| ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠣᠶᠢᠷ᠎ᠠ ᠶᠢᠨ ᠡᠳᠦᠷ ᠬᠤᠷᠠᠯᠳᠤᠭᠤᠯᠤᠭᠰᠠᠨ ᠪᠥᠬᠦ ᠣᠷᠣᠨ ᠤ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠤᠷ ᠤᠨ | ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠠᠴᠠ ᠣᠶᠢᠯᠠᠭᠠᠭᠰᠠᠨ ᠢᠶᠠᠷ᠂ ᠣᠲᠣ ᠪᠣᠯᠲᠠᠯ᠎ᠠ᠂ ᠮᠠᠨ ᠤ ᠣᠷᠣᠨ ᠨᠢᠭᠡᠨᠲᠡ ᠰᠤᠮᠤ ᠰᠢᠶᠠᠩ ᠪᠠᠯᠭᠠᠰᠤ ︵ᠵᠡᠭᠡᠯᠢ | ᠭᠤᠳᠤᠮᠵᠢ︶ ᠶᠢᠨ ᠪᠠᠷᠢᠮᠵᠢᠶᠠᠵᠢᠭᠤᠯᠤᠭᠰᠠᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 1076᠂ ᠭᠠᠴᠠᠭ᠎ᠠ ᠲᠣᠰᠬᠤᠨ | ︵ᠨᠡᠶᠢᠭᠡᠮ ᠲᠣᠭᠤᠷᠢᠭ︶ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 5250 ᠪᠠᠶᠢᠭᠤᠯᠵᠤ᠂ ᠣᠨ ᠤ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠬᠤᠶᠠᠷ ᠰᠠᠷ᠎ᠠ ᠤᠷᠢᠳᠴᠢᠯᠠᠨ ᠳᠠᠪᠠᠭᠤᠯᠤᠨ ᠪᠡᠶᠡᠯᠡᠭᠦᠯᠪᠡ᠃ | ᠣᠶᠢᠯᠠᠭᠠᠭᠰᠠᠨ ᠢᠶᠠᠷ᠂ ᠡᠨᠡ ᠵᠢᠯ ᠮᠠᠨ ᠤ ᠣᠷᠣᠨ ︽ᠥᠪᠥᠷ ᠮᠣᠩᠭᠤᠯ ᠤᠨ 2023 ᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡᠨ ᠤ ᠥᠷᠲᠡᠭᠡ ︵ᠴᠡᠭ︶ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 15 ᠮᠢᠨᠦ᠋ᠲ ᠤᠨ ᠡᠮᠴᠢᠯᠡᠭᠡᠨ ᠤ | ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠦᠷᠢᠶ᠎ᠡ ᠶᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ ᠶᠢᠨ | ᠦᠢᠯᠡᠴᠢᠯᠡᠭᠡ ᠶᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ᠂ ᠨᠠᠮ ᠤᠨ ᠭᠡᠰᠢᠭᠦᠨ ᠤ ᠲᠥᠪ ᠡᠷᠦᠬᠡ ᠵᠢᠴᠢ ᠠᠵᠤ ᠠᠬᠤᠶᠢᠯᠠᠯ᠂ ᠰᠤᠷᠭᠠᠭᠤᠯᠢ ᠶᠢᠨ ᠬᠦᠷᠢᠶ᠎ᠡ᠂ ᠪᠠᠩᠬᠢ ᠵᠡᠷᠭᠡ ᠲᠠᠯᠠᠪᠤᠷ ᠥᠭᠡᠳᠡ | ᠥᠷᠭᠡᠳᠬᠡᠵᠦ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠰᠠᠭᠠᠳ ᠦᠭᠡᠢ ᠨᠡᠪᠲᠡᠷᠡᠭᠦᠯᠪᠡ᠃ ᠣᠲᠣ ᠪᠣᠯᠲᠠᠯ᠎ᠠ᠂ ᠪᠥᠬᠦ ᠣᠷᠣᠨ ᠤ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠴᠡᠭ ᠤᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠳᠠᠬᠢ | ᠪᠦᠷᠬᠦᠴᠡ ᠶᠢᠨ ᠨᠣᠷᠮ᠎ᠠ 100% ᠳᠤ ᠬᠦᠷᠴᠦ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠠᠬᠢ ᠪᠦᠷᠬᠦᠴᠡ ᠶᠢᠨ ᠨᠣᠷᠮ᠎ᠠ 80.43% ᠳᠤ ᠬᠦᠷᠴᠦ᠂ ᠣᠯᠠᠨ | ᠲᠦᠮᠡᠨ ᠳᠤ ᠳᠠᠭᠠᠳᠬᠠᠯ ᠳᠤ ᠣᠷᠤᠯᠴᠠᠬᠤ ᠳᠠᠩᠰᠠᠯᠠᠯᠲᠠ᠂ ᠣᠨᠳᠣᠣ ᠭᠠᠵᠠᠷ ᠲᠤ ᠡᠮᠴᠢᠯᠡᠭᠦᠯᠬᠦ ᠪᠠᠷ ᠳᠠᠩᠰᠠᠯᠠᠭᠤᠯᠬᠤ ᠵᠡᠷᠭᠡ ᠡᠮᠴᠢᠯᠡᠭᠡᠨ ᠤ ᠪᠠᠲᠤᠯᠠᠭ᠎ᠠ ᠶᠢᠨ | ᠲᠤᠬᠠᠶᠢᠯᠠᠭᠰᠠᠨ ᠠᠵᠢᠯ ᠢ ᠨᠡᠶᠢᠲᠡ 107 ᠲᠦᠮᠡᠨ ᠬᠤᠪᠢ ᠭᠦᠢᠴᠡᠳᠬᠡᠨ ᠥᠭᠴᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠶᠠᠪᠤᠳᠠᠯ | ᠭᠦᠢᠴᠡᠳᠬᠡᠬᠦ ᠶᠢᠨ ᠳᠥᠭᠦᠮ ᠳᠥᠲᠡ ᠴᠢᠨᠠᠷ ᠢ ᠲᠤᠶᠢᠯ ᠤᠨ ᠶᠡᠭᠡ ᠪᠠᠷ ᠳᠡᠭᠡᠭᠰᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠪᠥᠬᠦ ᠣᠷᠣᠨ ᠤ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠠᠵᠢᠯᠯᠠᠬᠤ ᠠᠷᠭ᠎ᠠ ᠪᠠᠨ ᠤᠯᠠᠮ | ᠨᠢᠭᠡ ᠠᠯᠬᠤᠮ ᠰᠢᠨᠡᠴᠢᠯᠡᠵᠦ᠂ ᠥᠷᠲᠡᠭᠡ ︵ᠴᠡᠭ︶ ᠶᠢᠨ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠬᠦ᠂ ᠥᠷᠲᠡᠭᠡ ︵ᠴᠡᠭ︶ ᠶᠢᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠬᠦ᠂ ᠣᠯᠠᠨ ᠲᠦᠮᠡᠨ ᠤ ᠣᠶᠢᠯᠠᠭᠠᠵᠤ ᠮᠡᠳᠡᠬᠦ ᠬᠡᠮᠵᠢᠶ᠎ᠡ ᠶᠢ ᠥᠷᠭᠡᠳᠬᠡᠬᠦ ᠳᠡᠭᠡᠷ᠎ᠡ ᠬᠦᠴᠦᠯᠡᠵᠦ᠂ ︽ᠨᠢᠭᠡ ᠥᠷᠲᠡᠭᠡ ᠴᠡᠭ ᠪᠠᠶᠢᠭᠤᠯᠪᠠᠯ ᠨᠢᠭᠡ ᠪᠦᠯᠦᠭ | ᠮᠡᠷᠭᠡᠵᠢᠯᠲᠡᠨ ᠢ ᠬᠥᠮᠥᠵᠢᠭᠦᠯᠵᠦ᠂ ᠨᠢᠭᠡ ᠪᠦᠯᠦᠭ ᠣᠯᠠᠨ ᠲᠦᠮᠡᠨ ᠳᠤ ᠦᠢᠯᠡᠴᠢᠯᠡᠬᠦ︾ ᠪᠠᠷ ᠬᠠᠷᠠᠯᠲᠠ ᠪᠣᠯᠭᠠᠨ᠂ ᠥᠷᠲᠡᠭᠡ ︵ᠴᠡᠭ︶ ᠶᠢᠨ ᠪᠦᠲᠦᠭᠡᠨ | ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠨ ᠬᠦ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | |