ ᠳᠤᠷᠠᠳᠬᠤ ᠪᠠᠶᠢᠷᠢᠯᠠᠭᠤᠯᠤᠯᠲᠠ ᠬᠢᠵᠦ᠂ ᠲᠠᠯ᠎ᠠ ᠪᠦᠭᠦᠨ ᠢ | ᠬᠠᠮᠤᠷᠤᠭᠰᠠᠨ ᠦᠭᠡᠢ᠃ ᠡᠭᠦᠨ ᠤ ᠬᠠᠮᠲᠤ ︽ᠣᠬᠤᠷ ᠪᠣᠳᠠᠲᠠᠢ ᠰᠢᠨ᠎ᠡ︾ ᠵᠣᠬᠢᠶᠠᠯ ᠤᠨ ᠰᠤᠷᠲᠠᠯ ᠢ ᠪᠠᠷᠢᠮᠲᠠᠯᠠᠵᠤ᠂ ᠲᠣᠪᠴᠢ ᠲᠣᠳᠤᠷᠠᠭᠤᠨ ᠪᠠᠶᠢᠬᠤ ᠶᠢ ᠡᠷᠬᠢᠮᠯᠡᠪᠡ | ᠃ | ᠲᠣᠭᠲᠠᠭᠠᠯ ᠤᠨ ᠨᠣᠣᠷᠠᠭ ᠨᠢ ᠤᠳᠤᠷᠢᠳᠬᠠᠯ ᠪᠠ ᠲᠡᠭᠦᠰᠬᠡᠯ ᠤᠨ ᠦᠭᠡ ᠠᠴᠠ ᠭᠠᠳᠠᠨ᠎ᠠ ᠨᠡᠶᠢᠲᠡ 7 ᠬᠡᠰᠡᠭ᠂ 26 ᠵᠦᠢᠯ ᠲᠠᠢ᠂ ᠭᠤᠣᠯᠳᠠᠭᠤ ᠨᠠᠮ ᠤᠨ | ᠠᠴᠢ ᠡᠨᠡᠷᠢᠯ ᠳᠤ ᠲᠠᠯᠠᠷᠬᠠᠵᠤ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ | ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠠᠯ᠎ᠠ ᠪᠠᠷ ᠵᠢᠱᠢᠶᠡᠴᠢ | ᠪᠤᠯᠬᠤ ᠬᠡᠷᠡᠭᠲᠡᠢ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠬᠠᠮᠲᠤ ᠪᠠᠷ ᠪᠠᠶᠠᠵᠢᠬᠤ ᠵᠠᠮ ᠳᠡᠭᠡᠷ᠎ᠡ ᠵᠢᠱᠢᠶᠡᠴᠢ ᠪᠤᠯᠬᠤ | ᠬᠡᠷᠡᠭᠲᠡᠢ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠂ | ᠬᠢᠯᠢ ᠬᠢᠵᠠᠭᠠᠷ ᠣᠷᠣᠨ ᠳᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ᠂ | ᠰᠢᠨ᠎ᠡ ᠰᠤᠷᠲᠠᠯ ᠲᠥᠪ ᠣᠪᠣᠷ ᠢ ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠤᠯᠬᠤ ᠬᠡᠷᠡᠭᠲᠡᠢ ᠵᠡᠷᠭᠡ 7 ᠲᠠᠯ᠎ᠠ ᠪᠠᠷ ᠪᠠᠶᠢᠷᠢᠯᠠᠭᠤᠯᠤᠯᠲᠠ ᠬᠢᠵᠦ᠂ ᠱᠠᠭᠠᠷᠳᠠᠯᠭ᠎ᠠ | ᠳᠤᠷᠠᠳᠴᠤ᠂ ᠣᠷᠣᠨ ᠳᠠᠶᠠᠭᠠᠷ ᠢᠶᠠᠨ ᠪᠦᠭᠦ ᠲᠠᠯ᠎ᠠ ᠪᠠᠷ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠲᠦᠭᠡᠨ ᠪᠠᠶᠢᠭᠤᠯᠬᠤ ᠡᠨᠡ ᠬᠦ ᠶᠡᠭᠡ ᠶᠠᠪᠤᠳᠠᠯ ᠢ ᠰᠠᠶᠢᠲᠤᠷ | ᠬᠢᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠰᠦᠭᠡᠢ ᠭᠡᠵᠦ ᠤᠷᠢᠶᠠᠯᠠᠵᠠᠢ᠃ | | ᠭᠤᠷᠪᠠ᠂ ᠲᠣᠳᠣᠷᠬᠠᠶᠢᠯᠠᠬᠤ ᠴᠢᠬᠤᠯᠠᠲᠠᠢ ᠬᠡᠳᠦᠨ ᠠᠰᠠᠭᠤᠳᠠᠯ | ᠨᠢᠭᠡᠳᠦᠭᠡᠷ ᠲᠤ᠂ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠲᠤᠬᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠬᠤᠶᠠᠷ ᠶᠡᠭᠡ ᠶᠠᠪᠤᠳᠠᠯ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠨᠠᠶᠢᠳᠠᠪᠤᠷᠢᠵᠢᠭᠤᠯᠬᠤ ᠶᠡᠷᠦᠩᠬᠡᠶᠢᠯᠡᠨ ᠵᠢᠯᠤᠭᠤᠳᠬᠤ ᠴᠢᠨᠠᠷᠲᠠᠢ ᠱᠠᠭᠠᠷᠳᠠᠯᠭ᠎ᠠ ᠪᠣᠯᠣᠨ᠎ᠠ᠂ ᠥᠪᠥᠷ ᠮᠣᠩᠭᠤᠯ ᠤᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ ᠵᠠᠩᠭᠢᠯᠠᠭ᠎ᠠ ᠶᠢᠨ ᠴᠢᠨᠠᠷᠲᠠᠢ ᠭᠠᠷᠳᠠᠴᠠ ᠪᠣᠯᠣᠨ᠎ᠠ᠃ ᠥᠪᠥᠷ ᠮᠣᠩᠭᠤᠯ ᠤᠨ | ᠬᠤᠶᠢᠰᠢᠳᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠬᠢᠷᠢ ᠵᠡᠷᠭᠡ ᠪᠠᠶᠢᠬᠤ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠨᠡᠩ ᠬᠤᠪᠢ ᠶᠢᠨ ᠵᠢᠩ | ᠲᠠᠢ ᠪᠠᠶᠢᠵᠤ ᠴᠢᠳᠠᠬᠤ ᠡᠰᠡᠬᠦ ᠶᠢᠨ ᠵᠠᠩᠭᠢᠯᠠᠭ᠎ᠠ ᠨᠢ ᠡᠨᠡ ᠬᠤᠶᠠᠷ ᠶᠡᠭᠡ ᠶᠠᠪᠤᠳᠠᠯ ᠢ ᠬᠢᠷᠢ ᠵᠡᠷᠭᠡ ᠬᠢᠬᠦ ᠳᠤ ᠪᠠᠶᠢᠨ᠎ᠠ ᠭᠡᠵᠦ ᠴᠢᠬᠤᠯᠠᠴᠢᠯᠠᠵᠠᠢ᠃ | ᠬᠤᠶᠠᠷ ᠶᠡᠭᠡ ᠶᠠᠪᠤᠳᠠᠯ ᠢ ᠨᠡᠩ ᠰᠠᠶᠢᠲᠤᠷ ᠠᠬᠢᠭᠤᠯᠬᠤ ᠳᠤ ᠡᠩ ᠲᠡᠷᠢᠭᠦᠨ ᠳᠤ ᠡᠨᠡ ᠬᠤᠶᠠᠷ ᠤᠨ ᠬᠤᠭᠤᠷᠣᠨᠳᠣᠭᠢ ᠣᠷᠭᠠᠨᠢᠭ ᠨᠢᠭᠡᠳᠦᠯ ᠤᠨ ᠬᠠᠷᠢᠴᠠᠭ᠎ᠠ ᠶᠢ | ᠰᠠᠶᠢᠲᠤᠷ ᠡᠵᠡᠮᠳᠡᠬᠦ ᠬᠡᠷᠡᠭᠲᠡᠢ᠃ ︽ᠲᠠᠪᠤᠨ ᠶᠡᠭᠡ ᠡᠭᠦᠷᠭᠡ︾ ᠪᠣᠯ ᠭᠤᠣᠯᠳᠠᠭᠤ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠠᠵᠤ ᠠᠬᠤᠢ᠂ ᠨᠡᠶᠢᠭᠡᠮ᠂ ᠠᠮᠢ | ᠠᠬᠤᠢ ᠵᠡᠷᠭᠡ ᠲᠠᠯ᠎ᠠ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ︔ ᠵᠢᠱᠢᠶᠡᠴᠢ ᠥᠪᠡᠷᠲᠡᠭᠡᠨ ᠵᠠᠰᠠᠬᠤ ᠣᠷᠣᠨ ᠢ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠣᠯ ᠭᠤᠣᠯᠳᠠᠭᠤ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠵᠢᠭᠠᠪᠤᠷᠢ ᠱᠠᠭᠠᠷᠳᠠᠯᠭ᠎ᠠ ᠶᠢ ᠰᠢᠰᠲ᠋ᠧᠮ ᠲᠠᠢ | ᠨᠠᠶᠢᠳᠠᠪᠤᠷᠢᠵᠢᠭᠤᠯᠬᠤ ᠶᠠᠪᠤᠳᠠᠯ ᠪᠣᠯᠣᠨ᠎ᠠ᠂ ᠪᠦᠭᠦ ᠲᠠᠯ᠎ᠠ ᠶᠢᠨ ᠶᠤᠮ᠃ ᠲᠣᠭᠲᠠᠭᠠᠯ ᠤᠨ ᠨᠣᠣᠷᠠᠭ ᠲᠤ ᠨᠠᠮ ᠤᠨ ᠪᠠᠶᠢᠭᠤᠯᠤᠯᠲᠠ᠂ ᠤᠯᠤᠰ ᠲᠦᠷᠦ᠂ ᠰᠣᠶᠣᠯ ᠵᠡᠷᠭᠡ | ᠲᠠᠯ᠎ᠠ ᠶᠢᠨ ᠠᠭᠤᠯᠭ᠎ᠠ ᠪᠠᠷ ᠭᠤᠣᠯᠳᠠᠭᠤᠯᠤᠭᠰᠠᠨ ᠶᠤᠮ᠃ ᠲᠤᠰ ᠬᠤᠶᠠᠷ ᠶᠡᠭᠡ ᠶᠠᠪᠤᠳᠠᠯ ᠨᠢ ᠬᠠᠷᠢᠯᠴᠠᠨ ᠰᠣᠯᠪᠢᠴᠠᠵᠤ᠂ ᠬᠠᠷᠢᠯᠴᠠᠨ ᠲᠦᠰᠢᠯᠴᠡᠵᠦ᠂ ᠬᠠᠷᠢᠯᠴᠠᠨ | ᠠᠬᠢᠭᠤᠯᠳᠠᠭ᠃ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠣᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ | ᠪᠠᠶᠢᠭᠤᠯᠬᠤ ᠶᠢᠨ ᠲᠤᠯᠭᠠᠭᠤᠷᠢᠯᠠᠯ ᠮᠥᠨ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠪᠡᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ | ᠪᠦᠲᠦᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠢᠯᠠᠩᠭᠤᠶ᠎ᠠ ᠪᠣᠳᠠᠰ ᠤᠨ ᠰᠠᠭᠤᠷᠢ ᠲᠠᠢ ᠪᠣᠯᠣᠨ᠎ᠠ︔ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠨᠢ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠵᠢᠯᠣᠭᠤᠳᠤᠮᠵᠢ ᠬᠠᠩᠭᠠᠵᠤ᠂ ᠡᠯ᠎ᠡ ᠬᠦᠷᠢᠶ᠎ᠡ ᠡᠯ᠎ᠡ ᠲᠠᠯ᠎ᠠ ᠪᠠᠷ | ᠴᠥᠮ ᠵᠢᠱᠢᠶᠡᠴᠢ ᠶᠢᠨ ᠳᠦᠷᠢ ᠲᠥᠷᠬᠦ ᠶᠢ ᠢᠯᠡᠷᠡᠭᠦᠯᠵᠦ᠂ ︽ᠲᠠᠪᠤᠨ ᠶᠡᠭᠡ ᠡᠭᠦᠷᠭᠡ︾ ᠨᠢ ᠨᠠᠩ ᠬᠦᠴᠦᠲᠡᠢ ᠪᠠᠲᠤᠯᠠᠭ᠎ᠠ ᠲᠠᠢ ᠪᠣᠯᠣᠨ᠎ᠠ᠃ ᠬᠤᠶᠠᠷ ᠶᠡᠭᠡ | ᠶᠠᠪᠤᠳᠠᠯ ᠢ ᠰᠠᠶᠢᠲᠤᠷ ᠬᠢᠬᠦ ᠶᠠᠪᠤᠴᠠ ᠳᠤ ᠡᠷᠬᠡᠪᠰᠢ ᠰᠢᠰᠲ᠋ᠧᠮᠳᠤ ᠦᠵᠡᠯᠲᠡ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢ | ᠴᠢᠩᠭᠠᠳᠬᠠᠵᠤ᠂ ᠬᠤᠶᠠᠷ ᠶᠡᠭᠡ ᠶᠠᠪᠤᠳᠠᠯ ᠤᠨ ᠡᠯ᠎ᠡ ᠵᠦᠢᠯ ᠤᠨ ᠡᠭᠦᠷᠭᠡ ᠠᠷᠭ᠎ᠠ ᠬᠡᠮᠵᠢᠶ᠎ᠡ ᠶᠢ ᠠᠳᠠᠯᠢ ᠴᠢᠭᠯᠡᠯ ᠢᠶᠠᠷ ᠬᠦᠴᠦᠯᠡᠵᠦ᠂ ᠬᠠᠷᠢᠯᠴᠠᠨ ᠠᠬᠢᠭᠤᠯᠵᠤ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠦᠢᠯᠡᠳᠦᠯᠭᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ | ᠬᠤᠶᠠᠳᠤᠭᠠᠷ ᠲᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠡᠭᠦᠷᠭᠡ ᠶᠢᠨ ᠱᠠᠭᠠᠷᠳᠠᠯᠭ᠎ᠠ ᠶᠢᠨ ᠲᠤᠬᠠᠢ᠃ | ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠶᠡᠷᠦᠩᠬᠡᠢ ᠬᠠᠷᠠᠯᠲᠠ ᠪᠣᠯ ᠵᠢᠱᠢᠶᠡᠴᠢ ᠶᠢ ᠡᠯ᠎ᠡ ᠬᠦᠷᠢᠶ᠎ᠡ᠂ ᠡᠯ᠎ᠡ ᠲᠠᠯ᠎ᠠ ᠳᠤ ᠢᠯᠡᠷᠡᠭᠦᠯᠬᠦ ᠶᠠᠪᠤᠳᠠᠯ ᠪᠣᠯᠣᠨ᠎ᠠ᠂ | ᠭᠡᠪᠡᠴᠦ ᠠᠬᠢᠭᠤᠯᠬᠤ ᠶᠠᠪᠤᠴᠠ ᠳᠤ ᠭᠤᠣᠯ ᠳᠡᠳ᠋ ᠤᠨ ᠢᠯᠭᠠᠭ᠎ᠠ ᠦᠭᠡᠢ ᠪᠢᠰᠢ᠃ ᠲᠣᠭᠲᠠᠭᠠᠯ ᠤᠨ ᠨᠣᠣᠷᠠᠭ ᠲᠤ ︽ᠵᠢᠱᠢᠶᠡᠴᠢ ᠪᠤᠯᠬᠤ ᠳᠤᠯᠤᠭᠠᠨ ᠲᠠᠯ᠎ᠠ︾ ᠶᠢ | ᠳᠤᠷᠠᠳᠴᠠᠢ᠂ ᠵᠦᠢᠯ ᠵᠤᠷᠪᠤᠰ ᠪᠦᠷᠢ ᠨᠢ ᠴᠥᠮ ᠶᠡᠷᠦᠩᠬᠡᠢ ᠱᠦᠵᠢ ᠶᠢᠨ ᠥᠪᠥᠷ ᠮᠣᠩᠭᠤᠯ ᠤᠨ ᠲᠤᠬᠠᠢ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠳᠠᠬᠢ ᠬᠠᠮᠤᠭ ᠤᠨ ᠭᠤᠣᠯ ᠱᠠᠭᠠᠷᠳᠠᠯᠭ᠎ᠠ ᠪᠤᠯᠬᠤ ᠪᠥᠭᠡᠳ ᠴᠥᠮ ᠥᠪᠥᠷ ᠮᠣᠩᠭᠤᠯ ᠤᠨ ᠵᠢᠱᠢᠶᠡᠴᠢ ᠪᠤᠯᠬᠤ ᠨᠥᠬᠦᠴᠡᠯ ᠲᠠᠢ᠂ ᠴᠢᠳᠠᠪᠤᠷᠢ ᠲᠠᠢ᠂ | ᠬᠠᠷᠢᠭᠤᠴᠠᠯᠭ᠎ᠠ ᠲᠠᠢ ᠬᠦᠷᠢᠶ᠎ᠡ ᠪᠣᠯᠣᠨ᠎ᠠ᠃ ︽ᠵᠢᠱᠢᠶᠡᠴᠢ︾ ᠪᠣᠯᠣᠨ᠎ᠠ ᠭᠡᠳᠡᠭ ᠨᠢ ᠬᠡᠨ ᠨᠢᠭᠡ ᠲᠠᠢ ᠠᠳᠠᠯᠢᠳᠬᠠᠨ ᠤᠷᠤᠯᠳᠤᠵᠤ ᠪᠠᠶᠢᠭ᠎ᠠ ᠶᠠᠪᠤᠳᠠᠯ ᠪᠢᠰᠢ᠂ ᠪᠠᠰᠠ | ᠴᠤ ᠵᠢᠱᠢᠶᠡᠴᠢ ᠪᠤᠯᠬᠤ ᠶᠢᠨ ᠲᠥᠯᠥᠭᠡ ᠵᠢᠱᠢᠶᠡᠴᠢ ᠪᠣᠯᠵᠤ ᠪᠠᠶᠢᠭ᠎ᠠ ᠶᠠᠪᠤᠳᠠᠯ ᠪᠢᠰᠢ᠂ ᠬᠠᠷᠢᠨ ᠲᠡᠷᠢᠭᠦᠨ ᠤ ᠬᠢ ᠪᠣᠯᠵᠤ ᠰᠢᠯᠢᠳᠡᠭ ᠢ ᠡᠭᠦᠳᠬᠦ ᠪᠠᠷ ᠴᠢᠷᠮᠠᠶᠢᠵᠤ᠂ | ᠥᠨᠳᠥᠷ ᠪᠠᠷᠢᠮᠵᠢᠶ᠎ᠠ ᠪᠠᠷ ᠥᠪᠥᠷ ᠮᠣᠩᠭᠤᠯ ᠤᠨ ᠠᠵᠢᠯ ᠢ ᠨᠡᠩ ᠰᠠᠶᠢᠲᠤᠷ ᠬᠢᠬᠦ ᠶᠢ ᠴᠢᠬᠤᠯᠠᠴᠢᠯᠠᠵᠤ ᠪᠠᠶᠢᠭ᠎ᠠ ᠶᠠᠪᠤᠳᠠᠯ ᠪᠣᠯᠣᠨ᠎ᠠ᠃ | ︽ᠵᠢᠱᠢᠶᠡᠴᠢ ᠪᠤᠯᠬᠤ ᠳᠤᠯᠤᠭᠠᠨ ᠲᠠᠯ᠎ᠠ︾ ᠪᠣᠯ ᠨᠢᠭᠲᠠ ᠬᠤᠯᠪᠤᠭ᠎ᠠ ᠲᠠᠢ᠂ ᠳᠣᠲᠣᠭᠠᠳᠤ ᠨᠢᠭᠡᠳᠦᠮᠡᠯ ᠪᠦᠬᠦᠯᠢ ᠴᠣᠭᠴᠠ ᠮᠥᠨ᠃ ᠡᠭᠦᠨ ᠳᠤ ᠨᠠᠮ ᠳᠠᠭᠠᠨ | ᠲᠠᠯᠠᠷᠬᠠᠵᠤ ᠨᠠᠮ ᠤᠨ ᠦᠭᠡ ᠶᠢ ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠳᠠᠭᠠᠵᠤ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ ᠪᠣᠯ ᠥᠪᠥᠷ | ᠮᠣᠩᠭᠤᠯ ᠤᠨ ᠠᠵᠢᠯ ᠢ ᠰᠠᠶᠢᠲᠤᠷ ᠬᠢᠬᠦ ᠶᠢᠨ ᠦᠨᠳᠦᠰᠦᠨ ᠤᠯᠤᠰ ᠲᠦᠷᠦ ᠶᠢᠨ ᠤᠷᠢᠲᠠᠯ ᠮᠥᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠣᠯ ᠡᠯ᠎ᠡ ᠵᠦᠢᠯ ᠤᠨ ᠠᠵᠢᠯ ᠤᠨ ᠭᠤᠣᠯ ᠰᠢᠵᠢᠮ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ | ᠪᠠᠶᠢᠭᠤᠯᠤᠯᠲᠠ ᠶᠢ ᠠᠬᠢᠭᠤᠯᠬᠤ ᠪᠣᠯ ᠮᠠᠨ ᠤ ᠭᠤᠣᠯ ᠡᠭᠦᠷᠭᠡ ᠮᠥᠨ᠂ ᠬᠠᠮᠲᠤ ᠪᠠᠷ ᠪᠠᠶᠠᠵᠢᠬᠤ ᠪᠣᠯ ᠪᠢᠳᠡᠨ ᠤ ᠬᠤᠪᠢᠷᠠᠰᠢ ᠦᠭᠡᠢ ᠬᠥᠭᠵᠢᠯᠲᠡ ᠶᠢᠨ ᠬᠠᠷᠠᠯᠲᠠ | ᠮᠥᠨ᠂ ᠬᠢᠯᠢ ᠬᠢᠵᠠᠭᠠᠷ ᠢ ᠬᠥᠭᠵᠢᠭᠦᠯᠵᠦ ᠬᠢᠯᠢ ᠬᠢᠵᠠᠭᠠᠷ ᠢ ᠲᠣᠭᠲᠠᠪᠤᠷᠢᠵᠢᠭᠤᠯᠵᠤ ᠬᠢᠯᠢ ᠬᠢᠵᠠᠭᠠᠷ ᠢ ᠪᠠᠬᠢᠵᠢᠭᠦᠯᠬᠦ ᠪᠣᠯ ᠥᠪᠥᠷ ᠮᠣᠩᠭᠤᠯ ᠤᠨ ᠵᠠᠶᠢᠯᠠᠭᠤᠯᠵᠤ | ᠪᠣᠯᠣᠰᠢ ᠦᠭᠡᠢ ᠤᠯᠤᠰ ᠲᠦᠷᠦ ᠶᠢᠨ ᠬᠠᠷᠢᠭᠤᠴᠠᠯᠭ᠎ᠠ ᠮᠥᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠲᠠᠢ ᠬᠤᠯᠪᠣᠨ ᠨᠡᠪᠲᠡᠷᠡᠭᠦᠯᠬᠦ ᠪᠣᠯ | ᠥᠪᠥᠷ ᠮᠣᠩᠭᠤᠯ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠶᠠᠪᠤᠳᠠᠯ ᠪᠣᠯᠣᠨ᠎ᠠ᠂ ᠬᠥᠭᠵᠢᠯᠲᠡ ᠶᠢᠨ ᠰᠢᠨ᠎ᠡ ᠣᠷᠣᠨ ᠵᠠᠢ ᠶᠢ | ᠥᠷᠭᠡᠳᠬᠡᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠰᠢᠨ᠎ᠡ ᠰᠤᠷᠲᠠᠯ ᠲᠥᠪ ᠣᠪᠣᠷ ᠢ ᠪᠠᠳᠠᠷᠠᠭᠤᠯᠬᠤ ᠪᠣᠯ ᠮᠠᠨ ᠤ ᠡᠯ᠎ᠡ ᠵᠦᠢᠯ ᠤᠨ ᠦᠢᠯᠡᠰ ᠤᠨ | ᠬᠥᠭᠵᠢᠯᠲᠡ ᠶᠢᠨ ᠴᠢᠬᠤᠯᠠ ᠪᠠᠲᠤᠯᠠᠭ᠎ᠠ ᠮᠥᠨ᠃ ᠡᠨᠡ ᠬᠦ ︽ᠲᠤᠯᠤᠭᠠᠨ ᠵᠢᠱᠢᠶᠡᠴᠢ︾ ᠶᠢ ᠰᠠᠶᠢᠲᠤᠷ ᠬᠢᠴᠢᠬᠡᠪᠡᠯ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ | ᠲᠠᠯ᠎ᠠ ᠪᠠᠷ ᠪᠦᠲᠦᠭᠡᠨ ᠪᠠᠶᠢᠭᠤᠯᠬᠤ ᠨᠢ ᠨᠡᠷ᠎ᠡ ᠨᠢᠳᠡᠷ ᠲᠡᠭᠡᠨ ᠨᠡᠶᠢᠴᠡᠨ᠎ᠡ᠃ ᠪᠢᠳᠡ ᠠᠬᠢᠭᠤᠯᠬᠤ ᠶᠠᠪᠤᠴᠠ ᠳᠤ ᠡᠷᠬᠡᠪᠰᠢ ᠪᠦᠬᠦᠯᠢ ᠴᠣᠭᠴᠠ ᠪᠠᠷ ᠨᠢ ᠡᠵᠡᠮᠳᠡᠵᠦ᠂ | ᠪᠦᠭᠦ ᠲᠠᠯ᠎ᠠ ᠪᠠᠷ ᠠᠬᠢᠭᠤᠯᠵᠤ᠂ ᠡᠭᠦᠨ ᠢ ᠨᠢ ᠬᠠᠷᠠᠭᠠᠯᠵᠠᠭᠠᠳ ᠲᠡᠭᠦᠨ ᠢ ᠨᠢ ᠠᠯᠳᠠᠵᠤ ᠪᠤᠯᠬᠤ ᠦᠭᠡᠢ᠂ ᠬᠦᠨᠳᠦ ᠬᠥᠩᠭᠡᠨ ᠤ ᠲᠡᠩᠴᠡᠭᠦᠷᠢ ᠶᠢ ᠠᠯᠳᠠᠭᠤᠯᠵᠤ | ᠪᠤᠯᠬᠤ ᠦᠭᠡᠢ᠃ | ᠭᠤᠷᠪᠠᠳᠤᠭᠠᠷ ᠲᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠪᠠᠲᠤ | ᠡᠵᠡᠮᠳᠡᠬᠦ ᠲᠤᠬᠠᠢ᠃ ᠡᠨᠡ ᠵᠢᠯ ᠡᠨᠡ ᠤᠳᠠᠭ᠎ᠠ ᠮᠠᠨ ᠤ ᠣᠷᠣᠨ ᠳᠤ ᠰᠢᠨᠵᠢᠯᠡᠨ ᠪᠠᠶᠢᠴᠠᠭᠠᠬᠤ ᠳᠠᠭᠠᠨ ᠶᠡᠷᠦᠩᠬᠡᠢ ᠱᠦᠵᠢ ᠠᠩᠬ᠎ᠠ ᠤᠳᠠᠭ᠎ᠠ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ | ᠱᠤᠭᠤᠮ ᠮᠥᠨ᠂ ᠮᠥᠨ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠱᠤᠭᠤᠮ ᠮᠥᠨ︾ ᠭᠡᠵᠦ ᠳᠤᠷᠠᠳᠴᠤ᠂ | ︽ᠦᠨᠳᠦᠰᠦᠲᠡᠨ ᠤ ᠭᠠᠵᠠᠷ ᠣᠷᠣᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ | ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠣᠯᠣᠨ ᠨᠠᠮ ᠤᠨ ᠪᠠᠶᠢᠭᠤᠯᠤᠯᠲᠠ ᠵᠡᠷᠭᠡ ᠶᠢ ᠴᠥᠮ ᠡᠨᠡ ᠬᠦ ᠭᠤᠣᠯ ᠱᠤᠭᠤᠮ ᠲᠠᠢ | ᠨᠢᠭᠲᠠ ᠤᠶᠠᠯᠳᠤᠭᠤᠯᠵᠤ᠂ ᠡᠨᠡ ᠬᠦ ᠭᠤᠣᠯ ᠱᠤᠭᠤᠮ ᠠᠴᠠ ᠥᠴᠥᠬᠡᠨ ᠴᠦ ᠰᠠᠯᠬᠤ ᠦᠭᠡᠢ ᠪᠠᠶᠢᠬᠤ ᠬᠡᠷᠡᠭᠲᠡᠢ︾ ᠭᠡᠵᠦ ᠴᠢᠬᠤᠯᠠᠴᠢᠯᠠᠪᠠ᠃ ᠡᠨᠡ ᠬᠦ ᠴᠢᠬᠤᠯᠠ | ᠶᠡᠭᠡ ᠨᠤᠲᠠᠯᠠᠯᠲᠠ ᠪᠣᠯ ᠮᠠᠷᠺᠰ ᠤᠨ ᠦᠵᠡᠯ ᠤᠨ ᠤᠨᠤᠯ ᠤᠨ ᠰᠢᠨ᠎ᠡ ᠡᠭᠦᠳᠦᠯᠲᠡ ᠮᠥᠨ᠂ ᠮᠠᠨ ᠤ ᠣᠷᠣᠨ ᠤ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠶᠢᠨ | ᠦᠨᠳᠦᠰᠦᠨ ᠵᠢᠷᠤᠮᠯᠠᠯ ᠮᠥᠨ᠃ | ᠲᠣᠭᠲᠠᠭᠠᠯ ᠤᠨ ᠨᠣᠣᠷᠠᠭ ᠲᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ | ᠣᠷᠣᠨ ᠢ ᠪᠦᠭᠦ ᠲᠠᠯ᠎ᠠ ᠪᠠᠷ ᠡᠭᠦᠳᠦᠨ ᠪᠠᠶᠢᠭᠤᠯᠬᠤ ᠬᠠᠷᠠᠯᠲᠠ ᠶᠢ ᠳᠤᠷᠠᠳᠤᠭᠰᠠᠨ ᠤ ᠰᠢᠯᠲᠠᠭᠠᠨ ᠭᠡᠪᠡᠯ᠂ ᠨᠢᠭᠡ ᠳᠤ᠂ ᠶᠡᠷᠦᠩᠬᠡᠢ ᠱᠦᠵᠢ ᠶᠢᠨ ᠵᠢᠭᠠᠪᠤᠷᠢ | ᠱᠠᠭᠠᠷᠳᠠᠯᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠤᠢ ᠪᠦᠬᠦᠢ ᠠᠵᠢᠯ ᠢ ᠡᠨᠡ ᠬᠦ ᠭᠤᠣᠯ ᠱᠤᠭᠤᠮ ᠲᠡᠶᠢᠰᠢ ᠲᠥᠪᠯᠡᠷᠡᠭᠦᠯᠦᠨ ᠬᠦᠴᠦᠯᠡᠬᠦ ᠶᠢ | ᠠᠬᠢᠭᠤᠯᠤᠭᠰᠠᠨ ᠶᠠᠪᠤᠳᠠᠯ ᠪᠣᠯᠣᠨ᠎ᠠ︔ᠬᠤᠶᠠᠷ ᠲᠤ᠂ ᠪᠢᠳᠡ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠰᠠᠶᠢᠨ | ᠰᠠᠭᠤᠷᠢ ᠲᠠᠢ ᠶᠤᠮ᠂ ᠪᠢᠳᠡᠨ ᠳᠤ ᠨᠠᠮ ᠤᠨ ᠠᠴᠢ ᠡᠨᠡᠷᠢᠯ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠬᠤ ᠰᠢᠯᠢᠳᠡᠭ ᠤᠯᠠᠮᠵᠢᠯᠠᠯ ᠲᠠᠢ | ᠶᠤᠮ᠂ ᠦᠨᠳᠦᠰᠦᠲᠡᠨ ᠤ ᠪᠦᠯᠬᠦᠮᠳᠡᠯ ᠢ ᠠᠬᠢᠭᠤᠯᠬᠤ ᠤᠯᠠᠮᠵᠢᠯᠠᠯ ᠰᠠᠶᠢᠨ ᠶᠤᠮ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ | ᠰᠠᠶᠢᠲᠤᠷ ᠬᠢᠵᠦ᠂ ᠨᠢᠭᠡ ᠭᠡᠷ ᠤᠨ ᠬᠥᠮᠥᠨ ᠮᠡᠲᠦ ᠳᠣᠲᠣᠨᠣ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠰᠠᠶᠢᠨ ᠪᠠᠶᠢᠨ᠎ᠠ᠃ ᠬᠤᠶᠢᠰᠢᠳᠠ ᠪᠢᠳᠡ ᠶᠠᠮᠠᠷᠪᠠ ᠠᠵᠢᠯ | ᠬᠢᠬᠦ᠂ ᠶᠠᠮᠠᠷᠪᠠ ᠶᠠᠪᠤᠳᠠᠯ ᠭᠦᠢᠴᠡᠳᠬᠡᠬᠦ ᠳᠤ ᠴᠥᠮ ᠡᠨᠡ ᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠵᠤ᠂ ᠥᠴᠥᠬᠡᠨ ᠴᠦ ᠰᠠᠯᠬᠤ ᠦᠭᠡᠢ ᠪᠠᠶᠢᠬᠤ ᠬᠡᠷᠡᠭᠲᠡᠢ | ᠪᠥᠭᠡᠳ ᠡᠭᠦᠨ ᠢᠶᠠᠷ ᠲᠡᠭᠦᠨ ᠤ ᠦᠷ᠎ᠡ ᠪᠦᠲᠦᠮᠵᠢ ᠶᠢ ᠦᠨᠡᠯᠡᠨ ᠰᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠤᠨ ᠭᠦᠨ ᠳᠤ ᠦᠨᠳᠦᠰᠦᠯᠡᠭᠦᠯᠬᠦ ᠬᠡᠷᠡᠭᠲᠡᠢ᠃ | ᠳᠥᠷᠪᠡᠳᠦᠭᠡᠷ ᠲᠤ᠂ ︽ᠤᠮᠠᠷᠠᠲᠤ ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠲᠤᠬᠠᠢ᠃ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ | ᠲᠠᠯ᠎ᠠ ᠪᠠᠷ ᠪᠠᠶᠢᠭᠤᠯᠬᠤ ᠳᠤ ᠮᠠᠰᠢ ᠴᠢᠬᠤᠯᠠ ᠲᠠᠯ᠎ᠠ ᠨᠢ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠣᠶᠣᠯ ᠤᠨ ᠬᠠᠮᠲᠤ ᠶᠢᠨ ᠲᠠᠨᠢᠯᠲᠠ ᠶᠢ | ᠨᠡᠮᠡᠭᠳᠡᠭᠦᠯᠬᠦ ᠶᠠᠪᠤᠳᠠᠯ ᠪᠣᠯᠣᠨ᠎ᠠ᠃ ᠡᠨᠡ ᠵᠢᠯ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷ᠎ᠡ᠂ ᠶᠡᠷᠦᠩᠬᠡᠢ ᠱᠦᠵᠢ ᠠᠴᠠ ᠰᠣᠶᠣᠯ ᠤᠨ | ᠰᠢᠨ᠎ᠡ ᠡᠭᠦᠷᠭᠡ ᠶᠢ ᠨᠡᠩ ᠰᠠᠶᠢᠲᠤᠷ ᠡᠭᠦᠷᠭᠡᠯᠡᠵᠦ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ ᠥᠪᠥᠷ ᠮᠣᠩᠭᠤᠯ ᠤᠨ ᠲᠡᠦᠬᠡ ᠰᠣᠶᠣᠯ ᠭᠦᠨ ᠵᠤᠵᠠᠭᠠᠨ᠂ ᠰᠣᠶᠣᠯ ᠢᠷᠭᠡᠨᠰᠢᠯ ᠤᠨ ᠡᠬᠢ ᠪᠠᠶᠠᠯᠢᠭ ᠡᠯᠪᠡᠭ ᠳᠡᠯᠪᠡᠭ᠂ ᠥᠷᠭᠡᠨ ᠠᠭᠤᠳᠠᠮ ᠡᠬᠡ | ᠭᠠᠵᠠᠷ ᠳᠡᠭᠡᠷᠡᠬᠢ ᠪᠠᠶᠠᠯᠢᠭ ᠰᠠᠶᠢᠬᠠᠨ ᠰᠣᠶᠣᠯ ᠪᠣᠯ ᠴᠥᠮ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠭᠦᠨ ᠬᠡᠰᠡᠭ ᠪᠣᠯᠣᠨ᠎ᠠ᠃ ᠭᠡᠪᠡᠴᠦ ᠪᠦᠭᠦ ᠰᠣᠶᠣᠯ ᠢ | ᠬᠠᠮᠤᠷᠤᠭᠰᠠᠨ᠂ ᠥᠪᠥᠷ ᠮᠣᠩᠭᠤᠯ ᠤᠨ ᠣᠨᠴᠠᠯᠢᠭ ᠢ ᠢᠯᠡᠷᠡᠭᠦᠯᠦᠭᠰᠡᠨ ᠤᠬᠠᠭᠳᠠᠬᠤᠨ ᠲᠤᠲᠠᠭᠳᠠᠵᠤ ᠪᠠᠶᠢᠨ᠎ᠠ᠃ ᠡᠶᠢᠮᠦ ᠠᠴᠠ ᠪᠢᠳᠡ ︽ᠤᠮᠠᠷᠠᠲᠤ ᠬᠢᠯᠢ ᠶᠢᠨ | ᠰᠣᠶᠣᠯ︾ ᠭᠡᠬᠦ ᠡᠨᠡ ᠬᠦ ᠥᠪᠥᠷ ᠮᠣᠩᠭᠤᠯ ᠤᠨ ᠣᠨᠴᠠᠯᠢᠭ ᠲᠠᠢ ᠣᠷᠣᠨ ᠪᠦᠰᠡ ᠶᠢᠨ ᠴᠢᠨᠠᠷᠲᠠᠢ ᠰᠣᠶᠣᠯ ᠤᠨ ᠲᠥᠷᠥᠯ ᠲᠡᠮᠳᠡᠭ ᠢ ᠡᠭᠦᠳᠦᠨ᠎ᠡ ᠭᠡᠵᠦ | ᠳᠤᠷᠠᠳᠤᠭᠰᠠᠨ ᠨᠢ ᠳᠠᠷᠤᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠨ ᠬᠥᠭᠵᠢᠭᠦᠯᠵᠦ᠂ ᠤᠮᠠᠷᠠᠲᠤ ᠬᠢᠯᠢ ᠶᠢᠨ ᠡᠬᠡ ᠭᠠᠵᠠᠷ ᠲᠤ | ᠦᠨᠳᠦᠰᠦᠯᠡᠭᠰᠡᠨ ᠰᠢᠯᠢᠳᠡᠭ ᠰᠣᠶᠣᠯ ᠢ ᠰᠢᠨ᠎ᠡ ᠴᠠᠭ ᠦᠶ᠎ᠡ ᠳᠤ ᠠᠮᠢᠯᠠᠭᠤᠯᠵᠤ᠂ ᠥᠪᠥᠷ ᠮᠣᠩᠭᠤᠯ ᠤᠨ ᠵᠥᠪ ᠲᠠᠯ᠎ᠠ ᠶᠢᠨ ᠳᠦᠷᠢ ᠲᠥᠷᠬᠦ ᠶᠢ ᠳᠡᠭᠡᠭᠰᠢᠯᠡᠭᠦᠯᠭᠦ ᠳᠤ | ᠬᠦᠴᠦᠲᠡᠢ ᠲᠤᠯᠭᠠᠭᠤᠷᠢᠯᠠᠯ ᠬᠠᠩᠭᠠᠵᠤ᠂ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠷᠬᠡᠭ ᠶᠡᠭᠡ ᠣᠶᠤᠨ ᠰᠠᠨᠠᠭᠠᠨ ᠤ ᠬᠦᠴᠦᠨ | ᠨᠡᠮᠡᠷᠢᠯᠡᠬᠦ ᠶᠢᠨ ᠲᠥᠯᠥᠭᠡ ᠶᠤᠮ᠃ | ᠪᠢᠳᠡ ︽ᠤᠮᠠᠷᠠᠲᠤ ᠬᠢᠯᠢ ᠶᠢᠨ ᠰᠣᠶᠣᠯ︾ ᠭᠡᠬᠦ ᠬᠡᠳᠦᠨ ᠲᠠᠯ᠎ᠠ ᠶᠢᠨ ᠦᠨᠳᠦᠰᠦᠨ ᠠᠭᠤᠯᠭ᠎ᠠ ᠶᠢ ᠳᠤᠷᠠᠳᠪᠠ᠃ ᠡᠭᠦᠨ ᠳᠤ᠂ ᠦᠨᠳᠦᠰᠦᠲᠡᠨ ᠨᠦᠭᠦᠳ ᠤᠨ | ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠪᠣᠯ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠳᠠᠪᠰᠢᠯᠲᠠ ᠶᠢ ᠠᠬᠢᠭᠤᠯᠬᠤ ᠲᠠᠲᠠᠭᠤᠷᠠᠰᠢ ᠦᠭᠡᠢ ᠬᠥᠳᠡᠯᠭᠡᠬᠦ | ᠬᠦᠴᠦᠨ ᠮᠥᠨ᠂ ᠥᠪᠥᠷ ᠮᠣᠩᠭᠤᠯ ᠣᠷᠣᠨ ᠤ ᠬᠥᠭᠵᠢᠯᠲᠡ ᠶᠢᠨ ᠲᠡᠦᠬᠡ ᠪᠣᠯ ᠲᠡᠷᠡ ᠪᠡᠶ᠎ᠡ ᠪᠠᠷ ᠢᠶᠠᠨ ᠣᠯᠠᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠤᠨ ᠲᠡᠦᠬᠡ ᠮᠥᠨ᠂ ᠣᠯᠠᠨ ᠦᠨᠳᠦᠰᠦᠲᠡᠨ᠂ ᠶᠡᠭᠡ ᠠᠭᠤᠰᠤᠯᠴᠠᠯ ᠤᠨ ᠣᠨᠴᠠᠯᠢᠭ ᠨᠢ ᠥᠪᠥᠷ ᠮᠣᠩᠭᠤᠯ ᠤᠨ ᠡᠬᠡ ᠭᠠᠵᠠᠷ ᠲᠤ ᠲᠤᠶᠢᠯ ᠤᠨ ᠢᠯᠡ | ᠲᠣᠳᠣ ᠪᠠᠶᠢᠳᠠᠭ︔ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠬᠤ ᠪᠣᠯ ᠶᠡᠷᠦᠩᠬᠡᠢ ᠱᠦᠵᠢ ᠶᠢᠨ ᠠᠩᠬ᠎ᠠ ᠤᠳᠠᠭ᠎ᠠ ᠥᠪᠥᠷ ᠮᠣᠩᠭᠤᠯ ᠳᠤ ᠳᠤᠷᠠᠳᠤᠭᠰᠠᠨ | ᠴᠢᠬᠤᠯᠠ ᠶᠡᠭᠡ ᠣᠶᠢᠯᠠᠭᠠᠭᠳᠠᠬᠤᠨ ᠪᠣᠯᠣᠨ᠎ᠠ᠂ ᠡᠨᠡ ᠨᠢ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠭᠠᠷ ᠭᠠᠷ ᠢᠶᠠᠨ ᠬᠤᠯᠪᠣᠨ᠂ | ᠰᠡᠳᠬᠢᠯ ᠵᠢᠷᠦᠬᠡ ᠪᠠᠨ ᠬᠤᠯᠪᠣᠵᠤ᠂ ᠡᠬᠡ ᠤᠯᠤᠰ ᠤᠨ ᠬᠢᠯᠢ ᠬᠢᠵᠠᠭᠠᠷ ᠢ ᠬᠠᠮᠲᠤ ᠪᠠᠷ ᠰᠠᠬᠢᠨ ᠬᠠᠮᠠᠭᠠᠯᠠᠵᠤ᠂ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ | ᠴᠣᠭᠴᠠᠯᠠᠬᠤ ᠰᠢᠯᠢᠳᠡᠭ ᠤᠯᠠᠮᠵᠢᠯᠠᠯ ᠪᠠ ᠠᠮᠢᠳᠤᠯᠢᠭ ᠦᠢᠯᠡᠳᠦᠯᠭᠡ ᠶᠢ ᠭᠦᠨᠵᠡᠭᠡᠢ ᠬᠤᠷᠢᠶᠠᠩᠭᠤᠶᠢᠯᠠᠵᠠᠢ︔ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ | ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠨᠢ ᠶᠡᠷᠦᠩᠬᠡᠢ ᠱᠦᠵᠢ ᠶᠢᠨ ᠪᠢᠳᠡᠨ ᠳᠤ ᠥᠭᠭᠦᠭᠰᠡᠨ ᠭᠦᠨ ᠰᠡᠳᠬᠢᠯᠭᠡ ᠶᠢᠨ ᠵᠣᠷᠢᠭᠵᠢᠭᠤᠯᠤᠯ ᠳᠤ | ᠲᠦᠰᠢᠭᠯᠡᠵᠦ᠂ ᠬᠤᠶᠠᠭᠤᠯᠠ ᠪᠠᠨ ᠴᠥᠮ ᠰᠥᠰᠥ ᠵᠣᠷᠢᠭ᠂ ᠡᠷᠴᠢ ᠵᠣᠷᠢᠭ᠂ ᠬᠠᠳᠠᠨ ᠵᠣᠷᠢᠭ ᠢ ᠴᠢᠬᠤᠯᠠᠴᠢᠯᠠᠵᠤ᠂ ᠮᠠᠨ ᠤ ᠥᠪᠥᠷ ᠮᠣᠩᠭᠤᠯᠴᠤᠳ ᠤᠨ | ᠬᠠᠮᠤᠭ ᠤᠨ ᠢᠯᠡ ᠲᠣᠳᠣ ᠤᠶᠤᠨ ᠰᠠᠨᠠᠭᠠᠨ ᠤ ᠪᠡᠯᠭᠡ ᠲᠡᠮᠳᠡᠭ ᠪᠣᠯᠵᠠᠢ︔ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠣᠯ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠤᠨ ︽ᠬᠥᠲᠥᠯᠪᠦᠷᠢ︾ ᠪᠣᠯᠣᠨ᠎ᠠ᠂ ᠪᠢᠳᠡ ᠰᠣᠶᠣᠯ ᠤᠨ ᠪᠠᠶᠢᠭᠤᠯᠤᠯᠲᠠ ᠶᠢ ᠠᠬᠢᠭᠤᠯᠬᠤ ᠳᠤ | ᠢᠮᠠᠭᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠬᠦ ᠶᠢ ᠪᠣᠳᠣᠯᠬᠢᠯᠠᠬᠤ ᠬᠡᠷᠡᠭᠲᠡᠢ᠃ ︽ᠤᠮᠠᠷᠠᠲᠤ | ᠬᠢᠯᠢ ᠶᠢᠨ ᠰᠣᠶᠣᠯ︾ ᠤᠨ ᠲᠦᠷᠦᠯ ᠲᠡᠮᠳᠡᠭ ᠢ ᠡᠭᠦᠳᠬᠦ ᠠᠵᠢᠯ ᠰᠠᠶ᠋ᠢᠬᠠᠨ ᠡᠬᠢᠯᠡᠵᠦ ᠪᠠᠶᠢᠨ᠎ᠠ᠂ ᠪᠠᠰᠠ ᠡᠯ᠎ᠡ ᠲᠠᠯ᠎ᠠ ᠶᠢᠨ ᠤᠶᠤᠨ ᠤᠬᠠᠭᠠᠨ ᠪᠠ ᠬᠦᠴᠦᠨ | ᠴᠢᠳᠠᠯ ᠢ ᠲᠥᠪᠯᠡᠷᠡᠭᠦᠯᠦᠨ ᠰᠤᠳᠤᠯᠭᠠᠨ ᠢ ᠭᠦᠨᠵᠡᠭᠡᠶᠢᠷᠡᠭᠦᠯᠵᠦ᠂ ᠢᠳᠡᠪᠬᠢᠲᠡᠢ ᠠᠬᠢᠭᠤᠯᠬᠤ ᠴᠢᠬᠤᠯᠠᠲᠠᠢ ᠶᠤᠮ᠃ | ᠴᠢᠬᠤᠯᠠᠴᠢᠯᠠᠭᠤᠰᠢᠲᠠᠢ ᠨᠢ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠠᠭᠤᠯᠤᠭᠳᠠᠬᠤᠨ ᠮᠠᠰᠢ ᠥᠷᠭᠡᠨ | ᠪᠠᠶᠢᠵᠤ᠂ ︽ᠪᠦᠭᠦ ᠲᠠᠯ᠎ᠠ︾ ᠶᠢᠨ ᠱᠠᠭᠠᠷᠳᠠᠯᠭ᠎ᠠ ᠪᠣᠯᠣᠨ᠎ᠠ᠃ ᠲᠣᠭᠲᠠᠭᠠᠯ ᠤᠨ ᠨᠣᠣᠷᠠᠭ ᠲᠤ ᠭᠤᠣᠯᠳᠠᠭᠤ ᠶᠠᠭᠤ ᠬᠢᠬᠦ᠂ ᠶᠠᠭᠠᠬᠢᠵᠤ ᠬᠢᠬᠦ ᠲᠤᠬᠠᠢ ᠳᠡᠮᠡᠢ ᠤᠯᠠᠨ | ᠳᠤᠷᠠᠳᠤᠭᠰᠠᠨ ᠦᠭᠡᠢ ᠨᠢ ᠳᠠᠷᠤᠢ ᠵᠠᠢ ᠵᠠᠪᠰᠠᠷ ᠪᠠ ᠣᠷᠣᠨ ᠵᠠᠢ ᠦᠯᠡᠳᠡᠭᠡᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠦᠢᠯᠡᠳᠦᠯᠭᠡ ᠶᠢᠨ ᠳᠤᠮᠳᠠ | ᠭᠦᠢᠴᠡᠳ ᠰᠢᠨ᠎ᠡ ᠶᠢ ᠡᠭᠦᠳᠦᠨ ᠡᠭᠦᠳᠦᠨ ᠪᠦᠲᠦᠭᠡᠵᠦ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭᠤ᠂ ᠥᠷᠢᠰᠦᠯᠳᠦᠨ ᠭᠡᠷᠡᠯ ᠭᠢᠯᠪᠠᠭ᠎ᠠ ᠪᠠᠨ ᠰᠠᠴᠤᠷᠠᠭᠤᠯᠬᠤ | ᠠᠮᠢᠳᠤᠯᠢᠭ ᠪᠠᠶᠢᠳᠠᠯ ᠢ ᠪᠤᠶ ᠪᠤᠯᠭᠠᠬᠤ ᠶᠢᠨ ᠲᠥᠯᠥᠭᠡ ᠶᠤᠮ᠃ | ᠨᠥᠬᠦᠳ ᠠ᠋᠂ ᠲᠣᠭᠲᠠᠭᠠᠯ ᠢ ᠬᠢᠨᠠᠨ ᠵᠥᠪᠯᠡᠵᠦ ᠪᠠᠲᠤᠯᠠᠬᠤ ᠶᠠᠪᠤᠳᠠᠯ ᠪᠣᠯ ᠡᠨᠡ ᠤᠳᠠᠭᠠᠨ ᠤ ᠪᠦᠭᠦᠳᠠ ᠬᠤᠷᠠᠯ ᠤᠨ ᠨᠢᠭᠡᠨ ᠴᠢᠬᠤᠯᠠ ᠡᠭᠦᠷᠭᠡ ᠮᠥᠨ᠃ | ᠤᠯᠠᠨ ᠢᠶᠠᠷ ᠢᠶᠠᠨ ᠶᠡᠭᠡ ᠲᠠᠯ᠎ᠠ ᠳᠤ ᠵᠣᠭᠰᠣᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠶᠠᠷᠢᠯᠴᠠᠵᠤ᠂ | ᠪᠦᠲᠦᠭᠡᠯᠴᠢ ᠴᠢᠨᠠᠷᠲᠠᠢ ᠰᠠᠨᠠᠯ ᠰᠠᠨᠠᠭᠤᠯᠭ᠎ᠠ ᠳᠤᠷᠠᠳᠴᠤ᠂ ᠤᠯᠠᠨ ᠤ ᠤᠬᠠᠭᠠᠨ ᠬᠠᠮᠲᠤ ᠶᠢᠨ ᠬᠦᠴᠦ ᠪᠠᠷ ᠨᠢᠭᠡ ᠬᠤᠪᠢ ᠴᠢᠨᠠᠷ ᠰᠠᠶᠢᠲᠠᠢ ᠪᠢᠴᠢᠭ ᠮᠠᠲ᠋ᠧᠷᠢᠶᠠᠯ | ᠲᠣᠭᠲᠠᠭᠠᠬᠤ ᠶᠢ ᠬᠦᠰᠡᠵᠦ ᠪᠠᠶᠢᠨ᠎ᠠ᠃ | |