| 2023 ᠣᠨ ᠤ ᠳᠡᠭᠡᠷ᠎ᠡ ᠬᠠᠭᠠᠰ ᠵᠢᠯ ᠳᠤ᠂ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠤ ᠳᠤᠮᠳᠠ | ᠳᠡᠭᠡᠭᠰᠢᠯᠡᠬᠦ ᠬᠠᠨᠳᠤᠰᠢ ᠲᠠᠢ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠨᠢᠭᠡᠳᠦᠭᠡᠷ ᠲᠤ ᠣᠷᠣᠪᠠ᠃ ᠤᠯᠤᠰ ᠤᠨ ᠲᠤᠭ᠎ᠠ ᠪᠦᠷᠢᠳᠬᠡᠯ ᠤᠨ | ᠲᠣᠪᠴᠢᠶ᠎ᠠ ᠶᠢᠨ ᠤᠯᠠᠭᠠᠨᠬᠠᠳᠠ ᠶᠢᠨ ᠪᠠᠶᠢᠴᠠᠭᠠᠯᠲᠠ ᠶᠢᠨ ᠠᠩᠭᠢ ᠶᠢᠨ ᠰᠣᠩᠭᠤᠨ ᠪᠠᠶᠢᠴᠠᠭᠠᠯᠲᠠ ᠢ ᠦᠨᠳᠦᠰᠦᠯᠡᠪᠡᠯ᠂ 2023 ᠣᠨ ᠤ ᠳᠡᠭᠡᠷ᠎ᠡ ᠬᠠᠭᠠᠰ ᠵᠢᠯ ᠳᠤ | ᠤᠯᠠᠭᠠᠨᠬᠠᠳᠠ ᠬᠤᠲᠠ ᠶᠢᠨ ᠪᠥᠬᠦ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 13724 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 6.2% ᠢᠶᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠡᠯ᠎ᠡ ᠠᠶᠢᠮᠠᠭ ᠬᠤᠲᠠ ᠳᠤ ᠬᠤᠶᠠᠳᠤᠭᠠᠷ ᠲᠤ ᠣᠷᠣᠵᠤ᠂ | ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 0.5 ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ ᠳᠤᠮᠳᠠᠴᠢ | ᠨᠡᠮᠡᠭᠳᠡᠯ ᠤᠨ ᠬᠤᠷᠳᠤᠴᠠ ᠠᠴᠠ 0.3 ᠵᠠᠭᠤᠨ ᠤ ᠨᠢᠭᠡᠴᠢ ᠳᠣᠣᠷ᠎ᠠ ᠪᠣᠯᠪᠠ︔ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 20896 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠵᠦ᠂ ᠨᠡᠮᠡᠭᠳᠡᠯ ᠤᠨ | ᠬᠤᠷᠳᠤᠴᠠ ᠨᠢ ᠥᠪᠡᠷᠲᠡᠭᠡᠨ ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ | ᠨᠡᠮᠡᠭᠳᠡᠯ ᠤᠨ ᠬᠤᠷᠳᠤᠴᠠ ᠠᠴᠠ 0.8 ᠵᠠᠭᠤᠨ ᠤ ᠨᠢᠭᠡᠴᠢ ᠥᠨᠳᠥᠷ ᠪᠣᠯᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.1 ᠵᠠᠭᠤᠨ ᠤ | ᠨᠢᠭᠡᠴᠢ ᠥᠨᠳᠥᠷ ᠪᠣᠯᠪᠠ︔ ᠬᠥᠳᠡᠭᠡ ᠲᠤᠰᠬᠤᠨ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ 7469 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠥᠪᠡᠷᠲᠡᠭᠡᠨ | ᠵᠠᠰᠠᠬᠤ ᠣᠷᠣᠨ ᠤ ᠡᠯ᠎ᠡ ᠠᠶᠢᠮᠠᠭ ᠬᠤᠲᠠ ᠳᠤ ᠭᠤᠷᠪᠠᠳᠤᠭᠠᠷ ᠲᠤ ᠣᠷᠣᠵᠤ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 0.4 | ᠵᠠᠭᠤᠨ ᠤ ᠨᠢᠭᠡᠴᠢ ᠥᠨᠳᠥᠷ ᠪᠠᠶᠢᠵᠤ᠂ ᠪᠥᠬᠦ ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠲᠠᠢ ᠲᠡᠩᠴᠡᠪᠡ᠃ | |