ᠸᠠᠨ ᠴᠤᠤ ᠴᠢ ᠪᠦᠬᠦ ᠬᠤᠲᠠ ᠶᠢᠨ ᠳᠤᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/7/28
     7 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠪᠥᠬᠦ ᠬᠤᠲᠠ ᠶᠢᠨ ᠳᠤᠤᠷ᠎ᠠ ᠬᠠᠭᠠᠰ ᠵᠢᠯ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠪᠠᠶᠢᠳᠠᠯ ᠡᠭᠦᠷᠭᠡ ᠶᠢ ᠵᠠᠳᠠᠯᠤᠨ᠂ ᠪᠣᠳᠠᠲᠠᠶ ᠪᠠᠶᠢᠷᠢᠯᠠᠭᠤᠯᠤᠯᠲᠠ ᠬᠢᠪᠠ᠃ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ ᠶᠢᠨ ᠭᠤᠤᠯ ᠬᠠᠷᠢᠭᠤᠴᠠᠯᠭᠠᠲᠠᠨ ᠨᠥᠬᠦᠳ ᠣᠪᠣᠷ ᠢᠶᠠᠨ ᠢᠯᠡᠳᠬᠡᠬᠦ ᠦᠭᠡ ᠬᠡᠯᠡᠪᠡ᠃      ᠸᠠᠨ ᠴᠤᠤ ᠴᠢ ᠶᠠᠷᠢᠶᠠᠨ ᠳᠠᠭᠠᠨ ᠪᠥᠬᠦ ᠬᠤᠲᠠ ᠶᠢᠨ ᠳᠡᠭᠡᠳᠦ ᠳᠤᠤᠷᠠᠳᠤ ᠱᠠᠲᠤ ᠪᠠᠷ ᠢᠶᠠᠨ 7 ᠰᠠᠷ᠎ᠠ ᠶᠢᠨ 24 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠤᠤᠷ᠎ᠠ ᠬᠠᠭᠠᠰ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠯᠭᠠᠮ᠎ᠠ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠢᠲᠡᠭᠡᠯ ᠵᠣᠷᠢᠭ ᠢᠶᠠᠨ ᠤᠯᠠᠮ ᠨᠢᠭᠡ ᠠᠯᠬᠤᠮ ᠪᠠᠲᠤᠳᠬᠠᠨ᠂ ᠡᠷᠴᠢ ᠵᠣᠷᠢᠭ ᠢᠶᠠᠨ ᠬᠥᠪᠴᠢᠯᠡᠵᠦ᠂ ᠲᠥᠷᠥᠯ ᠵᠦᠢᠯ ᠢ ᠴᠢᠩᠭ᠎ᠠ ᠠᠳᠬᠤᠨ᠂ ᠪᠠᠯᠠ ᠣᠷᠣᠭᠤᠯᠤᠯᠲᠠ ᠶᠢ ᠶᠡᠭᠡ ᠪᠠᠷ ᠠᠳᠬᠤᠵᠤ᠂ ᠪᠥᠬᠦ ᠵᠢᠯ ᠤᠨ ᠡᠭᠦᠷᠭᠡ ᠬᠠᠷᠠᠯᠲᠠ ᠪᠠᠨ ᠡᠷᠡᠰ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃ ᠠᠰᠠᠭᠤᠳᠠᠯ ᠢ ᠣᠨᠣᠪᠴᠢᠲᠠᠶ ᠡᠷᠢᠵᠦ᠂ ᠲᠥᠷᠥᠯ ᠵᠦᠢᠯ ᠤᠨ ᠠᠬᠢᠴᠠ᠂ ᠪᠠᠯᠠ ᠣᠷᠣᠭᠤᠯᠤᠯᠲᠠ ᠶᠢᠨ ᠠᠬᠢᠴᠠ᠂ ᠭᠠᠷᠳᠠᠮ ᠭᠦᠢᠴᠡᠳᠭᠡᠬᠦ᠂ ᠬᠦᠴᠦᠨ ᠤ ᠲᠣᠬᠢᠷᠠᠭᠤᠯᠤᠯᠲᠠ᠂ ᠠᠵᠢᠯ ᠤᠨ ᠰᠤᠷᠲᠠᠯ ᠵᠡᠷᠭᠡ ᠲᠠᠯ᠎ᠠ ᠶᠢᠨ ᠠᠰᠠᠭᠤᠳᠠᠯ ᠵᠢᠴᠢ ᠰᠢᠯᠲᠠᠭᠠᠨ ᠢ ᠰᠢᠰᠲ᠋ᠧᠮ ᠲᠠᠢ ᠡᠮᠬᠢᠯᠡᠵᠦ᠂ ᠭᠤᠤᠯᠳᠠᠯᠭ᠎ᠠ ᠪᠠ ᠬᠦᠴᠦ ᠪᠠᠨ ᠳᠠᠬᠢᠨ ᠲᠥᠪᠯᠡᠷᠡᠭᠦᠯᠦᠨ᠂ ᠴᠠᠭ ᠢᠶᠠᠨ ᠳᠠᠬᠢᠨ ᠴᠢᠩᠭ᠎ᠠ ᠠᠳᠬᠤᠵᠤ᠂ ᠰᠤᠳᠤᠯᠭᠠᠨ ᠢᠶᠠᠨ ᠳᠠᠬᠢᠨ ᠭᠦᠨᠵᠡᠭᠡᠶᠢᠷᠡᠭᠦᠯᠵᠦ᠂ ᠵᠣᠯᠭᠠᠯᠴᠠᠭ᠎ᠠ ᠪᠠᠨ ᠳᠠᠬᠢᠨ ᠰᠠᠨᠠᠭᠠᠴᠢᠯᠠᠭ᠎ᠠ ᠠᠴᠠ ᠪᠠᠨ ᠬᠢᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠᠨ ᠲᠦᠷᠭᠡᠳᠬᠡᠵᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠶ᠃ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠡᠯ᠎ᠡ ᠱᠠᠲᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠬᠠᠮᠢᠶᠠᠷᠴᠤ᠂ ᠪᠣᠳᠠᠲᠠᠢ ᠠᠳᠬᠤᠵᠤ᠂ ᠬᠤᠪᠢᠳᠠᠨ ᠬᠠᠮᠢᠶᠠᠷᠴᠤ ᠪᠠᠶᠢᠭ᠎ᠠ ᠨᠥᠬᠦᠳ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠭᠡᠬᠦ ᠲᠡᠷᠢᠭᠦᠨ ᠴᠢᠬᠤᠯᠠ ᠡᠭᠦᠷᠭᠡ ᠶᠢ ᠴᠢᠩᠭ᠎ᠠ ᠠᠳᠬᠤᠵᠤ᠂ ᠲᠦᠷᠦᠯ ᠵᠦᠢᠯ ᠭᠡᠬᠦ ᠴᠢᠬᠤᠯᠠ ᠵᠦᠢᠯ ᠢ ᠴᠢᠩᠭ᠎ᠠ ᠠᠩᠬᠠᠷᠴᠤ᠂ ᠡᠯ᠎ᠡ ᠱᠠᠲᠤᠨ ᠤ ᠬᠢᠨ ᠭᠤᠣᠯᠳᠠᠯᠭ᠎ᠠ ᠲᠠᠢ ᠲᠦᠷᠦᠯ ᠵᠦᠢᠯ ᠳᠤ ᠨᠠᠷᠢᠨ ᠲᠠᠩᠰᠠ ᠶᠢᠨ ᠴᠢᠨᠠᠷᠲᠠᠢ ᠬᠠᠮᠢᠶᠠᠷᠤᠯᠲᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠢ ᠨᠢᠭᠡᠳ ᠨᠢᠭᠡ ᠪᠠᠷ ᠮᠥᠷᠳᠡᠨ ᠲᠤᠬᠢᠷᠠᠭᠤᠯᠵᠦ᠂ ᠭᠠᠷᠠᠭ ᠪᠦᠷᠢ ᠰᠢᠨ᠎ᠡ ᠠᠬᠢᠴᠠ ᠲᠠᠢ᠂ ᠰᠠᠷ᠎ᠠ ᠪᠦᠷᠢ ᠰᠢᠨ᠎ᠡ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠯᠤᠰ ᠬᠡᠲᠦ ᠶᠢ ᠲᠥᠯᠥᠪᠵᠢᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠬᠦ ᠶᠢᠨ ᠲᠣᠭᠤᠷᠢᠨ ᠳᠤ ᠠᠭᠤᠷᠬᠠᠶ ᠶᠢᠨ ᠦᠢᠯᠡᠰ ᠤᠨ ᠠᠵᠤ ᠠᠬᠤᠶ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠥᠩᠭᠡᠲᠦ ᠲᠡᠮᠦᠷᠯᠢᠭ ᠦᠢᠯᠡᠳᠪᠦᠷᠢᠯᠡᠵᠦ ᠡᠳ᠋ᠰᠢᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠵᠠᠭᠤᠨ ᠳ᠋ᠦᠩᠰᠢᠭᠤᠷ ᠮᠢᠩᠭᠠᠨ ᠳ᠋ᠦᠩᠰᠢᠭᠤᠷ ᠤᠨ ᠲᠠᠰ ᠤᠨ ᠠᠵᠤ ᠦᠢᠯᠡᠰ ᠤᠨ ᠪᠦᠯᠦᠭᠵᠢᠯ ᠢ ᠪᠣᠶ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠳᠤᠮᠳᠠ ᠬᠤᠭᠤᠴᠠᠭᠠᠨ ᠤ ᠲᠣᠬᠢᠷᠠᠭᠤᠯᠤᠯᠲᠠ ᠲᠠᠢ ᠵᠣᠯᠭᠠᠭᠤᠯᠤᠨ ᠪᠣᠳᠠᠲᠠᠶ ᠠᠳᠬᠤᠵᠤ᠂ ᠢᠷᠡᠬᠦ ᠵᠢᠯ ᠤᠨ ᠲᠥᠷᠥᠯ ᠵᠦᠢᠯ ᠤᠨ ᠲᠣᠬᠢᠷᠠᠭᠤᠯᠤᠯᠲᠠ ᠪᠣᠯᠤᠨ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠭᠤᠤᠯᠳᠠᠯᠭ᠎ᠠ ᠶᠢ ᠭᠦᠨᠵᠡᠭᠡᠶ ᠰᠤᠳᠤᠯᠵᠤ᠂ ᠴᠢᠨᠠᠷ ᠰᠠᠶᠢᠲᠠᠶ ᠲᠥᠷᠥᠯ ᠵᠦᠢᠯ ᠢ ᠢᠳᠡᠪᠬᠢᠲᠡᠶ ᠨᠥᠭᠡᠴᠡᠯᠡᠵᠦ᠂ ᠴᠢᠨᠠᠷ ᠰᠠᠶᠢᠲᠠᠶ ᠬᠥᠭᠵᠢᠯᠲᠡ ᠳᠤ ᠨᠥᠭᠡᠴᠡ ᠬᠦᠴᠦᠨ ᠨᠡᠮᠡᠷᠢᠯᠡᠬᠦ ᠬᠡᠷᠡᠭᠲᠡᠶ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠠᠳᠬᠤᠬᠤ ᠶᠠᠪᠤᠴᠠ ᠳᠤ᠂ ᠠᠮᠤᠷ ᠲᠦᠪᠰᠢᠨ ᠲᠣᠭᠲᠠᠭᠤᠨ ᠢ ᠢᠮᠠᠭᠲᠠ ᠪᠠᠲᠤᠯᠠᠵᠤ᠂ ᠡᠯ᠎ᠡ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠵᠦ᠂ ᠲᠣᠭᠲᠠᠭᠤᠨ ᠳᠤ ᠬᠤᠯᠪᠣᠭᠳᠠᠬᠤ ᠬᠡᠮ ᠰᠣᠭᠤᠭ ᠢ ᠶᠡᠭᠡ ᠪᠠᠷ ᠪᠠᠶᠢᠴᠠᠭᠠᠨ ᠠᠷᠢᠯᠭᠠᠵᠤ᠂ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠡᠯ᠎ᠡ ᠲᠠᠯ᠎ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠣᠯᠠᠨ ᠲᠦᠮᠡᠨ ᠤ ᠠᠮᠢᠳᠤᠷᠠᠯ ᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ ᠭᠡᠵᠦ ᠱᠠᠭᠠᠷᠳᠠᠪᠠ᠃     ᠯᠤᠸᠠᠨ ᠲᠢᠶᠠᠨ ᠮᠧᠩ᠂ ᠭᠦᠢᠴᠡᠳᠬᠡᠯ ᠲᠤᠭ᠎ᠠ ᠶᠢᠨ ᠡᠭᠦᠷᠭᠡ ᠪᠣᠯᠤᠨ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠴᠠᠭ ᠤᠨ ᠲᠣᠬᠢᠷᠠᠭᠤᠯᠤᠯᠲᠠ᠂ ᠵᠠᠮ ᠱᠤᠭᠤᠮ ᠤᠨ ᠵᠢᠷᠤᠭ᠂ ᠬᠠᠷᠢᠭᠤᠴᠠᠯᠭ᠎ᠠ ᠶᠢᠨ ᠪᠢᠴᠢᠭ ᠢ ᠲᠣᠳᠣᠷᠬᠠᠶᠢᠯᠠᠵᠤ᠂ ᠣᠨᠣᠴᠠᠲᠠᠶ ᠲᠣᠬᠢᠷᠠᠭᠤᠯᠬᠤ ᠶᠢ ᠴᠢᠩᠭᠠᠳᠬᠠᠨ᠂ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠬᠠᠮᠲᠤᠷᠠᠨ ᠪᠠᠶᠢᠯᠳᠤᠬᠤ ᠶᠢ ᠬᠡᠷᠡᠭᠵᠢᠭᠦᠯᠦᠨ᠂ ᠴᠠᠭ ᠲᠤᠬᠠᠶ ᠳᠤᠨᠢ ᠰᠢᠯᠭᠠᠯᠲᠠ ᠶᠢᠨ ᠬᠠᠭᠤᠳᠠᠰᠤ ᠲᠤᠰᠢᠶᠠᠵᠤ ᠲᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠶ᠃ ᠲᠦᠷᠦᠯ ᠵᠦᠢᠯ ᠢ ᠭᠦᠨᠵᠡᠭᠡᠢ ᠪᠣᠳᠠᠲᠠᠢ ᠨᠠᠷᠢᠯᠢᠭ ᠰᠦᠪᠡᠭᠴᠢᠯᠡᠵᠦ᠂ ᠳᠠᠪᠠᠭᠤᠯᠢᠭ ᠲᠠᠭᠠᠨ ᠰᠠᠭᠤᠷᠢᠯᠠᠨ᠂ ᠪᠦᠬᠦ ᠬᠤᠳᠠ ᠶᠢᠨ ᠡᠯ᠎ᠡ ᠬᠦᠷᠢᠶ᠎ᠡ ᠶᠢ ᠭᠤᠣᠯᠳᠠᠯᠭ᠎ᠠ ᠲᠠᠢ ᠲᠦᠷᠦᠯ ᠵᠦᠢᠯ ᠢ ᠲᠠᠬᠢᠨ ᠡᠮᠬᠢᠯᠡᠨ᠂ ᠲᠠᠬᠢᠨ ᠰᠤᠳᠤᠯᠤᠨ᠂ ᠲᠠᠬᠢᠨ ᠨᠠᠷᠢᠯᠢᠬᠵᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ᠂ ᠰᠢᠨ᠎ᠡ ᠡᠨᠧᠷᠭᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ᠂ ᠭᠠᠳᠠᠭᠠᠳᠤ ᠠᠷᠠᠯᠵᠢᠶᠠᠨ ᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠷ ᠬᠦᠴᠦ ᠣᠷᠣᠭᠤᠯᠵᠤ᠂ ᠨᠢᠭᠡ ᠪᠦᠯᠦᠭ ᠴᠢᠨᠠᠷ ᠰᠠᠶᠢᠲᠠᠢ᠂ ᠬᠥᠭᠵᠢᠯ ᠤᠨ ᠲᠥᠯᠥᠪ ᠰᠠᠶᠢᠲᠠᠢ ᠲᠦᠷᠦᠯ ᠵᠦᠢᠯ ᠢ ᠱᠠᠯᠠᠪᠳᠠᠨ ᠲᠥᠯᠥᠪᠵᠢᠭᠦᠯᠵᠦ᠂ ᠬᠥᠭᠵᠢᠯᠲᠡ ᠶᠢ ᠲᠦᠷᠭᠡᠳᠬᠡᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠯ᠎ᠡ ᠱᠠᠲᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠠᠵᠢᠯ ᠤᠨ ᠡᠭᠦᠷᠭᠡ ᠳᠤ ᠨᠢᠭᠡᠳ ᠨᠢᠭᠡ ᠪᠠᠷ ᠬᠠᠷᠢᠭᠤᠴᠠᠯᠭ᠎ᠠ ᠲᠣᠭᠲᠠᠭᠠᠨ ᠲᠣᠳᠣᠷᠬᠠᠶᠢᠯᠠᠵᠤ᠂ ᠠᠵᠢᠯ ᠢ ᠪᠠᠶᠢᠭᠤᠯᠭ᠎ᠠ ᠨᠢᠭᠡᠴᠡ ᠳᠤ ᠬᠦᠷᠲᠡᠯ᠎ᠡ ᠬᠡᠮᠵᠢᠶᠡᠵᠢᠭᠦᠯᠵᠦ᠂ ᠬᠠᠷᠢᠭᠤᠴᠠᠯᠭ᠎ᠠ ᠶᠢ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠲᠣᠳᠣᠷᠬᠠᠶ ᠬᠠᠷᠢᠭᠤᠴᠠᠯᠭ᠎ᠠ ᠶᠢᠨ ᠰᠢᠰᠲ᠋ᠧᠮ ᠢᠶᠠᠷ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃     ᠬᠤᠲᠠ ᠶᠢᠨ ᠤᠳᠤᠷᠢᠳᠤᠯᠭ᠎ᠠ ᠴᠧᠨ ᠵᠠᠨ ᠶᠢᠩ᠂ ᠮᠧᠩ ᠰᠢᠶᠣᠤ ᠪᠢᠩ᠂ ᠰᠦᠨ ᠬᠠᠢ ᠲᠤᠤ᠂ ᠯᠢ ᠵᠢᠩ ᠵᠢᠩ᠂ ᠶᠠᠩ ᠮᠤ᠋᠂ ᠵᠤᠤ ᡁᠢ ᠭᠠᠩ᠂ ᠹᠦ᠋ ᠱᠧᠤ ᠯᠢ ᠂ ᠵᠠᠩ ᠭᠦᠸᠧ ᠬᠤᠸᠠ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠤᠯᠠᠭᠠᠨᠬᠠᠳᠠ ᠳᠡᠭᠡᠳᠦ ᠰᠤᠷᠭᠠᠭᠤᠯᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ