ᠯᠤᠸᠠᠨ ᠲᠢᠶᠠᠨ ᠮᠧᠩ ᠤᠯᠠᠭᠠᠨᠬᠠᠳᠠ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2023/7/31
     1.jpg
     ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠣᠶ ᠪᠣᠯᠬᠤ ᠭᠡᠵᠦ ᠪᠠᠶᠢᠭ᠎ᠠ ᠦᠶ᠎ᠡ ᠳᠤ᠂ 7 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠠᠭᠠᠷ ᠤᠨ ᠴᠡᠷᠢᠭ ᠤᠨ ᠤᠯᠠᠭᠠᠨᠬᠠᠳᠠ ᠳᠤ ᠰᠠᠭᠤᠭ᠎ᠠ ᠨᠢᠭᠡᠨ ᠴᠡᠷᠢᠭ ᠠᠩᠭᠢ ᠳᠤ ᠬᠦᠷᠴᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠣᠨ ᠪᠥᠬᠦ ᠬᠤᠲᠠ ᠶᠢᠨ ᠠᠷᠠᠳ ᠲᠦᠮᠡᠨ ᠤ ᠡᠮᠦᠨ᠎ᠡ ᠠᠴᠠ ᠳᠠᠷᠤᠭ᠎ᠠ ᠪᠠᠶᠢᠯᠳᠤᠭᠴᠢᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠬᠦᠷᠭᠡᠵᠦ᠂ ᠲᠡᠳᠡᠨ ᠤ ᠣᠷᠳᠣ ᠬᠤᠭᠤᠴᠠᠭᠠᠨ ᠤ ᠲᠤᠷᠰᠢ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠲᠣᠪᠣᠶᠢᠮ᠎ᠠ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠢᠯᠡᠳᠬᠡᠪᠡ᠃
     2.jpg
     ᠯᠤᠸᠠᠨ ᠲᠢᠶᠠᠨ ᠮᠧᠩ ᠴᠡᠷᠢᠭ ᠠᠩᠭᠢ ᠶᠢᠨ ᠪᠦᠲᠦᠭᠡᠨ ᠪᠠᠶᠢᠭᠤᠯᠤᠯᠲᠠ ᠪᠠ ᠳᠠᠷᠤᠭ᠎ᠠ ᠪᠠᠶᠢᠯᠳᠤᠭᠴᠢᠳ ᠤᠨ ᠰᠤᠷᠤᠯᠭ᠎ᠠ᠂ ᠪᠣᠯᠪᠠᠰᠤᠷᠠᠯ᠂ ᠵᠢᠵᠢᠭᠦᠷᠯᠡᠯᠲᠡ᠂ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠤᠷᠳᠤ ᠬᠤᠭᠤᠴᠠᠭᠠᠨ ᠤ ᠲᠤᠷᠰᠢ᠂  ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠰᠢ ᠶᠢᠨ ᠫᠢᠩ ᠤᠨ ᠴᠡᠷᠢᠭ ᠢᠶᠠᠨ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠷᠣᠨ ᠨᠤᠲᠤᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠳᠡᠮᠵᠢᠬᠦ ᠶᠢᠨ ᠬᠠᠮᠲᠤ ᠣᠷᠣᠯᠴᠠᠵᠤ᠂ ᠴᠡᠷᠢᠭ ᠠᠷᠠᠳ ᠬᠠᠮᠲᠤᠪᠠᠷ ᠪᠠᠶᠢᠭᠤᠯᠬᠤ ᠶᠢ ᠴᠢᠩᠭᠠᠳᠬᠠᠬᠤ᠂ ᠤᠯᠠᠭᠠᠨᠬᠠᠳᠠ ᠶᠢᠨ ᠬᠥᠭᠵᠢᠯᠲᠡ ᠳᠤ ᠦᠢᠯᠡᠴᠢᠯᠡᠬᠦ ᠵᠡᠷᠭᠡ ᠲᠠᠯ᠎ᠠ ᠪᠠᠷ ᠴᠢᠬᠤᠯᠠ ᠦᠢᠯᠡᠳᠦᠯ ᠦᠵᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠰᠦᠷ ᠵᠢᠪᠬᠤᠯᠠᠩᠲᠤ ᠴᠡᠷᠢᠭ ᠠᠩᠭᠢ᠂ ᠪᠣᠯᠪᠠᠰᠤᠨ ᠴᠡᠷᠢᠭ ᠠᠩᠭᠢ᠂ ᠢᠯᠠᠯᠲᠠ ᠶᠢᠨ ᠴᠡᠷᠢᠭ ᠠᠩᠭᠢ ᠶᠢᠨ ᠭᠡᠷᠡᠯ ᠰᠠᠴᠤᠷᠠᠩᠭᠤᠢ ᠳᠦᠷᠢ ᠲᠥᠷᠬᠦ ᠶᠢ ᠢᠯᠡᠷᠡᠭᠦᠯᠪᠡ᠃ ᠥᠷᠭᠡᠨ ᠤᠯᠠᠨ ᠳᠠᠷᠤᠭ᠎ᠠ ᠪᠠᠶᠢᠯᠳᠤᠭᠴᠢᠳ ᠰᠢᠯᠢᠳᠡᠭ ᠤᠯᠠᠮᠵᠢᠯᠠᠯ ᠪᠠ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦ ᠲᠠᠯ᠎ᠠ ᠳᠤ ᠰᠡᠳᠬᠢᠯ ᠲᠠᠯᠪᠢᠨ᠂ ᠶᠡᠭᠡ ᠲᠠᠯ᠎ᠠ ᠳᠤ ᠦᠢᠯᠡᠴᠢᠯᠡᠵᠦ᠂ ᠥᠩᠭᠡᠷᠡᠭᠰᠡᠨ ᠲᠠᠢ ᠪᠠᠨ ᠠᠳᠠᠯᠢ ᠪᠠᠷ ᠤᠯᠠᠭᠠᠨᠬᠠᠳᠠ ᠶᠢ ᠬᠠᠯᠠᠮᠵᠢᠯᠠᠨ ᠳᠡᠮᠵᠢᠵᠦ᠂ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠪᠡ᠃ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠤᠯᠠᠭᠠᠨᠬᠠᠳᠠ ᠳᠤ ᠰᠠᠭᠤᠭ᠎ᠠ ᠴᠡᠷᠢᠭ ᠠᠩᠭᠢ ᠶᠢᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠡᠮᠵᠢᠨ ᠪᠠᠲᠤᠯᠠᠵᠤ᠂ ᠴᠡᠷᠢᠭ ᠢᠶᠠᠨ ᠬᠦᠷᠢᠶᠡᠯᠡᠨ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠠᠩᠭᠢ ᠪᠣᠯᠣᠨ ᠳᠠᠷᠤᠭ᠎ᠠ ᠪᠠᠶᠢᠯᠳᠤᠭᠴᠢᠳ ᠲᠤ ᠦᠨᠡᠨ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠬᠤᠶᠠᠷ ᠢ ᠬᠦᠷᠢᠶᠡᠯᠡᠬᠦ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠶ᠎ᠡ ᠭᠡᠪᠡ᠃     ᠬᠤᠲᠠ ᠶᠢᠨ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ ᠬᠠᠮᠲᠤ ᠪᠠᠷ ᠲᠣᠬᠤᠨᠢᠭᠤᠯᠪᠠ᠃
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ