ᠲᠦᠷᠦᠭᠦᠸ ᠬᠠᠭᠠᠰ ᠵᠢᠯ ᠳᠤ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ ᠬᠦᠴᠦᠲᠡᠢ ᠲᠤᠯᠭᠠᠭᠤᠷᠢᠯᠠᠯ ᠪᠣᠯᠪᠠ
ᠨᠡᠶᠢᠲᠡᠯᠡᠭᠰᠡᠨ ᠴᠠᠭ᠄
2023/7/19
     ᠲᠦᠷᠦᠭᠦᠸ ᠬᠠᠭᠠᠰ ᠵᠢᠯ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 6.4% ᠪᠠᠷ ᠨᠡᠮᠡᠭᠳᠡᠵᠦ᠂ ᠨᠢᠭᠡᠳᠦᠭᠡᠷ ᠤᠯᠠᠷᠢᠯ ᠤᠨ ᠬᠢ ᠠᠴᠠ 5.3 ᠵᠠᠭᠤᠨ ᠤ ᠨᠢᠭᠡᠴᠢ ᠪᠠᠭᠤᠷᠠᠪᠠ᠃ᠭᠤᠷᠪᠠᠨ ᠶᠡᠭᠡ ᠲᠥᠷᠥᠯ ᠵᠦᠢᠯ ᠠᠴᠠ ᠦᠵᠡᠪᠡᠯ ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ ᠥᠷᠲᠡᠭ 12.6% ᠪᠠᠷ ᠪᠠᠭᠤᠷᠠᠵᠤ᠂ ᠦᠢᠯᠡᠳᠬᠦ ᠦᠢᠯᠡᠰ 14.6% ᠪᠠᠷ ᠨᠡᠮᠡᠭᠳᠡᠨ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ 6.4% ᠪᠠᠷ ᠨᠡᠮᠡᠭᠳᠡᠪᠡ᠃ᠦᠢᠯᠡᠳᠬᠦᠨ ᠤ ᠭᠠᠷᠤᠯᠲᠠ ᠠᠴᠠ ᠦᠵᠡᠪᠡᠯ᠂ ᠪᠣᠯᠣᠳ ᠮᠠᠲ᠋ᠧᠷᠢᠶᠠᠯ᠂ ᠲᠠᠸᠠᠷ ᠤᠨ ᠪᠧᠲ᠋ᠤᠨ᠂ ᠠᠷᠪᠠᠨ ᠵᠦᠢᠯ ᠤᠨ ᠥᠩᠭᠡᠲᠦ ᠲᠡᠮᠦᠷᠯᠢᠭ ᠵᠡᠷᠭᠡ ᠰᠠᠭᠤᠷᠢ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠲᠤᠰᠪᠤᠷᠢ 49.9%᠂ 7.7%᠂ 5.6% ᠪᠠᠷ ᠨᠡᠮᠡᠭᠳᠡᠪᠡ᠃ ᠲᠤᠯᠭᠠᠭᠤᠷᠢ ᠠᠵᠢᠯ ᠲᠥᠷᠥᠯ ᠠᠴᠠ ᠦᠵᠡᠪᠡᠯ᠂ ᠲᠡᠮᠦᠷᠯᠢᠭ ᠪᠣᠯᠪᠠᠰᠤᠷᠠᠭᠤᠯᠬᠤ ᠠᠵᠢᠯ ᠲᠥᠷᠥᠯ ᠤᠨ ᠨᠡᠮᠡᠭᠳᠡᠯ ᠥᠷᠲᠡᠭ 16.4% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7.6 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ ᠬᠠᠷ᠎ᠠ ᠲᠡᠮᠦᠷᠯᠢᠭ ᠤᠨ ᠠᠵᠢᠯ ᠲᠥᠷᠥᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 3.8 ᠵᠠᠭᠤᠨ ᠤ ᠨᠢᠭᠡᠴᠢ ᠳᠠᠶᠢᠴᠢᠯᠠᠪᠠ᠃ ᠭᠤᠣᠯᠳᠠᠯᠭ᠎ᠠ ᠲᠠᠢ ᠠᠵᠤ ᠠᠬᠤᠶᠢᠯᠠᠯ ᠠᠴᠠ ᠦᠵᠡᠪᠡᠯ᠂ 30 ᠭᠤᠣᠯᠳᠠᠯᠭ᠎ᠠ ᠲᠠᠢ ᠠᠵᠤ ᠠᠬᠤᠶᠢᠯᠠᠯ ᠤᠨ ᠳᠣᠲᠣᠷᠠᠬᠢ 9 ᠠᠵᠤ ᠠᠬᠤᠶᠢᠯᠠᠯ ᠤᠨ ᠲᠣᠰ ᠰᠠᠷ᠎ᠠ ᠶᠢᠨ ᠦᠢᠯᠡᠳᠬᠦᠨ ᠤ ᠥᠷᠲᠡᠭ  ᠨᠢ ᠶᠠᠭ ᠨᠡᠮᠡᠭᠳᠡᠵᠦ ᠪᠠᠶᠢᠨ᠎ᠠ᠂ ᠡᠭᠦᠨ ᠳᠤ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠦᠢᠯᠡᠳᠬᠦᠨ ᠤ ᠥᠷᠲᠡᠭ ᠢ ᠨᠡᠯᠢᠶᠡᠳ ᠶᠡᠭᠡ ᠪᠠᠷ ᠳᠠᠶᠢᠴᠢᠯᠠᠭᠰᠠᠨ ᠨᠢ ᠵᠦᠩ ᠰᠧ ᠥᠩᠭᠡᠲᠦ ᠴᠠᠶᠢᠷ ᠤᠨ ᠦᠢᠯᠡᠰ ᠪᠠ ᠳ᠋ᠠ ᠳ᠋ᠢ ᠶᠦᠨ ᠲᠢᠶᠠᠨ ᠪᠣᠯᠣᠨ᠎ᠠ᠃ ᠠᠵᠤ ᠠᠬᠤᠢ ᠶᠢᠨ ᠦᠷ᠎ᠡ ᠠᠰᠢᠭ ᠠᠴᠠ ᠦᠵᠡᠪᠡᠯ᠂ 1-5 ᠰᠠᠷ᠎ᠠ ᠳᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 752.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.4% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ