ᠲᠦᠷᠦᠭᠦᠸ ᠬᠠᠭᠠᠰ ᠵᠢᠯ ᠳᠤ ᠪᠥᠬᠦ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 6.8% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2023/7/19
     ᠲᠦᠷᠦᠭᠦᠸ ᠬᠠᠭᠠᠰ ᠵᠢᠯ ᠳᠤ᠂ ᠪᠥᠬᠦ ᠬᠤᠲᠠ ᠶᠢᠨ ᠬᠡᠷᠡᠭᠯᠡᠭᠡᠨ ᠤ ᠵᠦᠢᠯ ᠤᠨ ᠵᠠᠬ᠎ᠠ ᠳᠡᠯᠭᠡᠭᠦᠷ ᠲᠣᠭᠲᠠᠭᠤᠨ ᠢᠶᠠᠷ ᠠᠵᠢᠯᠯᠠᠵᠤ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 6.8% ᠪᠠᠷ ᠨᠡᠮᠡᠭᠳᠡᠪᠡ᠃      ᠨᠢᠭᠡ᠂ ᠰᠠᠭᠤᠭᠠᠯᠢ ᠠᠷᠠᠳ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠲᠦᠷᠦᠯ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠸ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠠᠷᠢᠬᠢ ᠲᠠᠮᠠᠬᠢᠨ ᠤ ᠵᠦᠢᠯ᠂ ᠠᠮᠤ ᠪᠤᠳᠠᠭ᠎ᠠ ᠲᠣᠰᠣ ᠢᠳᠡᠭᠡᠨ ᠤ ᠵᠦᠢᠯ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠪᠠ ᠬᠢᠲᠠᠳ ᠡᠸᠦ᠋ᠷᠦᠫᠡ ᠡᠮ ᠤᠨ ᠵᠦᠢᠯ ᠤᠨ ᠵᠢᠵᠢᠭᠯᠡᠨ ᠬᠤᠳᠠᠯᠳᠤᠭᠰᠠᠨ ᠲᠤᠭ᠎ᠠ ᠲᠤᠰᠪᠤᠷᠢ 44.1%᠂ 36.8%᠂ 20.7% ᠪᠠ 9.5% ᠪᠠᠷ ᠨᠡᠮᠡᠭᠳᠡᠪᠡ᠃      ᠬᠤᠶᠠᠷ᠂ ᠵᠠᠪᠠᠯ ᠬᠡᠷᠡᠭᠰᠡᠬᠦ ᠪᠤᠰᠤ ᠲᠦᠷᠦᠯ ᠤᠨ ᠲᠠᠸᠠᠷ ᠤᠨ ᠬᠡᠷᠡᠭᠴᠡᠭᠡ ᠲᠦᠷᠭᠡᠨ ᠢᠶᠠᠷ ᠨᠡᠮᠡᠭᠳᠡᠪᠡ᠃ᠲᠦᠷᠦᠭᠦᠸ ᠬᠠᠭᠠᠰ ᠵᠢᠯ ᠳᠤ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠵᠠᠰᠠᠯ ᠴᠢᠮᠡᠭ ᠤᠨ ᠡᠳ᠋ ᠤᠨ ᠲᠥᠷᠥᠯ᠂ ᠬᠤᠪᠴᠠᠰᠤ ᠬᠤᠨᠠᠷ᠂ ᠱᠠᠬᠠᠢ ᠮᠠᠯᠠᠭᠠᠢ᠂ ᠨᠡᠬᠡᠮᠡᠯ ᠤᠨ ᠵᠦᠢᠯ ᠤᠨ ᠲᠥᠷᠥᠯ ᠪᠠ ᠠᠯᠲᠠ ᠮᠥᠩᠭᠦ ᠰᠤᠪᠤᠳ ᠡᠷᠳᠡᠨᠢ ᠶᠢᠨ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ ᠲᠤᠰᠪᠤᠷᠢ 29.8%᠂ 27.5% ᠪᠠ 11.3% ᠪᠠᠷ ᠨᠡᠮᠡᠭᠳᠡᠪᠡ᠃      ᠭᠤᠷᠪᠠ᠂ ᠭᠤᠣᠯᠳᠠᠯᠭ᠎ᠠ ᠲᠠᠢ ᠠᠵᠢᠯ ᠲᠦᠷᠦᠯ ᠤᠨ ᠬᠡᠷᠡᠭᠯᠡᠭᠡ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ᠲᠦᠷᠦᠭᠦᠸ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠴᠢᠯᠠᠭᠤᠨ ᠲᠣᠰᠣ ᠵᠢᠴᠢ ᠦᠢᠯᠡᠳᠬᠦᠨ ᠤ ᠲᠥᠷᠥᠯ ᠤᠨ ᠵᠢᠵᠢᠭᠯᠡᠨ ᠬᠤᠳᠠᠯᠳᠤᠭᠰᠠᠨ ᠲᠤᠭ᠎ᠠ 11.4% ᠪᠠᠷ ᠨᠡᠮᠡᠭᠳᠡᠵᠦ᠂ ᠮᠠᠰᠢᠨ ᠲᠡᠷᠭᠡᠨ ᠤ ᠲᠥᠷᠥᠯ ᠤᠨ ᠲᠠᠸᠠᠷ ᠤᠨ ᠵᠢᠵᠢᠭᠯᠡᠨ ᠬᠤᠳᠠᠯᠳᠤᠭᠰᠠᠨ ᠲᠤᠭ᠎ᠠ 8.2% ᠢᠶᠠᠷ ᠨᠡᠮᠡᠭᠳᠡᠪᠡ᠃      ᠳᠥᠷᠪᠡ᠂ ᠬᠤᠨᠤᠭ ᠪᠠᠭᠤᠳᠠᠯ ᠢᠳᠡᠭᠡᠨ ᠤᠮᠳᠠᠭᠠᠨ ᠤ ᠬᠡᠷᠡᠭᠯᠡᠭᠡ ᠶᠢᠨ ᠨᠡᠮᠡᠭᠳᠡᠯ ᠤᠨ ᠬᠠᠨᠳᠤᠰᠢ ᠡᠷᠴᠢᠮᠲᠡᠢ ᠪᠠᠶᠢᠨ᠎ᠠ᠃ ᠲᠦᠷᠦᠭᠦᠸ ᠬᠠᠭᠠᠰ ᠵᠢᠯ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠤᠨ ᠡᠵᠡᠩᠨᠡᠯᠲᠡ ᠶᠢᠨ ᠨᠣᠷᠮ᠎ᠠ 42.6% ᠪᠠᠷ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠡᠵᠡᠩᠨᠡᠯᠲᠡ ᠶᠢᠨ ᠨᠣᠷᠮ᠎ᠠ 38.7% ᠪᠠᠷ ᠨᠡᠮᠡᠭᠳᠡᠪᠡ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ